8 ᠳ᠋ᠤᠭᠠᠷ ᠰᠠᠷ᠎ᠠ ᠶᠢᠨ ᠲᠤᠮᠤ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2022/11/4
    8 ᠰᠠᠷ᠎ᠠ ᠶᠢᠨ 1 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠴᠡᠷᠢᠭ ᠪᠠᠶᠢᠭᠤᠯᠤᠭᠳᠠᠭᠰᠠᠨ 95 ᠵᠢᠯ ᠤᠨ ᠣᠢ ᠶᠢ ᠪᠡᠯᠭᠡᠯᠡᠬᠦ ᠭᠤᠣᠯ ᠰᠡᠳᠦᠪᠲᠦ ᠦᠵᠡᠭᠦᠯᠦᠯᠭᠡ ᠶᠢ ᠡᠬᠢᠯᠡᠭᠦᠯᠬᠦ ᠵᠢᠴᠢ ᠠᠩᠬᠠᠨ ᠤ ᠪᠦᠯᠦᠭ ᠴᠡᠷᠢᠭ ᠠᠴᠠ ᠬᠠᠯᠠᠭᠳᠠᠭᠰᠠᠳ ᠲᠤ ᠬᠠᠷᠠᠭᠠᠯᠵᠠᠯ ᠦᠵᠡᠭᠦᠯᠬᠦ ᠦᠨᠡᠮᠯᠡᠯ ᠣᠯᠭᠤᠬᠤ ᠶᠣᠰᠣᠯᠠᠯ ᠶᠠᠪᠤᠭᠳᠠᠪᠠ᠃ᠬᠤᠰᠢᠭᠤᠨ ᠤ ᠤᠳᠤᠷᠢᠳᠤᠯᠭ᠎ᠠ ᠹᠠᠩ ᠪᠠᠢ ᠱᠦᠨ᠂  ᠲᠡᠯᠭᠡᠷᠰᠡᠩ᠂ ᠱᠢ ᠵᠢᠶᠠ ᠴᠢᠶᠠᠩ᠂ ᠵᠠᠩ ᠶᠦᠨ ᠵᠧ᠂  ᠱᠦ ᠢᠦᠢ ᠰᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠡᠰᠡᠭ ᠴᠡᠷᠢᠭ ᠠᠴᠠ ᠬᠠᠯᠠᠭᠳᠠᠭᠰᠠᠳ ᠤᠨ ᠲᠥᠯᠥᠭᠡᠯᠡᠭᠴᠢ ᠣᠷᠣᠯᠴᠠᠵᠠᠢ᠃     8 ᠰᠠᠷ᠎ᠠ ᠶᠢᠨ 2  ᠤ ᠡᠳᠦᠷ᠂ ᠪᠡᠭᠡᠵᠢᠩ ᠬᠤᠲᠠ ᠶᠢᠨ ᠴᠣᠣᠶᠠᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠠᠩ ᠰᠢᠶᠣᠣ ᠳ᠋ᠦᠩ ᠨᠠᠷ ᠮᠠᠨ ᠤ ᠬᠤᠰᠢᠭᠤᠨ ᠳᠤ ᠢᠷᠡᠵᠥ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠪᠠᠶᠢᠴᠠᠭᠠᠨ ᠰᠤᠳᠤᠯᠪᠠ᠃ ᠪᠠᠶᠢᠴᠠᠭᠠᠨ ᠰᠤᠳᠤᠯᠤᠯᠲᠠ ᠶᠢᠨ ᠳᠤᠮᠳᠠ᠂ ᠬᠤᠶᠠᠷ ᠲᠠᠯ᠎ᠠ ᠪᠠᠷ ᠢᠶᠠᠨ ᠪᠠᠰᠠ 2022 ᠣᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠣᠬᠢᠷᠠᠭᠤᠯᠤᠯᠲᠠ᠂ 2021 ᠣᠨ ᠤ ᠪᠡᠭᠡᠵᠢᠩ ᠥᠪᠥᠷ ᠮᠣᠩᠭᠤᠯ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠶᠠᠩ ᠧᠨ ᠵᠧᠨ᠂ ᠸᠠᠩ ᠬᠠᠢ ᠯᠠᠨ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂  ᠨᠤᠭᠤᠰᠤᠳᠠᠢ ᠪᠠᠯᠭᠠᠰᠤ᠂  ᠵᠢᠷᠭᠠᠯᠠᠩ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃     8 ᠳ᠋ᠤᠭᠠᠷ ᠰᠠᠷ᠎ᠠ ᠶᠢᠨ 2 