ᠤᠯᠠᠨ ᠭᠠᠵᠠᠷ ᠰᠣᠷᠣᠬᠤ ᠬᠡᠯᠪᠡᠷᠢ ᠶᠢᠨ ᠸᠠᠺᠼᠢᠨ ᠤ ᠲᠠᠷᠢᠯᠭ᠎ᠠ ᠬᠢᠵᠦ ᠡᠬᠢᠯᠡᠪᠡ︕
ᠨᠡᠶᠢᠲᠡᠯᠡᠭᠰᠡᠨ ᠴᠠᠭ᠄
2022/11/11
     11 ᠰᠠᠷ᠎ᠠ ᠶᠢᠨ 9 ᠤ ᠦᠳᠡᠰᠢ᠂ ᠶᠢᠨ ᠶᠦᠨ ᠮᠡᠳᠡᠭᠡ ᠨᠡᠶᠢᠲᠡᠯᠡᠵᠦ ᠬᠡᠯᠡᠬᠦ ᠳᠡᠭᠡᠨ᠂ ᠲᠢᠶᠠᠨᠵᠢᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ 11 ᠰᠠᠷ᠎ᠠ ᠶᠢᠨ 10 ᠤ ᠡᠳᠦᠷ ᠠᠴᠠ ᠡᠬᠢᠯᠡᠨ ᠂ ᠪᠥᠬᠦ ᠬᠤᠲᠠ ᠶᠢᠨ ᠬᠡᠪᠴᠢᠶᠡᠨ ᠳᠤ ᠳᠠᠬᠢᠨ ᠵᠣᠬᠢᠶᠠᠨ ᠪᠠᠶᠢᠭᠤᠯᠤᠭᠰᠠᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ︵5 ᠬᠡᠯᠪᠡᠷᠢ ᠶᠢᠨ ᠪᠤᠯᠴᠢᠷᠬᠠᠶ ᠶᠢᠨ ᠸᠢᠷᠦ᠋ᠰ ᠤᠨ ᠠᠴᠢᠶᠠᠯᠠᠪᠤᠷᠢ︶ ᠢ ᠰᠣᠷᠣᠵᠤ ᠣᠷᠣᠭᠤᠯᠤᠨ ᠡᠭᠡᠯᠢᠯᠡᠭᠡ ᠬᠢᠬᠦ ᠪᠠᠷ ᠲᠣᠭᠲᠠᠪᠠ᠃ ᠬᠤᠲᠠ ᠶᠢᠨ ᠠᠷᠠᠳ ᠪᠥᠬᠦ ᠬᠤᠲᠠ ᠶᠢᠨ 16 ᠲᠣᠭᠤᠷᠢᠭ ᠤᠨ ᠵᠢᠭᠠᠨ ᠲᠣᠭᠲᠠᠭᠠᠭᠰᠠᠨ ᠲᠠᠷᠢᠯᠭ᠎ᠠ ᠬᠢᠬᠦ ᠭᠠᠵᠠᠷ ᠲᠤ ᠤᠷᠢᠳᠴᠢᠯᠠᠨ ᠪᠣᠯᠵᠣᠵᠤ᠂ ᠺᠠᠩᠰᠢᠨᠤ᠋ ᠰᠣᠷᠣᠬᠤ ᠬᠡᠯᠪᠡᠷᠢ ᠶᠢᠨ ᠸᠠᠺᠼᠢᠨ ᠢ ᠦᠨ᠎ᠡ ᠲᠥᠯᠥᠪᠦᠷᠢ ᠥᠬᠡᠶ ᠪᠠᠷ ᠳᠠᠷᠢᠵᠤ ᠪᠣᠯᠤᠨ᠎ᠠ᠃     ᠲᠢᠶᠠᠨᠵᠢᠨ ᠠᠴᠠ ᠭᠠᠳᠠᠨ᠎ᠠ᠂ ᠣᠳᠣᠬᠠᠨ ᠳᠤ ᠦᠷᠦᠮᠴᠢ᠂ ᠱᠠᠩᠬᠠᠶ᠂ ᠰᠦᠵᠧᠦ᠂ ᠥᠰᠢ᠂ ᠶᠠᠩᠵᠸᠤ ᠵᠡᠷᠭᠡ ᠭᠠᠵᠠᠷ ᠤᠨ ᠬᠢᠨ ᠪᠠᠰᠠ ᠳᠠᠬᠢᠨ ᠵᠣᠬᠢᠶᠠᠨ ᠪᠠᠶᠢᠭᠤᠯᠤᠭᠰᠠᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ︵5 ᠬᠡᠯᠪᠡᠷᠢ ᠶᠢᠨ ᠪᠤᠯᠴᠢᠷᠬᠠᠶ ᠶᠢᠨ ᠸᠢᠷᠦ᠋ᠰ ᠤᠨ ᠠᠴᠢᠶᠠᠯᠠᠪᠤᠷᠢ︶ ᠢ ᠡᠬᠢᠯᠡᠨ ᠳᠠᠷᠢᠵᠤ ᠪᠠᠶᠢᠨ᠎ᠠ᠃ ᠣᠶᠢᠯᠠᠭᠠᠭᠰᠠᠨ ᠢᠶᠠᠷ᠂ ᠺᠠᠩᠰᠢᠨᠤ᠋ ᠶᠢᠨ ᠭᠠᠷᠭᠠᠭᠰᠠᠨ ᠪᠥᠬᠦ ᠳᠡᠯᠡᠬᠡᠶ ᠶᠢᠨ ᠠᠩᠬᠠᠳᠠᠭᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠣᠷᠣᠬᠤ ᠬᠡᠯᠪᠡᠷᠢ ᠶᠢᠨ ᠸᠠᠺᠼᠢᠨ ᠤ ᠣᠭ ᠶᠣᠰᠣ ᠨᠢ ᠭᠡᠪᠡᠯ ᠮᠠᠨᠠᠨᠵᠢᠭᠤᠯᠤᠭᠴᠢ ᠪᠠᠷ ᠸᠠᠺᠼᠢᠨ ᠢ ᠮᠠᠨᠠᠨᠵᠢᠭᠤᠯᠤᠨ ᠪᠢᠴᠢᠯ ᠮᠥᠬᠦᠯᠢᠭ ᠪᠣᠯᠭᠠᠵᠤ᠂ ᠠᠮᠠᠨ ᠬᠥᠨᠳᠡᠶ ᠪᠠᠷ ᠠᠮᠢᠰᠬᠤᠨ ᠣᠷᠣᠭᠤᠯᠬᠤ ᠠᠷᠭ᠎ᠠ ᠮᠠᠶ᠋ᠢᠭ ᠢᠶᠠᠷ ᠲᠠᠷᠢᠯᠭ᠎ᠠ ᠬᠢᠬᠦ ᠪᠣᠯᠤᠨ᠎ᠠ᠃    ᠲᠣᠰ ᠲᠠᠷᠢᠯᠭ᠎ᠠ ᠶᠢᠨ ᠶᠠᠪᠤᠴᠠ ᠳᠤ ᠵᠡᠭᠦᠦ ᠬᠠᠳᠬᠤᠬᠤ ᠴᠢᠬᠤᠯᠠ ᠥᠬᠡᠶ᠂ ᠠᠮᠢᠰᠬᠤᠭ᠎ᠠ ᠪᠠᠷ ᠳᠠᠮᠵᠢᠭᠤᠯᠤᠨ ᠪᠦᠲᠦᠮᠵᠢᠲᠡᠶ ᠡᠭᠡᠯᠢᠯᠡᠭᠡ ᠶᠢᠨ ᠬᠠᠮᠠᠭᠠᠯᠠᠯᠲᠠ ᠶᠢ ᠣᠯᠵᠤ ᠪᠣᠯᠤᠨ᠎ᠠ᠃ ᠵᠠᠷᠢᠮ ᠲᠠᠷᠢᠯᠭ᠎ᠠ ᠬᠢᠭᠰᠡᠨ ᠬᠥᠮᠦᠨ᠄ ︽ᠨᠢᠭᠡ ᠴᠣᠮᠣ ᠰᠦ ᠲᠠᠢ ᠴᠠᠶ ᠰᠣᠷᠣᠵᠤ ᠪᠠᠶᠢᠬᠤ ᠰᠢᠭ᠋᠂ ᠲᠡᠷᠡ ᠮᠥᠷᠲᠡᠭᠡᠨ ᠰᠣᠷᠣᠵᠤ ᠣᠷᠣᠭᠤᠯᠤᠭᠰᠠᠨ ᠠᠮᠲᠠ ᠨᠢ ᠵᠢᠭᠠᠬᠠᠨ ᠰᠢᠬᠢᠷᠯᠢᠭ ᠪᠠᠶᠢᠳᠠᠭ︾ ᠭᠡᠵᠦ ᠪᠤᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号