ᠮᠠᠨ ᠤ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠤᠯᠠᠮ | ᠨᠢᠭᠡ ᠠᠯᠬᠤᠮ ᠴᠢᠩᠭᠠᠳᠬᠠᠵᠤ᠂ ᠭᠠᠯ ᠤᠨ ᠠᠶᠤᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ᠂ ᠠᠷᠠᠳ ᠲᠦᠮᠡᠨ ᠤ | ᠠᠮᠢ ᠨᠠᠰᠤ ᠡᠳ᠋ ᠬᠥᠷᠥᠩᠭᠡ ᠪᠠ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ | ᠪᠠᠳᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ | ᠂ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠨ᠂ ᠪᠣᠳᠠᠲᠠᠢ ᠲᠠᠢ ᠪᠠᠨ ᠤᠶᠠᠯᠳᠤᠭᠤᠯᠤᠨ᠂ ᠡᠳᠦᠭᠡ ᠪᠥᠬᠦ ᠬᠤᠰᠢᠭᠤᠨ ᠤ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ | ᠪᠦᠰᠡ ᠶᠢ ᠵᠠᠭᠠᠭᠯᠠᠨ ᠲᠣᠭᠲᠠᠭᠠᠬᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠲᠠ ᠪᠠᠯᠭᠠᠰᠤᠨ ᠤ ᠲᠣᠭᠤᠷᠢᠭ᠂ ᠰᠤᠮᠤ | ᠪᠠᠯᠭᠠᠰᠤᠨ ᠤ ᠲᠠᠯᠠᠪᠠᠶ ᠶᠢᠨ ᠠᠯᠪᠠᠯᠠᠬᠤ ᠲᠣᠭᠤᠷᠢᠭ ᠵᠢᠴᠢ ᠰᠠᠭᠤᠭᠠᠯᠢ ᠠᠷᠠᠳ ᠤᠨ ᠲᠣᠭᠤᠷᠢᠭ ᠠᠴᠠ ᠪᠤᠰᠤᠳ ᠪᠣᠶ | ᠪᠦᠬᠦᠢ ᠨᠣᠴᠣᠮᠠᠲᠠᠭᠠᠢ ᠭᠠᠵᠠᠷ ᠢ ᠴᠥᠮ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠢᠶᠠᠷ | ᠵᠠᠭᠠᠭᠯᠠᠨ ᠲᠣᠭᠲᠠᠭᠠᠪᠠ᠃ | ᠬᠤᠶᠠᠷ᠂ ᠵᠢᠯ ᠪᠦᠷᠢ ᠶᠢᠨ 3 ᠳ᠋ᠤᠭᠠᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ | ᠪᠣᠯᠲᠠᠯ᠎ᠠ᠂ 9 ᠰᠠᠷ᠎ᠠ ᠶᠢᠨ 15 ᠤ ᠡᠳᠦᠷ ᠠᠴᠠ 12 ᠳ᠋ᠤᠭᠠᠷ ᠰᠠᠷ᠎ᠠ ᠶᠢᠨ 15 ᠤ ᠡᠳᠦᠷ ᠪᠣᠯᠲᠠᠯᠠᠬᠢ | ᠬᠤᠭᠤᠴᠠᠭ᠎ᠠ ᠶᠢ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠬᠡᠶᠢᠯᠡᠬᠦ ᠬᠤᠭᠤᠴᠠᠭ᠎ᠠ ᠪᠤᠯᠤᠨ᠎ᠠ᠃ ᠡᠭᠦᠨ ᠳᠤ᠂ | 3 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 15 ᠤ ᠡᠳᠦᠷ ᠪᠣᠯᠲᠠᠯᠠᠬᠢ ᠬᠤᠭᠤᠴᠠᠭ᠎ᠠ ᠪᠣᠯ ᠣᠶ ᠰᠢᠭᠤᠢ | ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠬᠤᠭᠤᠴᠠᠭ᠎ᠠ ᠪᠣᠯᠣᠨ᠎ᠠ᠃ ᠭᠠᠯ ᠰᠡᠷᠭᠡᠶᠢᠯᠡᠬᠦ ᠬᠤᠭᠤᠴᠠᠭᠠᠨ ᠳᠤ᠂ | ᠭᠠᠯ ᠰᠡᠷᠭᠡᠶᠢᠯᠡᠬᠦ ᠣᠷᠣᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠠᠵᠢᠯᠯᠠᠭ᠎ᠠ ᠶᠢ ᠴᠠᠭᠠᠵᠠᠯᠠᠨ᠎ᠠ᠃ ᠣᠶ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠣᠷᠣᠵᠤ ᠠᠵᠢᠯᠯᠠᠭ᠎ᠠ ᠬᠢᠬᠦ ᠨᠢᠭᠡᠴᠡ ᠪᠣᠯᠣᠨ ᠬᠤᠪᠢ | ᠬᠥᠮᠥᠨ ᠪᠦᠬᠦᠨ ᠳᠣᠣᠷᠠᠬᠢ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ | ︵ᠨᠢᠭᠡ︶ ᠲᠠᠷᠢᠶᠠᠨ ᠳᠠᠯᠠᠩ ᠢ ᠰᠢᠲᠠᠭᠠᠬᠤ᠂ ᠡᠰᠢ ᠰᠦᠷᠡᠯ ᠢ ᠰᠢᠲᠠᠭᠠᠬᠤ ᠵᠡᠷᠭᠡ ᠲᠠᠷᠢᠶᠠᠯᠠᠩ ᠤᠨ ᠠᠵᠢᠯ ᠳᠤ | ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ | ︵ᠬᠤᠶᠠᠷ︶ ᠶᠠᠮᠠᠷᠪᠠ ᠬᠥᠮᠥᠨ ᠭᠠᠯ ᠠᠪᠴᠤ ᠤᠢ ᠰᠢᠭᠤᠢ ᠳᠤ ᠣᠷᠣᠬᠤ᠂ ᠨᠤᠲᠤᠭ ᠪᠡᠯᠴᠢᠭᠡᠷ ᠲᠤ | ᠣᠷᠣᠬᠤ ᠶᠢ ᠴᠢᠩᠭ᠎ᠠ ᠴᠠᠭᠠᠵᠠᠯᠠᠨ᠎ᠠ᠃ | ︵ᠭᠤᠷᠪᠠ︶ ᠪᠤᠯᠠᠰᠢᠨ ᠤ ᠭᠠᠵᠠᠷ ᠲᠤ ᠴᠠᠭᠠᠰᠤ ᠰᠢᠲᠠᠭᠠᠬᠤ᠂ ᠬᠦᠵᠢ ᠠᠰᠠᠭᠠᠬᠤ᠂ ᠬᠤᠸᠠᠷ ᠫᠤᠤᠵᠢᠩ | ᠲᠠᠯᠪᠢᠬᠤ᠂ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ᠂ ᠰᠢᠷᠠᠮᠠᠯ ᠰᠢᠷᠠᠬᠤ᠂ ᠭᠠᠯ ᠢᠶᠠᠷ | ᠨᠠᠭᠠᠳᠬᠤ ᠪᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠪᠤᠰᠤᠳ ᠥᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠳᠥᠷᠪᠡ︶ ᠣᠶ ᠰᠢᠭᠤᠢ ᠨᠤᠲᠤᠭ ᠪᠡᠯᠴᠢᠭᠡᠷ ᠤᠨ ᠭᠠᠯ ᠭᠠᠮᠰᠢᠭ ᠡᠭᠦᠰᠬᠡᠵᠦ ᠮᠡᠳᠡᠬᠦ ᠪᠤᠰᠤᠳ ᠦᠶᠯᠡ | ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ᠭᠤᠷᠪᠠ᠂ ᠳᠡᠭᠡᠷ᠎ᠡ ᠳᠤᠷᠠᠳᠤᠭᠰᠠᠨ ᠵᠠᠭᠠᠭᠯᠠᠨ ᠲᠣᠭᠲᠠᠭᠠᠭᠰᠠᠨ ᠣᠶ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠲᠣᠭᠤᠷᠢᠭ ᠲᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠤᠯᠢ | ᠠᠴᠠ ᠵᠥᠷᠢᠴᠡᠭᠰᠡᠨ ᠦᠶᠯᠡ ᠠᠵᠢᠯᠯᠠᠭ᠎ᠠ ᠡᠭᠦᠰᠦᠭᠰᠡᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠳᠦᠷᠢᠮ︾ ᠤᠨ ᠬᠠᠮᠢᠶ᠎ᠠ ᠪᠦᠬᠦᠢ | ᠲᠣᠭᠲᠠᠭᠠᠯ ᠢ ᠦᠨᠳᠦᠰᠦᠯᠡᠨ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ | ᠂ ᠰᠡᠷᠡᠮᠵᠢ ᠥᠭᠬᠦ ᠶᠢᠨ ᠬᠠᠮᠲᠤ ᠵᠣᠬᠢᠬᠤ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠬᠤᠬᠢᠷᠠᠯ ᠤᠴᠠᠷᠠᠭᠤᠯᠤᠭᠰᠠᠨ | ᠪᠠᠶᠢᠪᠠᠯ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠭᠦᠯᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠲᠤᠰ ᠵᠠᠷ ᠢ ᠥᠷᠭᠡᠨ ᠤᠯᠠᠨ ᠲᠦᠮᠡᠨ | ᠤᠬᠠᠮᠰᠠᠷ ᠠᠴᠠ ᠪᠠᠨ ᠵᠢᠷᠤᠮᠯᠠᠨ ᠰᠠᠬᠢᠬᠤ ᠶᠢᠨ ᠬᠠᠮᠲᠤ ᠬᠠᠷᠢᠯᠴᠠᠨ ᠳᠠᠮᠵᠢᠭᠤᠯᠵᠤ ᠥᠭᠬᠦ ᠶᠢ ᠬᠦᠰᠡᠵᠦ ᠪᠠᠶᠢᠨ᠎ᠠ᠃ | ᠳᠥᠷᠪᠡ᠂ ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠮᠡᠳᠡᠬᠦᠯᠬᠦ ᠤᠲᠠᠰᠤ 12119᠃ | | | | | 2022 ᠣᠨ ᠤ 4 ᠰᠠᠷ᠎ᠠ ᠶᠢᠨ 2 ᠤᠨ ᠡᠳᠦᠷ | | |