ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠩᠰᠢ ᠶᠢᠨ ᠬᠤᠭᠤᠴᠠᠭᠠᠨ ᠳᠠᠬᠢ ᠲᠠᠬᠢᠯᠭ᠎ᠠ ᠶᠢᠨ ᠦᠢᠯᠡᠴᠢᠯᠡᠭᠡᠨ ᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/3/28
  ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠵᠠᠩᠭᠢᠯᠠᠭ᠎ᠠ   ᠶᠢᠨ ᠦᠶ᠎ᠡ ᠳᠤ᠂ ᠳᠤᠮᠳᠠᠳᠤ   ᠶᠢᠨ ᠤᠯᠠᠮᠵᠢᠯᠠᠯᠲᠤ ᠪᠠᠶᠠᠷ ᠤᠨ ᠡᠳᠦᠷ ᠤᠨ ᠨᠢᠭᠡ ᠪᠤᠯᠬᠤ ︽ᠬᠠᠩᠰᠢ ᠶᠢᠨ ᠡᠳᠦᠷ︾ ᠪᠠᠰᠠ ᠪᠣᠯᠵᠤᠭ᠎ᠠ ᠶᠣᠰᠣᠭᠠᠷ ᠢᠶᠠᠨ ᠬᠦᠷᠴᠦ ᠢᠷᠡᠵᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠷᠬᠠᠬᠤ ᠶᠢ ᠰᠡᠷᠭᠡᠶᠢᠯᠡᠬᠦ︾ ᠶᠡᠷᠦᠩᠬᠡᠢ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠦᠷᠭᠦᠯᠵᠢᠯᠡᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠵᠦ᠂ ᠬᠠᠩᠰᠢ ᠶᠢᠨ ᠬᠤᠭᠤᠴᠠᠭᠠᠨ ᠳᠤ ᠬᠥᠮᠥᠨ ᠬᠠᠷ᠎ᠠ ᠰᠢᠯᠵᠢᠬᠦ ᠪᠠ ᠲᠥᠪᠯᠡᠷᠡᠭᠦᠯᠦᠨ ᠳᠠᠬᠢᠯᠭ᠎ᠠ ᠬᠢᠬᠦ ᠠᠴᠠ ᠪᠣᠯᠵᠤ ᠬᠢᠵᠢᠭ ᠤᠨ ᠪᠠᠶᠢᠳᠠᠯ ᠳᠠᠬᠢᠨ ᠡᠭᠦᠰᠬᠦ ᠲᠦᠭᠰᠢᠭᠦᠷᠢ ᠠᠴᠠ ᠵᠠᠶᠢᠯᠠᠰᠬᠢᠵᠦ᠂ ᠪᠣᠯᠪᠠᠰᠤᠨ ᠠᠮᠤᠷ ᠲᠦᠪᠰᠢᠨ ᠣᠷᠴᠢᠨ ᠲᠣᠭᠤᠷᠢᠨ ᠢ ᠬᠠᠮᠠᠭᠠᠯᠠᠬᠤ ᠠᠷᠪᠢᠲᠠᠢ ᠭᠠᠮᠲᠠᠢ ᠳᠠᠬᠢᠯᠭ᠎ᠠ ᠶᠢᠨ ᠰᠢᠨ᠎ᠡ ᠰᠤᠷᠲᠠᠯ ᠢ ᠶᠡᠭᠡ ᠪᠠᠷ ᠰᠠᠨᠠᠭᠠᠴᠢᠯᠠᠨ᠂ ᠵᠠᠩ ᠳᠠᠳᠬᠠᠯ‌ᠢ ᠥᠭᠡᠷᠡᠴᠢᠯᠡᠬᠦ ᠶᠢ ᠠᠬᠢᠭᠤᠯᠵᠤ᠂ ᠪᠣᠯᠪᠠᠰᠤᠨ ᠳᠠᠬᠢᠯᠭ᠎ᠠ᠂ ᠠᠮᠤᠷ ᠠᠮᠤᠭᠤᠯᠠᠩ ᠬᠠᠩᠰᠢ ᠶᠢᠨ ᠬᠠᠷᠠᠯᠲᠠ ᠳᠤ ᠬᠦᠷᠬᠦ ᠶᠢᠨ ᠲᠤᠰᠠᠳᠠ᠂ ᠡᠳᠦᠭᠡ 2022 ᠣᠨ ᠤ ᠬᠠᠩᠰᠢ ᠶᠢᠨ ᠳᠠᠬᠢᠯᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠪᠥᠬᠦ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ᠲᠤ ᠣᠨᠴᠠᠭᠠᠶᠢᠯᠠᠨ ᠳᠣᠣᠷᠠᠬᠢ ᠮᠡᠲᠦ ᠠᠯᠪᠠᠨ ᠵᠠᠷ ᠨᠡᠶᠢᠲᠡᠯᠡᠶ᠎ᠡ᠄    ᠨᠢᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ᠂ ᠠᠮᠤᠷ ᠲᠦᠪᠰᠢᠨ ᠢᠶᠠᠷ ᠲᠠᠬᠢᠯᠭ᠎ᠠ ᠬᠢᠨ᠎ᠡ᠃ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠬᠠᠷᠠᠬᠠᠨ ᠪᠦᠷᠢᠨ ᠢᠯᠠᠯᠲᠠ ᠣᠯᠣᠭᠠᠳᠤᠢ ᠪᠠᠶᠢᠭᠰᠠᠭᠠᠷ᠂ ᠪᠦᠭᠦ ᠬᠤᠰᠢᠭᠤᠨ ᠤ ᠥᠷᠭᠡᠨ ᠤᠯᠠᠨ ᠺᠠᠳ᠋ᠷ ᠤᠯᠠᠨ ᠲᠦᠮᠡᠨ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠪᠠ ᠠᠵᠠ ᠬᠠᠷᠠᠬᠤ ᠰᠡᠳᠬᠢᠯᠭᠡ ᠶᠢ ᠲᠠᠰᠤ ᠵᠣᠭᠰᠣᠭᠠᠵᠤ᠂ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠵᠦ᠂ ᠬᠥᠮᠥᠨ ᠤ ᠲᠤᠭ᠎ᠠ ᠪᠠᠨ ᠬᠢᠵᠠᠭᠠᠷᠯᠠᠨ᠂ ᠴᠠᠭ ᠵᠥᠷᠢᠭᠦᠯᠦᠨ ᠭᠠᠳᠠᠭᠰᠢ ᠭᠠᠷᠬᠤ ᠬᠡᠷᠡᠭᠲᠡᠢ᠂ ᠲᠥᠪᠯᠡᠷᠡᠭᠦᠯᠦᠨ ᠲᠠᠬᠢᠯᠭ᠎ᠠ ᠬᠢᠬᠦ ᠦᠭᠡᠢ᠂ ᠭᠡᠷ  ᠤᠭᠰᠠᠭ᠎ᠠ ᠪᠠᠷ ᠢᠶᠠᠨ ᠬᠠᠮᠲᠤ ᠶᠢᠨ ᠲᠠᠬᠢᠯᠭ᠎ᠠ ᠬᠢᠬᠦ ᠦᠭᠡᠢ᠂ ᠵᠤᠭᠠᠴᠠᠵᠤ ᠲᠠᠬᠢᠯᠭ᠎ᠠ ᠬᠢᠬᠦ ᠦᠭᠡᠢ ᠪᠠᠶᠢᠬᠤ ᠬᠡᠷᠡᠭᠲᠡᠢ᠃ ᠣᠷᠣᠰᠢᠭᠤᠯᠭ᠎ᠠ ᠶᠢᠨ ᠦᠢᠯᠡᠴᠢᠯᠡᠭᠡᠨ ᠤ ᠨᠢᠭᠡᠴᠡ ᠨᠦᠭᠦᠳ ᠲᠠᠢ ᠬᠠᠮᠵᠢᠯᠴᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠪᠥᠬᠦ ᠶᠠᠪᠤᠴᠠ ᠳᠤ ᠠᠮᠠᠪᠴᠢ ᠵᠡᠭᠦᠬᠦ᠂ ᠨᠢᠭᠡ ᠮᠧᠲᠷ ᠠᠴᠠ ᠳᠡᠭᠡᠭᠰᠢ ᠵᠠᠢ ᠵᠠᠪᠰᠠᠷ ᠢ ᠪᠠᠲᠤᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠢ᠃   ᠬᠤᠶᠠᠷ᠂ ᠰᠢᠨ᠎ᠡ ᠬᠡᠪ ᠰᠤᠷᠲᠠᠯ ᠢ ᠪᠠᠳᠠᠷᠠᠭᠤᠯᠵᠤ᠂ ᠪᠣᠯᠪᠠᠰᠤᠨ ᠢᠶᠠᠷ ᠲᠠᠬᠢᠯᠭ᠎ᠠ ᠬᠢᠨ᠎ᠡ᠃ ᠪᠠᠶᠢᠭᠠᠯᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠳᠠᠬᠢᠯᠭ᠎ᠠ ᠶᠢᠨ ᠬᠡᠷᠡᠭᠰᠡᠯ ᠢ ᠪᠣᠷᠣᠯᠠᠭᠤᠯᠬᠤ ᠦᠭᠡᠢ᠂ ᠬᠤᠳᠠᠯᠳᠤᠨ ᠠᠪᠬᠤ ᠦᠭᠡᠢ᠂ ᠬᠡᠷᠡᠭᠯᠡᠬᠦ ᠦᠭᠡᠢ ᠪᠠᠶᠢᠵᠤ᠂ ᠲᠦᠯᠡᠰᠢ ᠶᠢᠨ ᠴᠠᠭᠠᠰᠤ᠂ ᠵᠣᠭᠤᠰ ᠰᠢᠲᠠᠭᠠᠬᠤ᠂ ᠲᠠᠬᠢᠯᠭ᠎ᠠ ᠶᠢᠨ ᠡᠳ᠋ ᠢ ᠶᠡᠭᠡ ᠪᠠᠷ ᠦᠷᠦᠬᠦ ᠵᠡᠷᠭᠡ ᠬᠠᠭᠤᠴᠢᠨ ᠳᠠᠳᠬᠠᠯ ᠢ ᠠᠷᠢᠯᠭᠠᠬᠤ ᠬᠡᠷᠡᠭᠲᠡᠢ᠃ ᠰᠦᠯᠵᠢᠶᠡᠨ ᠳᠡᠭᠡᠷ᠎ᠡ ᠳᠠᠬᠢᠬᠤ᠂ ᠰᠣᠷᠭᠤᠭ ᠴᠡᠴᠡᠭ ᠢᠶᠠᠷ ᠳᠠᠬᠢᠬᠤ᠂ ᠵᠠᠬᠢᠶ᠎ᠠ ᠪᠢᠴᠢᠬᠦ᠂ ᠳᠤᠷᠠᠰᠬᠠᠯ ᠤᠨ ᠵᠣᠬᠢᠶᠠᠯ ᠪᠢᠴᠢᠬᠦ᠂ ᠰᠣᠩᠭᠤᠳᠠᠭ ᠵᠣᠬᠢᠶᠠᠯ ᠤᠩᠰᠢᠬᠤ᠂ ᠪᠦᠬᠦ ᠭᠡᠷ ᠤᠨ ᠬᠠᠮᠳᠤ ᠶᠢᠨ ᠰᠡᠬᠦᠳᠡᠷ ᠢᠶᠠᠨ ᠲᠡᠯᠭᠡᠬᠦ ᠪᠠ ᠪᠢᠴᠢᠯ ᠸᠢᠳᠢᠤ᠋ ᠪᠠᠷ ᠤᠷᠢᠳᠤᠬᠢ ᠬᠥᠮᠥᠰ ᠤᠨ ᠦᠯᠢᠭᠡᠷ ᠢ ᠶᠠᠷᠢᠬᠤ ᠵᠡᠷᠭᠡ ᠬᠡᠯᠪᠡᠷᠢ ᠪᠠᠷ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠤᠯᠠᠮᠵᠢᠯᠠᠯᠲᠤ ᠪᠠᠶᠠᠷ ᠤᠨ ᠡᠳᠦᠷ ᠤᠨ ᠤᠳᠤ ᠦᠶ᠎ᠡ ᠶᠢᠨ ᠤᠳᠬ᠎ᠠ ᠠᠭᠤᠯᠭ᠎ᠠ ᠶᠢ ᠲᠡᠭᠡᠭᠰᠢᠯᠡᠬᠦᠯᠬᠦ ᠬᠡᠷᠡᠭᠳᠡᠢ᠃    ᠭᠤᠷᠪᠠ᠂ ᠭᠠᠯ ᠰᠡᠷᠭᠡᠶᠢᠯᠡᠬᠦ ᠦᠵᠡᠯ ᠤᠬᠠᠮᠰᠠᠷ ᠢᠶᠠᠨ ᠨᠡᠮᠡᠭᠳᠡᠬᠦᠯᠦᠨ᠎ᠡ᠃ ᠬᠠᠩᠰᠢ ᠶᠢᠨ ᠡᠳᠦᠷ ᠤᠨ ᠳᠠᠬᠢᠯᠭ᠎ᠠ ᠠᠴᠠ ᠪᠤᠯᠬᠤ ᠭᠠᠯ ᠭᠠᠮᠰᠢᠭ ᠤᠨ ᠬᠦᠨᠳᠦ ᠨᠣᠴᠢᠲᠠᠢ ᠴᠢᠨᠠᠷ ᠪᠠ ᠬᠥᠨᠥᠭᠡᠯᠳᠦ ᠴᠢᠨᠠᠷ ᠢ ᠭᠦᠢᠴᠡᠳ ᠲᠠᠨᠢᠵᠤ ᠂ ᠭᠠᠯ ᠰᠡᠷᠭᠡᠶᠢᠯᠡᠬᠦ ᠬᠠᠮᠢᠶ᠎ᠠ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ᠂ ᠭᠠᠯ ᠰᠡᠷᠭᠡᠶᠢᠯᠡᠬᠦ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠳᠠᠬᠢᠯᠭ᠎ᠠ ᠶᠢᠨ ᠲᠠᠯᠠᠪᠤᠷ ᠲᠠᠬᠢ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠂ ᠬᠡᠭᠡᠷ᠎ᠡ ᠭᠠᠳᠠᠨ᠎ᠠ ᠲᠦᠯᠡᠰᠢ ᠰᠢᠲᠠᠭᠠᠬᠤ ᠮᠠᠶ᠋ᠢᠭ ᠤᠨ ᠳᠠᠬᠢᠯᠭ᠎ᠠ ᠶᠢᠨ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠳᠡᠢ᠃ ᠪᠥᠬᠦ ᠬᠤᠰᠢᠭᠤᠨ ᠤ ᠬᠡᠪᠴᠢᠶᠡᠨ ᠳᠤ ᠶᠠᠮᠠᠷᠪᠠ ᠨᠢᠭᠡᠴᠡ ᠪᠣᠯᠣᠨ ᠬᠤᠪᠢ ᠬᠥᠮᠥᠨ ᠤ ᠲᠠᠬᠢᠯᠭ᠎ᠠ ᠶᠢᠨ ᠬᠡᠷᠡᠭᠰᠡᠯ ᠢ ᠬᠡᠬᠡᠷ᠎ᠡ ᠭᠠᠳᠠᠨ᠎ᠠ ᠰᠢᠲᠠᠭᠠᠬᠤ ᠬᠡᠯᠪᠡᠷᠢ ᠪᠠᠷ ᠲᠠᠬᠢᠯᠭ᠎ᠠ ᠶᠢᠨ ᠠᠵᠢᠯᠯᠠᠭ᠎ᠠ ᠥᠷᠨᠢᠭᠦᠯᠬᠦ ᠶᠢ ᠴᠠᠭᠠᠵᠠᠯᠠᠵᠤ᠂ ᠢᠯᠠᠩᠭᠤᠶ᠎ᠠ ᠣᠶᠢᠲᠤ ᠭᠠᠵᠠᠷ ᠵᠢᠴᠢ ᠡᠷᠬᠢᠨ ᠲᠣᠭᠤᠷᠢᠨ᠂ ᠬᠥᠳᠡᠭᠡ ᠲᠣᠰᠬᠤᠨ ᠤ ᠪᠤᠯᠠᠰᠢᠨ ᠭᠠᠵᠠᠷ᠂ ᠬᠤᠲᠠ ᠶᠢᠨ ᠵᠡᠭᠡᠯᠢ ᠭᠤᠳᠤᠮᠵᠢ᠂ ᠠᠭᠤᠳᠠᠮ ᠲᠠᠯᠠᠪᠠᠶ᠂ ᠰᠠᠭᠤᠭᠠᠯᠢ ᠠᠷᠠᠳ ᠤᠨ ᠲᠣᠭᠤᠷᠢᠭ᠂ ᠴᠡᠴᠡᠷᠯᠢᠭ ᠵᠡᠷᠭᠡ ᠭᠠᠵᠠᠷ ᠲᠤ ᠲᠠᠬᠢᠯᠭ᠎ᠠ ᠶᠢᠨ ᠠᠵᠢᠯᠯᠠᠭ᠎ᠠ ᠥᠷᠨᠢᠭᠦᠯᠬᠦ ᠶᠢ ᠴᠢᠩᠭ᠎ᠠ ᠴᠠᠭᠠᠵᠠᠯᠠᠵᠤ᠂ ᠭᠠᠯ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠳᠡᠢ᠃    ᠳᠥᠷᠪᠡ᠂ ᠴᠢᠬᠤᠯᠠ ᠦᠭᠡᠢ ᠪᠤᠯ ᠨᠤᠲᠤᠭ ᠲᠠᠭᠠᠨ ᠪᠤᠴᠠᠬᠤ ᠦᠭᠡᠢ ᠪᠠᠶᠢᠬᠤ ᠬᠡᠷᠡᠭᠲᠡᠢ᠃ ᠬᠠᠩᠰᠢ ᠪᠣᠯ ᠨᠤᠲᠤᠭ ᠲᠠᠭᠠᠨ ᠪᠤᠴᠠᠭᠰᠠᠨ ᠬᠥᠮᠥᠰ ᠤᠨ ᠨᠠᠰᠢ ᠴᠠᠰᠢ ᠶᠠᠪᠤᠬᠤ ᠣᠷᠭᠢᠯ ᠦᠶ᠎ᠡ ᠮᠥᠨ᠂ ᠬᠥᠮᠥᠰ ᠴᠤᠭᠯᠠᠷᠠᠪᠠᠯ ᠸᠢᠷᠦ᠋ᠰ ᠬᠠᠯᠳᠠᠪᠤᠷᠢᠯᠠᠬᠤ ᠲᠦᠭᠰᠢᠭᠦᠷᠢ ᠶᠢ ᠨᠡᠮᠡᠭᠳᠡᠬᠦᠯᠬᠦ ᠪᠤᠯᠬᠤᠷ ᠭᠠᠵᠠᠷ ᠣᠷᠣᠨ ᠠᠯᠤᠰᠯᠠᠨ ᠲᠠᠬᠢᠯᠭ᠎ᠠ ᠬᠢᠬᠦ ᠦᠭᠡᠢ ᠪᠠᠶᠢᠬᠤ ᠶᠢ ᠰᠠᠨᠠᠭᠠᠴᠢᠯᠠᠬᠤ ᠬᠡᠷᠡᠭᠳᠡᠢ᠂ ᠭᠠᠳᠠᠭᠰᠢ ᠭᠠᠷᠤᠭᠰᠠᠨ ᠬᠥᠮᠥᠰ ᠴᠢᠬᠤᠯᠠ ᠦᠭᠡᠢ ᠪᠤᠯ ᠨᠤᠲᠤᠭ ᠲᠠᠭᠠᠨ ᠪᠤᠴᠠᠬᠤ ᠦᠭᠡᠢ ᠪᠠᠶᠢᠬᠤ ᠶᠢ ᠰᠠᠨᠠᠭᠠᠴᠢᠯᠠᠬᠤ ᠬᠡᠷᠡᠭᠳᠡᠶ᠎ᠠ᠂ ᠰᠦᠯᠵᠢᠶ᠎ᠡ ᠪᠠᠷ ᠲᠠᠬᠢᠯᠭ᠎ᠠ ᠬᠢᠬᠦ᠂ ᠭᠡᠷ ᠲᠡᠭᠡᠨ ᠮᠥᠷᠥᠭᠡᠳᠦᠨ ᠰᠠᠨᠠᠭᠠᠯᠵᠠᠬᠤ᠂ ᠣᠷᠣᠯᠠᠨ ᠲᠠᠬᠢᠯᠭ᠎ᠠ ᠬᠢᠬᠦ ᠵᠡᠷᠭᠡ ᠪᠣᠬᠢᠷᠳᠤᠯ ᠦᠭᠡᠢ ᠲᠠᠬᠢᠯᠭ᠎ᠠ ᠬᠢᠬᠦ ᠶᠢ ᠰᠠᠨᠠᠭᠠᠴᠢᠯᠠᠵᠤ᠂ ᠠᠭᠤᠰᠬᠢᠨ ᠦᠷᠪᠢᠰᠦᠯ ᠤᠨ ᠸᠢᠷᠦ᠋ᠰ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠬᠡᠷᠡᠭᠳᠡᠢ᠃    ᠲᠠᠬᠢᠯᠭ᠎ᠠ   ᠶᠢᠨ ᠰᠢᠨ᠎ᠡ ᠰᠤᠷᠲᠠᠯ   ᠢ ᠰᠠᠨᠠᠭᠠᠴᠢᠯᠠᠬᠤ ᠪᠣᠯ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠬᠡᠷᠡᠭᠴᠡᠭᠡ ᠪᠣᠯᠬᠤ ᠪᠥᠭᠡᠳ ᠪᠠᠰᠠ ᠴᠤ ᠴᠠᠭ ᠦᠶ᠎ᠡ ᠶᠢᠨ ᠬᠡᠪ ᠰᠤᠷᠲᠠᠯ ᠢ ᠬᠥᠲᠥᠯᠥᠨ ᠳᠠᠭᠠᠭᠤᠯᠬᠤ ᠶᠢᠨ ᠬᠡᠷᠡᠭᠴᠡᠭᠡ ᠮᠥᠨ᠃ ᠪᠢᠳᠡ ᠭᠠᠷ ᠬᠤᠯᠪᠣᠨ ᠬᠥᠳᠡᠯᠦᠯᠴᠡᠵᠦ᠂ ᠬᠠᠮᠲᠤᠪᠠᠷ ︽ᠬᠢᠵᠢᠭ︾ ᠢ ᠢᠯᠠᠭᠰᠠᠨ ᠪᠠᠶᠠᠷ ᠤᠨ ᠮᠡᠳᠡᠭᠡ ᠪᠠᠷ ᠤᠷᠢᠳᠤᠬᠢ ᠬᠥᠮᠥᠰ ᠤᠨ ᠰᠡᠳᠬᠢᠯ ᠢ ᠲᠠᠶᠢᠳᠬᠤᠷᠠᠭᠤᠯᠵᠤ᠂ ᠪᠣᠯᠪᠠᠰᠤᠨ ᠠᠮᠤᠷ ᠲᠦᠪᠰᠢᠨ ᠢᠶᠠᠷ ᠣᠷᠴᠢᠨ ᠲᠣᠭᠤᠷᠢᠨ ᠢ ᠬᠠᠮᠠᠭᠠᠯᠠᠵᠤ᠂ ᠠᠷᠪᠢᠴᠢ ᠭᠠᠮᠲᠠᠢ ᠪᠠᠷ ᠬᠠᠩᠰᠢ ᠶᠢ ᠥᠩᠭᠡᠷᠡᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠴᠦᠰ ᠤᠨ ᠢᠯᠠᠯᠲᠠ ᠶᠢ ᠲᠡᠮᠡᠴᠡᠨ ᠣᠯᠬᠤ ᠳᠤ ᠪᠣᠯᠪᠠᠰᠤᠨ ᠤ ᠬᠦᠴᠦᠨ ᠴᠢᠳᠠᠯ ᠢᠶᠠᠨ ᠡᠷᠭᠦᠵᠡᠭᠡᠶ᠎ᠡ᠃     ᠭᠠᠨᠵᠤᠭ᠎ᠠ ᠳᠠᠬᠢ ᠨᠡᠶᠢᠲᠡ   ᠶᠢᠨ ᠣᠩᠭᠤᠨ ᠤ ᠬᠠᠷᠢᠯᠴᠠᠬᠤ ᠤᠲᠠᠰᠤ᠄                    153 8975 2287︔  151 4996 6416     ᠭᠠᠨᠵᠤᠭ᠎ᠠ ᠳᠠᠬᠢ ᠣᠷᠣᠰᠢᠭᠤᠯᠭ᠎ᠠ ᠶᠢᠨ ᠭᠠᠵᠠᠷ ᠤᠨ ᠬᠠᠷᠢᠯᠴᠠᠬᠤ ᠤᠲᠠᠰᠤ᠄                    ︵0475︶ 555 6444     ᠶᠢᠨ ᠪᠦᠦ ᠲᠦᠨ ᠣᠷᠣᠰᠢᠭᠤᠯᠭ᠎ᠠ ᠶᠢᠨ ᠭᠠᠵᠠᠷ ᠤᠨ ᠬᠠᠷᠢᠯᠴᠠᠬᠤ ᠤᠲᠠᠰᠤ᠄                   ︵0475︶ 592 2727                    ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠶᠠᠪᠤᠳᠠᠯ ᠲᠣᠪᠴᠢᠶ᠎ᠠ                                                                                              2022 ᠣᠨ ᠤ 3 ᠰᠠᠷ᠎ᠠ ᠶᠢᠨ 25 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号