9  ᠳ᠋ᠤᠭᠡᠷ ᠰᠠᠷ᠎ᠠ  ᠶᠢᠨ ᠲᠤᠮᠤ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2022/11/8
    9 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠭᠠᠵᠠᠷ ᠣᠷᠣᠨ ᠤ ᠬᠥᠭᠵᠢᠭᠦᠯᠦᠨ ᠮᠠᠨᠳᠤᠭᠤᠯᠬᠤ ᠭᠠᠵᠠᠷ ᠤᠨ ᠳᠠᠷᠤᠭ᠎ᠠ ᠸᠧᠢ ᠯᠢᠩ ᠨᠠᠷ ᠮᠠᠨ ᠤ ᠬᠤᠰᠢᠭᠤᠨ ᠳᠤ  ᠢᠷᠡᠵᠥ᠂  ᠬᠠᠯᠢᠭᠤᠳᠤ ᠪᠠᠯᠭᠠᠰᠤᠨ ᠤ ᠰᠤᠨᠳᠤᠤ‌ᠭᠠᠴᠠᠭ᠎ᠠ᠂  ᠴᠠᠷᠠᠰᠦ ᠪᠠᠯᠭᠠᠰᠤᠨ ᠤ ᠵᠡᠭᠦᠨ ᠦ᠋ ᠵᠢᠶᠠ ᠽᠢ ᠤᠰᠤᠨ ᠴᠥᠭᠦᠷᠥᠮ ᠳᠤ ᠭᠦᠨᠵᠡᠭᠡᠶᠢᠷᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠦᠶᠡᠷ ᠢ ᠰᠡᠷᠭᠡᠶᠢᠯᠡᠵᠦ ᠤᠰᠤᠲᠤᠯ ᠢ ᠵᠠᠯᠠᠭᠰᠠᠨ ᠪᠠᠶᠢᠳᠠᠯ ᠢ ᠪᠠᠶᠢᠴᠠᠭᠠᠨ ᠦᠵᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠸᠧᠨ ᠰᠢ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂  ᠬᠠᠯᠢᠭᠤᠳᠤ ᠪᠠᠯᠭᠠᠰᠤ᠂  ᠴᠠᠷᠠᠰᠦ ᠪᠠᠯᠭᠠᠰᠤᠨ ᠤ ᠬᠠᠷᠢᠭᠤᠴᠠᠯᠭᠠᠲᠠᠨ ᠪᠠᠷ᠎ᠠ ᠪᠣᠯᠪᠠ᠃      9 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠭᠠᠵᠠᠷ ᠤᠨ ᠳᠠᠷᠤᠭ᠎ᠠ ᠸᠠᠩ ᠬᠦᠶ ᠫᠢᠩ ᠨᠠᠷ ᠮᠠᠨ ᠤ ᠬᠤᠰᠢᠭᠤᠨ ᠳᠤ  ᠢᠷᠡᠵᠥ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠬᠠᠮᠢᠶ᠎ᠠ ᠪᠦᠬᠦᠢ ᠤᠴᠢᠷ   ᠢ ᠲᠤᠭᠤᠷᠢᠨ ᠪᠠᠶᠢᠴᠭᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠬᠠᠢ ᠯᠠᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠪᠠᠷ᠎ᠠ ᠪᠣᠯᠪᠠ᠃     9 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ  ᠲᠡᠳ᠋ ᠳᠠᠷᠤᠭ᠎ᠠ ᠯᠢᠦ ᠸᠧᠨ ᠰᠢ᠂ ᠬᠤᠰᠢᠭᠤᠨ ᠤ ᠵᠠᠰᠠᠭ ᠤᠨ ᠣᠷᠳᠣᠨ ᠤ  ᠲᠡᠳ᠋ ᠳᠠᠷᠤᠭ᠎ᠠ ᠲᠦᠩ ᠭᠦᠸᠧ ᠪᠢᠶᠣᠣ ᠬᠠᠮᠲᠤ ᠪᠠᠷ ᠪᠦᠭᠦ ᠬᠤᠰᠢᠭᠤᠨ ᠤ ᠭᠤᠣᠯᠳᠠᠯᠭ᠎ᠠ ᠲᠠᠢ ᠳᠦᠷᠦᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠡᠯ᠎ᠡ ᠭᠤᠣᠯᠳᠠᠯᠭ᠎ᠠ ᠲᠠᠢ ᠳᠦᠷᠦᠯ ᠵᠦᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠠᠭᠤᠯᠭ᠎ᠠ ᠶᠢ ᠲᠣᠬᠢᠷᠠᠭᠤᠯᠤᠨ ᠠᠬᠢᠭᠤᠯᠵᠠᠢ᠃ ᠲᠦᠩᠯᠢᠶᠣᠣ ᠶᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠠᠵᠤ ᠦᠢᠯᠡᠰ ᠢ ᠰᠢᠯᠵᠢᠬᠦᠯᠦᠨ ᠵᠤᠯᠭᠠᠭᠤᠯᠬᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠷᠬᠢᠯᠡᠭᠴᠢ ᠵᠠᠩ ᠵᠢᠩ ᠪᠥᠸᠧ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃     9 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠲᠡᠳ᠋ ᠳᠠᠷᠤᠭ᠎ᠠ ᠯᠢᠦ ᠸᠧᠨ ᠰᠢ᠂ ᠪᠦᠭᠦ ᠬᠤᠰᠢᠭᠤᠨ ᠤ ᠬᠠᠤᠯᠢ ᠠᠴᠠ ᠵᠥᠷᠢᠴᠡᠨ ᠭᠠᠵᠠᠷ  ᠭᠡᠷᠡᠭᠯᠡᠭᠰᠡᠨ ᠢ ᠢᠯᠭᠠᠷᠠᠭᠤᠯᠤᠨ ᠴᠡᠭᠴᠡᠯᠡᠬᠦ  ︽ᠡᠷᠭᠢᠵᠦ ᠬᠠᠷᠠᠬᠤ︾ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠵᠤᠷᠪᠤᠰ ᠳᠠᠷᠠᠭᠠᠯᠠᠨ ᠵᠠᠳᠠᠯᠤᠨ ᠰᠢᠨᠵᠢᠯᠡᠵᠦ᠂ ᠰᠤᠳᠤᠯᠤᠨ ᠮᠠᠭᠠᠳᠯᠠᠵᠤ᠂ ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ  ᠪᠠᠯᠭᠠᠰᠤ ᠲᠠᠯᠠᠪᠠᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃     9 ᠰᠠᠷ᠎ᠠ ᠶᠢᠨ 16 ᠤ ᠡᠳᠦᠷ᠂ ᠬᠤᠰᠢᠭᠤᠨ  ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠰᠢᠶᠠᠩ ᠭᠦᠸᠧ ᠸᠧᠢ ᠭᠠᠨᠵᠤᠭ᠎ᠠ ᠪᠠᠯᠭᠠᠰᠤᠨ ᠤ ᠭᠤᠣᠯ ᠰᠤᠷᠭᠠᠭᠤᠯᠢ ᠶᠢᠨ ᠪᠠᠭᠰᠢ  ᠤᠶᠤᠨᠪᠢᠯᠢᠭ᠌᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ  ᠭᠠᠳᠠᠷ ᠨᠢᠭᠡᠳᠦᠭᠡᠷ ᠰᠠᠯᠠᠭᠠᠨ ᠤ ᠳᠡᠳ᠋ ᠡᠷᠬᠢᠯᠡᠭᠴᠢ ᠪᠦᠦ ᠹᠧᠩ ᠪᠠᠢ ᠵᠡᠷᠭᠡ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠲᠠᠢ  ᠨᠦᠬᠦᠷᠯᠡᠵᠥ ᠰᠤᠯᠢᠯᠴᠠᠬᠤ ᠠᠵᠢᠯᠯᠠᠭ᠎ᠠ ᠦᠷᠨᠢᠬᠦᠯᠵᠥ᠂  ᠬᠠᠮᠳᠤ ᠳᠤᠨᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠢᠮᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠶᠠᠷᠢᠯᠴᠠᠨ ᠰᠣᠯᠢᠯᠴᠠᠪᠠ᠃ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠵᠠᠢ᠃    9 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠪᠦᠯᠬᠦᠮ ᠳᠠᠭᠠᠭᠤᠯᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠴᠢᠳᠬᠤᠯᠲᠠ ᠶᠢᠨ ᠦᠵᠡᠰᠬᠦᠯᠡᠩ ᠳᠤ ᠣᠷᠣᠯᠴᠠᠵᠤ᠂ ᠣᠯᠠᠨ ᠠᠵᠤ ᠠᠬᠤᠶᠢᠯᠠᠯ ᠲᠠᠢ ᠵᠣᠯᠭᠠᠭᠤᠯᠤᠨ᠂ ᠮᠠᠨ ᠤ ᠬᠤᠰᠢᠭᠤᠨ ᠤ ᠴᠠᠬᠢᠭᠤᠷ ᠡᠯᠡᠰᠦᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠵᠢᠴᠢ ᠣᠷᠣᠨ ᠪᠠᠶᠢᠷᠢ ᠂ ᠡᠬᠢ ᠪᠠᠶᠠᠯᠢᠭ᠂ ᠣᠷᠴᠢᠨ ᠲᠣᠭᠤᠷᠢᠨ ᠵᠡᠷᠭᠡ ᠶᠢᠨ ᠳᠠᠪᠠᠭᠤᠯᠢᠭ ᠢ ᠨᠠᠷᠢᠨ ᠲᠠᠨᠢᠯᠴᠠᠭᠤᠯᠬᠤ ᠶᠢᠨ ᠬᠠᠮᠲᠤ᠂ ᠬᠠᠮᠲᠤᠷᠠᠯᠴᠠᠨ ᠬᠥᠭᠵᠢᠬᠦ ᠶᠠᠪᠤᠳᠠᠯ ᠤᠨ ᠲᠤᠬᠠᠢ ᠠᠵᠤ ᠠᠬᠤᠶᠢᠯᠠᠯᠲᠠᠨ ᠨᠠᠷ ᠲᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃ ᠬᠤᠰᠢᠭᠤᠨ ᠳᠡᠳ᠋ ᠳᠠᠷᠤᠭ᠎ᠠ ᠲᠦᠩ ᠭᠦᠸᠧ ᠪᠢᠶᠣᠣ ᠵᠢᠴᠢ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠣᠷᠣᠯᠴᠠᠵᠠᠢ᠃     9 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤᠨ ᠲᠡᠳ᠋ ᠳᠠᠷᠤᠭ᠎ᠠ ᠶᠠᠩ  ᠡᠸ᠋ᠨ ᠵᠧᠨ ᠴᠣᠣᠶᠠᠩ ᠲᠣᠭᠤᠷᠢᠭ ᠤᠨ ᠲᠦᠷ ᠴᠠᠭ ᠲᠤᠰᠢᠶᠠᠯ ᠡᠭᠦᠷᠭᠡᠯᠡᠬᠦ ᠪᠦᠯᠬᠦᠮ ᠤᠨ ᠺᠠᠳ᠋ᠷ ᠵᠢᠴᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠳᠠᠭᠠᠭᠤᠯᠤᠨ ᠱᠠᠵᠠᠩᠳᠠᠢ ᠮᠠᠯᠵᠢᠯ ᠤᠨ ᠲᠠᠯᠠᠪᠠᠶ ᠂ ᠠᠨ ᠲᠦᠩ ᠵᠢᠯᠣᠭᠤᠴᠢ ᠶᠢᠨ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠪᠠ ᠦᠢᠯᠡᠴᠢᠯᠡᠭᠡ ᠪᠣᠯᠪᠠᠰᠤᠷᠠᠭᠤᠯᠤᠯ ᠤᠨ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠶᠠᠷᠢᠯᠴᠠᠬᠤ ᠬᠤᠷᠠᠯ ᠬᠢᠵᠡᠢ᠃  ᠱᠠᠵᠠᠩᠳᠠᠢ ᠮᠠᠯᠵᠢᠯ ᠤᠨ ᠲᠠᠯᠠᠪᠠᠢ᠂ ᠠᠨ ᠲᠦᠩ ᠵᠢᠯᠣᠭᠤᠴᠢ ᠶᠢᠨ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠪᠠ᠃    9 ᠰᠠᠷ᠎ᠠ ᠶᠢᠨ 21 ᠠᠴᠠ 22  ᠤ ᠡᠳᠦᠷ ᠪᠣᠯᠲᠠᠯ᠎ᠠ᠂ ᠲᠦᠩᠯᠢᠶᠣᠣ ᠬᠤᠲᠠ ᠶᠢᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠵᠦ ᠪᠠᠶᠢᠭ᠎ᠠ ᠪᠠᠶᠢᠳᠠᠯ ᠢ ᠦᠨᠳᠦᠰᠦᠨ ᠠᠴᠠ ᠨᠢ ᠵᠠᠰᠠᠬᠤ ᠱᠠᠯᠠᠪᠳᠠᠨ ᠪᠠᠶᠢᠴᠭᠠᠬᠤ ᠪᠦᠯᠬᠦᠮ᠂ ᠮᠠᠨ ᠤ ᠬᠤᠰᠢᠭᠤᠨ ᠳᠤ ᠭᠦᠨᠵᠡᠭᠡᠶᠢᠷᠡᠨ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ  ᠱᠠᠯᠠᠪᠳᠠᠨ ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠸᠠᠩ ᠬᠠᠢ ᠯᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃     9 ᠰᠠᠷ᠎ᠠ   ᠶᠢᠨ 23 ᠤ ᠡᠳᠦᠷ᠂ 2023 ᠣᠨ ᠤ ᠪᠥᠬᠦ ᠬᠤᠰᠢᠭᠤᠨ ᠤ ᠬᠤᠲᠠ ᠬᠥᠳᠡᠭᠡ   ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ   ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ   ᠶᠢᠨ ᠬᠤᠷᠠᠯ ᠬᠤᠷᠠᠯᠳᠤᠵᠤ᠂ 2023 ᠣᠨ ᠤ ᠪᠥᠬᠦ ᠠᠷᠠᠳ ᠤᠨ ᠳᠠᠭᠠᠳᠬᠠᠯ ᠳᠤ ᠣᠷᠤᠯᠴᠠᠬᠤ ᠠᠵᠢᠯ   ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠬᠤᠰᠢᠭᠤᠨ  ᠳᠡᠳ᠋ ᠳᠠᠷᠤᠭ᠎ᠠ ᠯᠢᠶᠠᠩ ᠰᠢᠦᠢ ᠪᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠰᠢᠭᠤᠨ   ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ ᠵᠢᠴᠢ ᠡᠯ᠎ᠡ ᠰᠤᠮᠤ ᠪᠠᠯᠭᠠᠰᠤ ᠲᠠᠯᠠᠪᠠᠶ᠂ ᠭᠠᠨᠵᠤᠭ᠎ᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠪᠣᠳᠠᠲᠠᠢ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠭᠡᠭᠴᠢ ᠨᠠᠷ  ᠤᠷᠤᠯᠴᠠᠪᠠ᠃     9 ᠰᠠᠷ᠎ᠠ ᠶᠢᠨ 26 ᠤ ᠡᠳᠦᠷ᠂ ᠪᠥᠬᠦ ᠬᠤᠲᠠ ᠶᠢᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠠᠵᠢᠯ ᠤᠨ  ᠱᠠᠯᠠᠪᠳᠠᠨ ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠳᠤ ᠭᠦᠨᠵᠡᠭᠡᠶᠢᠷᠡᠵᠦ᠂ ᠬᠠᠷᠢᠭᠤ ᠮᠡᠳᠡᠭᠦᠯᠦᠯᠲᠡ ᠰᠣᠨᠣᠰᠬᠤ᠂ ᠵᠥᠭᠡᠯᠡᠨ ᠲᠣᠨᠤᠭ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ  ᠱᠠᠯᠠᠪᠳᠠᠨ ᠪᠠᠶᠢᠴᠠᠭᠠᠯᠲᠠ ᠥᠷᠨᠢᠭᠦᠯᠬᠦ ᠶᠢᠨ ᠬᠠᠮᠲᠤ ᠶᠠᠷᠢᠯᠴᠠᠬᠤ ᠬᠤᠷᠠᠯ ᠬᠢᠪᠡ᠃ ᠬᠤᠰᠢᠭᠤᠨ  ᠳᠡᠳ᠋ ᠳᠠᠷᠤᠭ᠎ᠠ ᠯᠢᠶᠠᠩ ᠰᠢᠦᠢ ᠪᠢᠨ ᠵᠢᠴᠢ ᠡᠯ᠎ᠡ ᠬᠠᠮᠲᠤᠷᠠᠭᠰᠠᠨ ᠪᠠᠶᠢᠭᠤᠯᠤᠯᠭ᠎ᠠ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠲᠤᠬᠠᠶᠢᠯᠠᠭᠰᠠᠨ ᠠᠵᠢᠯ ᠤᠨ ᠠᠵᠢᠯᠲᠠᠳ ᠬᠤᠷᠠᠯ ᠳᠤ ᠣᠷᠣᠯᠴᠠᠵᠠᠢ᠃    9 ᠰᠠᠷ᠎ᠠ ᠶᠢᠨ 28 ᠤ ᠡᠳᠦᠷ᠂ ᠪᠡᠭᠡᠵᠢᠩ ᠬᠤᠲᠠ ᠶᠢᠨ ᠴᠣᠣᠶᠠᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ︽ᠬᠤᠣᠰ ᠬᠢᠷᠢ ᠬᠡᠮᠳᠦ ᠪᠠᠭᠰᠢ ᠶᠢᠨ ᠬᠡᠪ ᠴᠢᠨᠠᠷ ᠤᠨ ᠬᠢᠴᠢᠶᠡᠯ ᠤᠨ ᠲᠠᠩᠬᠢᠮ︾ ᠤᠨ ᠬᠠᠷᠠᠭᠠᠨ ᠳᠠᠪᠲᠠᠮᠵᠢ ᠶᠢᠨ ᠵᠣᠯᠭᠠᠯᠳᠤᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠶᠠᠩ ᠧᠨ ᠵᠧᠨ᠂ ᠯᠢᠶᠠᠩ ᠰᠢᠦᠢ ᠪᠢᠨ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠭᠠᠨᠵᠤᠭ᠎ᠠ ᠪᠠᠯᠭᠠᠰᠤᠨ ᠤ ᠭᠤᠣᠯ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠵᠠᠢ᠃     9 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢ ᠲᠣᠭᠲᠠᠪᠤᠷᠢᠵᠢᠭᠤᠯᠬᠤ ᠶᠢ ᠬᠢᠨᠠᠨ ᠵᠢᠯᠤᠭᠤᠳᠬᠤ ᠳᠤᠭᠤᠶᠢᠯᠠᠩ ᠮᠠᠨ ᠤ ᠬᠤᠰᠢᠭᠤᠨ ᠤ ᠭᠠᠨᠵᠤᠭ᠎ᠠ ᠪᠠᠯᠭᠠᠰᠤ᠂  ᠶᠡᠭᠡ ᠴᠦᠩᠬᠦᠯ ᠵᠡᠷᠭᠡ ᠭᠠᠵᠠᠷ ᠢᠶᠠᠷ ᠭᠦᠨᠵᠡᠭᠡᠶᠢᠷᠡᠨ  ᠂ ᠭᠠᠨᠵᠤᠭ᠎ᠠ ᠪᠠᠯᠭᠠᠰᠤᠨ ᠤ ᠤᠰᠤ ᠵᠠᠯᠠᠵᠤ ᠤᠰᠤᠲᠤᠯ ᠢ ᠰᠡᠷᠭᠡᠶᠢᠯᠡᠬᠦ ᠪᠡᠯᠡᠳᠬᠡᠮᠵᠢ ᠶᠢᠨ ᠲᠥᠷᠥᠯ ᠵᠦᠢᠯ᠂ ᠥᠪᠥᠷ ᠮᠣᠩᠭᠤᠯ ᠤᠨ ᠤᠰᠤ ᠬᠠᠩᠭᠠᠬᠤ ᠲᠦᠩᠯᠢᠶᠣᠣ ᠶᠢᠨ ᠰᠠᠯᠪᠤᠷᠢ ᠱᠤᠭᠤᠮ ᠤᠨ ᠢᠨᠵᠧᠨᠧᠷᠢᠩ ᠵᠢᠴᠢ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠶᠢᠨ ᠬᠠᠮᠢᠶᠠᠷᠴᠤ ᠬᠠᠮᠠᠭᠠᠯᠠᠬᠤ ᠳᠤ ᠬᠡᠷᠡᠭᠯᠡᠬᠦ ᠭᠡᠷ ᠪᠠᠶᠢᠰᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠳᠡᠳ᠋ ᠳᠠᠷᠤᠭ᠎ᠠ ᠯᠢ ᠶᠠᠨ ᠬᠤᠸᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠭᠠᠨᠵᠤᠭ᠎ᠠ ᠪᠠᠯᠭᠠᠰᠤᠨ ᠤ ᠬᠠᠷᠢᠭᠤᠴᠠᠯᠭᠠᠲᠠᠨ ᠪᠠᠷ᠎ᠠ ᠪᠣᠯᠪᠠ᠃    9 ᠰᠠᠷ᠎ᠠ ᠶᠢᠨ 30  ᠤ ᠡᠳᠦᠷ᠂  ᠰᠢᠶᠧ ᠴᠦᠨ ᠾᠧ᠂ ᠭᠦᠸᠧ ᠲᠢᠶᠠᠨ ᠪᠦᠦ ᠳᠤᠭᠤᠶᠢᠯᠠᠩ ᠳᠠᠭᠠᠭᠤᠯᠤᠨ ᠦᠷᠡᠭᠳᠡᠭᠰᠡᠨ ᠪᠠᠭᠠᠲᠤᠷᠴᠤᠳ ᠤᠨ ᠨᠡᠶᠢᠲᠡ ᠶᠢᠨ ᠲᠠᠬᠢᠯᠭ᠎ᠠ ᠶᠢᠨ ᠶᠣᠰᠣᠯᠠᠯ ᠳᠤ ᠣᠷᠣᠯᠴᠠᠵᠤ᠂ ᠦᠷᠡᠭᠳᠡᠭᠰᠡᠨ ᠪᠠᠭᠠᠲᠤᠷᠴᠤᠳ ᠤᠨ ᠠᠷᠢᠭᠤᠨ ᠰᠦᠨᠡᠰᠦ ᠶᠢ ᠲᠠᠬᠢᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠠᠯᠠᠷᠠᠰᠢ ᠦᠭᠡᠢ ᠭᠠᠪᠢᠶ᠎ᠠ ᠵᠢᠳᠬᠦᠯ ᠢ  ᠬᠦᠨ ᠳᠤᠷᠠᠰᠤᠨ ᠰᠠᠨᠠᠭᠠᠯᠵᠠᠵᠤ᠂ ᠬᠢᠵᠠᠭᠠᠯᠠᠰᠢ ᠦᠭᠡᠢ ᠬᠦᠨᠳᠦᠳᠬᠡᠯ ᠪᠢᠰᠢᠷᠡᠯ ᠪᠠ ᠭᠦᠨ ᠭᠠᠰᠢᠭᠤᠳᠠᠯ ᠢᠶᠠᠨ ᠢᠯᠡᠳᠬᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠪᠠ᠃ ᠬᠤᠰᠢᠭᠤᠨ  ᠳᠡᠳ᠋ ᠳᠠᠷᠤᠭ᠎ᠠ ᠵᠠᠩ ᠶᠦᠨ ᠵᠧ ᠨᠡᠶᠢᠲᠡ ᠶᠢᠨ ᠲᠠᠬᠢᠯᠭ᠎ᠠ ᠶᠢᠨ ᠶᠣᠰᠣᠯᠠᠯ ᠢ ᠡᠷᠭᠢᠯᠡᠪᠡ᠃
 
ᠢᠷᠡᠯᠲᠡ᠄ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号