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠡᠰᠡᠭ ᠰᠢᠶᠠᠩ ᠪᠠᠯᠭᠠᠰᠤᠨ ᠳᠤ ᠬᠦᠷᠴᠦ᠂ ᠦᠶᠡᠷ ᠢ ᠰᠡᠷᠭᠡᠶᠢᠯᠡᠨ ᠭᠠᠮᠰᠢᠭ   ᠠᠴᠠ ᠠᠪᠤᠷᠠᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠴᠤ᠂ ᠭᠤᠣᠯ ᠴᠠᠭᠳᠠᠬᠤ ᠠᠵᠢᠯ ᠥᠷᠨᠢᠭᠦᠯᠪᠡ᠃    8 ᠰᠠᠷ᠎ᠠ ᠶᠢᠨ 4 ᠤ ᠡᠳᠦᠷ᠂ ᠲᠦᠩᠯᠢᠶᠣᠣ ᠬᠤᠲᠠ ᠶᠢᠨ ᠬᠥᠬᠡᠬᠤᠲᠠ ᠳᠤ ᠰᠠᠭᠤᠭ᠎ᠠ ᠬᠤᠯᠪᠣᠭ᠎ᠠ ᠠᠪᠬᠤ ᠭᠠᠵᠠᠷ ᠤᠨ ᠬᠤᠳᠠᠯᠳᠤᠭᠠᠴᠢᠨ ᠤᠷᠢᠬᠤ ᠲᠤᠰᠬᠠᠢ ᠠᠩᠭᠢ ᠶᠢᠨ ᠭᠡᠰᠢᠭᠦᠨ ᠯᠢᠦ ᡁᠢ  ᠡᠾᠦ᠋ᠢ᠂  ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠵᠢᠷᠭᠤᠳᠤᠭᠠᠷ ᠰᠤᠳᠤᠯᠭᠠᠨ ᠤ ᠬᠦᠷᠢᠶᠡᠯᠡᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠳᠠᠭᠠᠭᠤᠯᠤᠨ ᠮᠠᠨ ᠤ ᠬᠤᠰᠢᠭᠤᠨ ᠳᠤ ᠬᠦᠷᠴᠦ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ᠂  ᠢᠯᠭᠠᠳᠠᠰᠦ‌‍ᠪᠣᠬᠢᠷᠳᠤᠯ ᠤᠨ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠲᠥᠷᠥᠯ ᠵᠦᠢᠯ ᠤᠨ ᠲᠤᠬᠠᠢ ᠶᠠᠷᠢᠯᠴᠠᠨ ᠰᠣᠯᠢᠯᠴᠠᠪᠠ᠃ ᠬᠤᠰᠢᠭᠤᠨ ᠳᠡᠳ᠋ ᠳᠠᠷᠤᠭ᠎ᠠ ᠲᠦᠩ ᠭᠦᠸᠧ ᠪᠢᠶᠣᠣ᠂ ᠲᠦᠩᠯᠢᠶᠣᠣ ᠶᠢᠨ ᠠᠵᠤ ᠦᠢᠯᠡᠰ ᠢ ᠰᠢᠯᠵᠢᠬᠦᠯᠦᠨ ᠳᠠᠭᠠᠭᠠᠨ ᠠᠪᠬᠤ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠵᠢᠩ ᠪᠥᠸᠧ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃      8 ᠰᠠᠷ᠎ᠠ ᠶᠢᠨ 6 ᠤ ᠡᠳᠦᠷ᠂  ᠱᠧᠨᠶᠠᠩ  ᠬᠤᠳᠠ ᠶᠢᠨ ᠲᠦᠩᠯᠢᠶᠣᠣ ᠬᠤᠳᠠᠯᠳᠤᠭᠠᠴᠢᠳ ᠤᠨ ᠡᠪᠯᠡᠯ ᠤᠨ ᠨᠠᠷᠢᠨ ᠪᠢᠴᠢᠭ ᠤᠨ ᠳᠠᠷᠤᠭ᠎ᠠ ᠵᠢᠶᠠᠩ ᡁᠢ ᠴᠢᠶᠠᠩ᠂ ᠵᠥᠩ ᠨᠧᠩ ᠯᠧ ᠴᠧᠩ ︵ᠯᠢᠶᠣᠤᠨᠢᠩ︶ ᠤᠨ ᠠᠵᠤ ᠦᠢᠯᠡᠰ ᠤᠨ ᠬᠦᠷᠢᠶᠡᠯᠡᠩ ᠤᠨ ᠡᠵᠡᠩᠨᠡᠯᠲᠡ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠦᠸᠧ ᠶᠠᠨ ᠪᠢᠨ᠂ ᠯᠢᠶᠣᠤᠨᠢᠩ ᠤᠨ ᠶᠧᠦ ᠮᠢᠩ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠱᠢ ᠵᠧ ᠨᠠᠷ ᠮᠠᠨ ᠤ ᠬᠤᠰᠢᠭᠤᠨ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠢᠵᠦ᠂ ᠬᠤᠭ ᠨᠣᠪᠰᠢ ᠪᠤᠯᠠᠵᠤ ᠰᠢᠢᠳᠪᠦᠷᠢᠯᠡᠬᠦ᠂ ᠲᠥᠪ ᠲᠣᠭᠤᠭᠠᠨ ᠭᠡᠷ᠂ ᠠᠯᠠᠰᠢᠨ ᠦᠬᠡᠷ ᠨᠢᠲᠤᠯᠵᠤ ᠪᠣᠯᠪᠠᠰᠤᠷᠠᠭᠤᠯᠬᠤ ᠵᠡᠷᠭᠡ ᠲᠠᠯ᠎ᠠ ᠪᠠᠷ ᠭᠤᠣᠯᠳᠠᠯᠭ᠎ᠠ ᠪᠣᠯᠭᠠᠨ ᠰᠠᠨᠠᠯ ᠢᠶᠠᠨ ᠰᠣᠯᠢᠯᠴᠠᠪᠠ᠃ ᠬᠤᠰᠢᠭᠤᠨ  ᠳᠡᠳ᠋ ᠳᠠᠷᠤᠭ᠎ᠠ ᠲᠦᠩ ᠭᠦᠸᠧ ᠪᠢᠶᠣᠣ᠂ ᠯᠢᠶᠠᠩ ᠰᠢᠦᠢ ᠪᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃     8 ᠰᠠᠷ᠎ᠠ ᠶᠢᠨ 8 ᠤ ᠡᠳᠦᠷ᠂ ᠰᠤᠩᠭᠠᠷᠢ ᠮᠥᠷᠡᠨ ᠬᠢᠭᠡᠳ ᠯᠢᠶᠣᠤᠾᠧ ᠭᠤᠣᠯ ᠤᠨ ᠤᠰᠤᠨ ᠰᠢᠨᠵᠢᠯᠡᠭᠡᠨ ᠤ ᠲᠣᠪᠴᠢᠶ᠎ᠠ ᠶᠢᠨ ᠲᠣᠪᠴᠢᠶᠠᠨ ᠳᠠᠷᠤᠭ᠎ᠠ ᠨᠢᠩ ᠹᠠᠩ ᠬᠦᠶ ᠨᠠᠷ ᠮᠠᠨ ᠤ ᠬᠤᠰᠢᠭᠤᠨ ᠤ ᠵᠡᠭᠦᠨ ᠦ᠋ ᠵᠢᠶᠠ ᠽᠢ ᠤᠰᠤᠨ ᠴᠥᠭᠦᠷᠥᠮ᠂ ᠵᠡᠭᠦᠨ ᠯᠢᠶᠣᠤᠾᠧ ᠭᠤᠣᠯ ᠤᠨ ᠬᠡᠰᠡᠭ ᠠᠶᠤᠯᠲᠠᠢ ᠪᠠᠷᠢᠯᠭ᠎ᠠ ᠶᠢᠨ ᠬᠡᠰᠡᠭ᠂  ᠬᠠᠯᠢᠭᠤᠳᠤ ᠨᠠᠭᠤᠷ  ᠵᠡᠷᠭᠡ ᠭᠠᠵᠠᠷ ᠢᠶᠠᠷ ᠭᠦᠨᠵᠡᠭᠡᠶᠢᠷᠡᠵᠦ ᠦᠶᠡᠷ ᠤᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠠᠶᠤᠯ   ᠠᠴᠠ ᠠᠪᠤᠷᠠᠵᠤ ᠭᠠᠮᠰᠢᠭ   ᠠᠴᠠ ᠠᠪᠤᠷᠠᠬᠤ ᠠᠵᠢᠯ   ᠢ ᠵᠢᠯᠣᠭᠤᠳᠪᠠ᠃ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠸᠠᠩ ᠬᠠᠢ ᠯᠠᠨ᠂ ᠬᠤᠰᠢᠭᠤᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠪᠠᠷ᠎ᠠ ᠪᠣᠯᠪᠠ᠃    8 ᠰᠠᠷ᠎ᠠ ᠶᠢᠨ 8 ᠤ ᠡᠳᠦᠷ᠂ ᠪᠡᠭᠡᠵᠢᠩ ᠬᠤᠲᠠ ᠶᠢᠨ ᠴᠣᠣᠶᠠᠩ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠲᠢᠶᠠᠨ ᠴᠤᠸᠠᠨ ᠨᠠᠷ ᠮᠠᠨ ᠤ ᠬᠤᠰᠢᠭᠤᠨ ᠳᠤ ᠭᠦᠨᠵᠡᠭᠡᠶᠢᠷᠡᠨ ᠪᠡᠭᠡᠵᠢᠩ ᠬᠤᠲᠠ ᠶᠢᠨ ᠴᠣᠣᠶᠠᠩ ᠲᠣᠭᠤᠷᠢᠭ ᠬᠢᠭᠡᠳ ᠥᠪᠥᠷ ᠮᠣᠩᠭᠤᠯ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠠᠵᠢᠯ ᠤᠨ ᠶᠠᠷᠢᠯᠴᠠᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠬᠤᠰᠢᠭᠤᠨ ᠳᠡᠳ᠋ ᠳᠠᠷᠤᠭ᠎ᠠ ᠶᠠᠩ ᠧᠨ ᠵᠧᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃    8 ᠰᠠᠷ᠎ᠠ ᠶᠢᠨ 9 ᠤ ᠡᠳᠦᠷ᠂ ᠬᠤᠲᠠ ᠶᠢᠨ  ᠲᠡᠳ᠋  ᠳᠠᠷᠤᠭ᠎ᠠ ᠰᠦᠨ ᠯᠧ ᠮᠠᠨ ᠤ ᠬᠤᠰᠢᠭᠤᠨ ᠤ  ᠴᠠᠷᠠᠰᠦ ᠪᠠᠯᠭᠠᠰᠤᠨ ᠤ ᠵᠡᠭᠦᠨ ᠦ᠋ ᠵᠢᠶᠠ ᠽᠢ ᠤᠰᠤᠨ ᠴᠥᠭᠦᠷᠥᠮ᠂ ᠱᠤᠸᠠᠩ ᠱᠧᠩ ᠪᠠᠯᠭᠠᠰᠤᠨ ᠳᠤ ᠬᠦᠢᠷᠴᠤ ᠦᠶᠡᠷ ᠲᠠᠢ ᠲᠡᠮᠡᠴᠡᠨ ᠤᠰᠤᠲᠤᠯ ᠢ ᠵᠠᠯᠠᠵᠤ ᠭᠠᠮᠰᠢᠭ ᠠᠴᠠ ᠠᠪᠤᠷᠠᠬᠤ ᠠᠵᠢᠯ ᠢ ᠪᠠᠶᠢᠴᠠᠭᠠᠨ ᠵᠢᠯᠤᠭᠤᠳᠬᠤ ᠶᠢᠨ ᠬᠠᠮᠲᠤ ᠬᠡᠰᠡᠭ ᠭᠠᠮᠰᠢᠭᠳᠠᠭᠰᠠᠨ ᠶᠠᠳᠠᠭᠤ ᠬᠦᠴᠢᠷᠳᠡᠯᠲᠡᠢ ᠤᠯᠠᠨ ᠲᠦᠮᠡᠨ ᠤ ᠭᠡᠷ ᠲᠤ ᠬᠦᠢᠷᠴᠤ ᠲᠣᠬᠤᠨᠢᠭᠤᠯᠵᠤ᠂ ᠤᠯᠠᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠪᠡᠷᠬᠡᠰᠢᠶᠡᠯ ᠢ ᠬᠠᠮᠲᠤ ᠪᠠᠷ ᠢᠯᠠᠨ ᠳᠠᠪᠠᠭ᠋ᠤ ᠬᠡᠷᠠᠭᠲᠠᠢ ᠭᠡᠵᠦ ᠵᠣᠷᠢᠭᠵᠢᠭᠤᠯᠵᠠᠢ᠃ᠬᠤᠰᠢᠭᠤᠨ   ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ᠂ ᠳᠡᠳ᠋ ᠳᠠᠷᠤᠭ᠎ᠠ ᠵᠠᠩ ᠶᠦᠨ ᠵᠧ ᠵᠢᠴᠢ ᠬᠤᠲᠠ ᠬᠤᠰᠢᠭᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃     8 ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠳᠠᠷᠤᠭ᠎ᠠ  ᠪᠠᠳᠤᠳᠡᠯᠭᠡᠷ ᠨᠠᠷ ᠮᠠᠨ ᠤ ᠬᠤᠰᠢᠭᠤᠨ ᠳᠤ ᠢᠷᠡᠵᠥ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠲᠤᠬᠠᠢ ᠬᠠᠪᠰᠤᠷᠤᠨ ᠲᠡᠳᠬᠦᠬᠦ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ᠬᠤᠰᠢᠭᠤᠨ  ᠳᠡᠳ᠋ ᠳᠠᠷᠤᠭ᠎ᠠ ᠯᠢᠶᠠᠩ ᠰᠢᠦᠢ ᠪᠢᠨ ᠵᠢᠴᠢ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠡᠮᠨᠡᠯᠭᠡ ᠶᠢᠨ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠵᠠᠢ᠃    8 ᠰᠠᠷ᠎ᠠ ᠶᠢᠨ 12 ᠤ ᠡᠳᠦᠷ᠂ ᠲᠦᠩᠯᠢᠶᠣᠣ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠵᠠᠩ ᠢᠦᠢ ᠴᠢᠩ ᠤᠨ ᠲᠠᠨᠢᠯᠴᠠᠭᠤᠯᠭ᠎ᠠ ᠪᠠᠷ᠂ ᠼᠠᠩ ᠵᠧᠦ ᠶᠢᠨ ᠯᠦᠩ ᠲᠠᠢ ᠳ᠋ᠢ ᠬᠤᠭᠤᠯᠠᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠮᠠᠨ ᠤ ᠬᠤᠰᠢᠭᠤᠨ ᠳᠤ ᠢᠷᠡᠵᠦ ᠲᠥᠷᠥᠯ ᠵᠦᠢᠯ ᠤᠨ ᠬᠡᠯᠡᠯᠴᠡᠭᠡᠷ ᠬᠢᠵᠡᠢ᠃    8 ᠰᠠᠷ᠎ᠠ ᠶᠢᠨ 18 ᠤ ᠡᠳᠦᠷ᠂ ᠬᠤᠰᠢᠭᠤᠨ  ᠳᠡᠳ᠋ ᠳᠠᠷᠤᠭ᠎ᠠ ᠵᠠᠩ ᠶᠦᠨ ᠵᠧ  ᠵᠢᠷᠭᠠᠯᠠᠩ ᠤᠨ ᠬᠤᠪᠢᠰᠬᠠᠯ ᠤᠨ ᠰᠣᠶᠣᠯ ᠤᠨ ᠬᠥᠮᠦᠵᠢᠯ ᠤᠨ ᠰᠠᠭᠤᠷᠢᠨ᠂ ᠭᠠᠨᠵᠤᠭ᠎ᠠ ᠶᠢᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠬᠦᠷᠴᠦ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠵᠠᠰᠠᠨ ᠪᠠᠶᠢᠭᠤᠯᠬᠤ ᠠᠵᠢᠯ ᠢ ᠵᠢᠯᠣᠭᠤᠳᠤᠨ  ᠠᠬᠢᠭᠤᠯᠪᠠ  ᠃ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂  ᠵᠢᠷᠭᠠᠯᠠᠩ  ᠪᠠᠯᠭᠠᠰᠤ᠂ ᠭᠠᠨᠵᠤᠭ᠎ᠠ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠵᠠᠢ᠃     8 ᠰᠠᠷ᠎ᠠ ᠶᠢᠨ 22 ᠤ ᠡᠳᠦᠷ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂  ᠬᠤᠳᠠ ᠶᠢᠨ ᠳᠡᠳ᠋ ᠳᠠᠷᠤᠭ᠎ᠠ ᠸᠧᠢ ᠬᠤᠩ ᠲᠤᠸ ᠨᠠᠷ  ᠪᠠᠭᠠᠳᠠᠯ᠎ᠠ ᠰᠤᠮᠤ᠂ ᠭᠠᠨᠵᠤᠭ᠎ᠠ ᠪᠠᠯᠭᠠᠰᠤᠨ ᠤ ᠬᠡᠰᠡᠭ ᠭᠠᠮᠰᠢᠭᠳᠠᠭᠰᠠᠨ ᠭᠠᠴᠠᠭ᠎ᠠ ᠲᠣᠰᠬᠤᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠦᠶᠡᠷ ᠤᠰᠤᠲᠤᠯ ᠢ ᠵᠠᠯᠠᠵᠤ ᠭᠠᠮᠰᠢᠭᠳᠠᠭᠰᠠᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ   ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ᠂ ᠬᠤᠰᠢᠭᠤᠨ  ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠬᠤᠰᠢᠭᠤᠨ ᠳᠡᠳ᠋ ᠳᠠᠷᠤᠭ᠎ᠠ ᠯᠢᠦ ᠸᠧᠨ ᠰᠢ᠂ ᠬᠤᠯᠪᠣᠭᠳᠠᠯ ᠪᠦᠬᠦᠢ ᠨᠢᠭᠡᠴᠡ᠂ ᠰᠤᠮᠤ ᠪᠠᠯᠭᠠᠰᠤ ᠲᠠᠯᠠᠪᠠᠶ ᠵᠢᠴᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃     8 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠬᠠᠢ ᠪᠥᠸᠧ ᠨᠠᠷ ᠭᠠᠨᠵᠤᠭ᠎ᠠ ᠪᠠᠯᠭᠠᠰᠤᠨ ᠤ ᠬᠤᠵᠢᠷ ᠭᠠᠴᠠᠭ᠎ᠠ᠂  ᠬᠠᠯᠢᠭᠤᠳᠤ ᠪᠠᠯᠭᠠᠰᠤᠨ ᠤ ᠬᠤᠸᠠ ᠬᠤᠰᠢᠭᠤ ᠭᠠᠴᠠᠭ᠎ᠠ᠂  ᠴᠠᠷᠠᠰᠦ ᠪᠠᠯᠭᠠᠰᠤᠨ ᠤ ᠵᠡᠭᠦᠨ ᠦ᠋ ᠵᠢᠶᠠ ᠽᠢ ᠤᠰᠤᠨ ᠴᠥᠭᠦᠷᠥᠮ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤᠨ ᠲᠡᠳ᠋ ᠳᠠᠷᠤᠭ᠎ᠠ ᠯᠢᠦ ᠸᠧᠨ ᠰᠢ᠂ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠪᠠ᠃     8 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠰᠢᠶᠠᠨ ᠤ ᠬᠡᠪᠴᠢᠶᠡᠨ ᠤ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠢ  ᠠᠬᠢᠭᠤᠯᠬᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ᠂ ᠬᠤᠰᠢᠭᠤᠨ ᠳᠡᠳ᠋ ᠳᠠᠷᠤᠭ᠎ᠠ ᠯᠢᠶᠠᠩ ᠰᠢᠦᠢ ᠪᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃    8 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠳᠡᠳ᠋ ᠱᠦᠵᠢ ᠹᠠᠨ ᠮᠧᠩ ᠭᠤᠸᠠᠩ ᠨᠠᠷ ᠮᠠᠨ ᠤ ᠬᠤᠰᠢᠭᠤᠨ ᠤ ᠭᠠᠨᠵᠤᠭ᠎ᠠ ᠪᠠᠯᠭᠠᠰᠤᠨ ᠤ ᠬᠡᠰᠡᠭ ᠠᠶᠢᠯ ᠲᠣᠰᠬᠤᠨ ᠳᠤ ᠭᠦᠨᠵᠡᠭᠡᠶᠢᠷᠡᠵᠦ᠂ ᠭᠠᠮᠰᠢᠭ ᠤᠨ ᠳᠠᠷᠠᠭᠠᠬᠢ ᠠᠷᠢᠭᠤᠳᠬᠠᠯ ᠤᠨ ᠡᠬᠢ ᠰᠤᠷᠪᠤᠯᠵᠢ ᠶᠢ ᠤᠰᠠᠳᠬᠠᠬᠤ ᠵᠡᠷᠭᠡ ᠠᠵᠢᠯ ᠢ ᠵᠢᠯᠣᠭᠤᠳᠪᠠ᠃ ᠬᠤᠰᠢᠭᠤᠨ ᠳᠡᠳ᠋ ᠳᠠᠷᠤᠭ᠎ᠠ ᠯᠢᠶᠠᠩ ᠰᠢᠦᠢ ᠪᠢᠨ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠵᠢᠴᠢ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠭᠠᠨᠵᠤᠭ᠎ᠠ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠵᠠᠢ᠃8 ᠰᠠᠷ᠎ᠠ   ᠶᠢᠨ 29 ᠤ ᠡᠳᠦᠷ ᠳᠤᠮᠳᠠᠳᠤ ᠤᠯᠤᠰ ᠤᠨ ᠴᠢᠯᠠᠭᠤᠨ ᠲᠣᠰᠣᠨ ᠤ ᠶᠡᠭᠡ ᠰᠤᠷᠭᠠᠭᠤᠯᠢ ︵ᠳᠣᠷᠣᠨᠠᠲᠤ ᠣᠷᠣᠨ︶ ᠶᠢᠨ ᠠᠵᠢᠯᠴᠢᠨ ᠤ ᠡᠪᠯᠡᠯ ᠤᠨ ᠲᠡᠷᠢᠭᠦᠯᠡᠭᠴᠢ ᠸᠠᠩ ᠳ᠋ᠧ ᠵᠤᠤ ᠨᠠᠷ ᠮᠤᠳᠤᠳᠤ ᠰᠤᠮᠤ   ᠶᠢᠨ  ᠤᠯᠠᠭᠠᠠᠤᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠨᠡᠷᠡᠨ ᠨᠣᠮ ᠤᠨ ᠥᠷᠥᠭᠡ   ᠶᠢ ᠡᠭᠦᠳᠦᠨ ᠪᠦᠲᠦᠭᠡᠬᠦ ᠨᠡᠶᠢᠲᠡ   ᠶᠢᠨ ᠠᠰᠠᠷᠠᠮᠵᠢ   ᠶᠢᠨ ᠬᠠᠨᠳᠢᠪᠯᠡᠬᠤ ᠠᠵᠢᠯᠯᠠᠭ᠎ᠠ ᠥᠷᠨᠢᠭᠦᠯᠪᠡ᠃ ᠬᠤᠰᠢᠭᠤᠨ   ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠶᠢᠦ ᠲᠢᠩ ᠰᠢᠸ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠮᠤᠳᠤᠳᠤ ᠰᠤᠮᠤ ᠶᠢᠨ ᠭᠤᠣᠯ ᠬᠠᠷᠢᠭᠤᠴᠠᠯᠭᠠᠲᠠᠨ ᠣᠷᠣᠯᠴᠠᠵᠠᠢ᠃    8 ᠰᠠᠷ᠎ᠠ ᠶᠢᠨ 30 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ︽ᠬᠤᠷᠢᠳᠤᠭᠠᠷ ᠶᠡᠭᠡ ᠬᠤᠷᠠᠯ  ᠢ ᠪᠠᠶᠠᠷᠯᠠᠨ ᠤᠬᠳᠤᠵᠥ ᠰᠢᠨ᠎ᠡ ᠠᠶᠠᠨ  ᠳᠤ ᠡᠷᠡᠯᠬᠡᠭᠯᠡᠨ  ᠤᠷᠤᠬᠰᠢᠯᠠᠶ᠎ᠠ︾ ᠭᠡᠬᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠲᠡᠳᠬᠦᠬᠦ ᠲᠥᠷᠥᠯ ᠵᠦᠢᠯ ︱ ᠬᠠᠯᠠᠭᠤᠨ ᠳᠤᠯᠠᠭᠠᠨ ᠭᠡᠷ ᠣᠷᠣᠨ ᠤ ᠡᠬᠢᠯᠡᠯᠲᠡ ᠶᠢᠨ ᠶᠣᠰᠣᠯᠠᠯ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠧᠨ ᠵᠧᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠠᠩ ᠰᠢᠶᠣᠣ ᠶᠠᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠶᠠᠩ ᠰᠢᠦᠢ ᠪᠢᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠹᠦ᠋ ᠷᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠪᠠᠯᠭᠠᠰᠤᠨ ᠤ ᠲᠠᠯᠠᠪᠠᠶ᠂ ᠭᠠᠨᠵᠤᠭ᠎ᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠵᠠᠢ᠃
 
ᠢᠷᠡᠯᠲᠡ᠄ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号