ᠬᠤᠶᠢᠲᠤ ᠵᠠᠰᠠᠭ ᠠᠯᠪᠠᠨ ᠦᠰᠦᠭ ﹇2022﹈ 18 ᠳ᠋ᠤᠭᠠᠷ ᠲᠣᠭᠠᠲᠤ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠬᠦᠯᠬᠦ ᠮᠡᠳᠡᠭᠡ ᠵᠠᠩᠭᠢ ᠶᠢ ᠮᠡᠳᠡᠭᠦᠯᠬᠦ ᠠᠵᠢᠯ ᠢ ᠴᠢᠩᠭᠠᠳᠬᠠᠬᠤ ᠲᠤᠬᠠᠢ ᠮᠡᠳᠡᠭᠳᠡᠯ | | | ᠬᠤᠰᠢᠭᠤᠨ ᠤ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠤᠳᠤᠷᠢᠳᠬᠤ | ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠳᠤ᠄ | ︽ᠲᠦᠩᠯᠢᠶᠣᠣ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠤ ᠮᠡᠳᠡᠭᠡ | ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ | ᠰᠠᠯᠠᠭ᠎ᠠ ᠮᠥᠴᠢᠷ ᠬᠠᠮᠢᠶ᠎ᠠ ᠪᠦᠬᠦᠢ ᠮᠡᠳᠡᠭᠡ ᠵᠠᠩᠭᠢ ᠶᠢ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠳᠤ ᠭᠠᠷᠠᠭ ᠪᠦᠷᠢ ᠨᠢᠭᠡ ᠤᠳᠠᠭ᠎ᠠ ᠮᠡᠳᠡᠭᠦᠯᠦᠨ ᠬᠦᠷᠭᠡᠵᠦ᠂ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠬᠤᠷᠢᠶᠠᠩᠭᠤᠶᠢᠯᠠᠭᠠᠳ ᠲᠦᠩᠯᠢᠶᠣᠣ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠦᠷᠭᠡᠬᠦ ᠬᠡᠷᠡᠭᠳᠡᠢ ᠭᠡᠵᠡᠢ᠃ | ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠶᠡᠷᠦᠩᠬᠡᠢ ᠬᠠᠷᠠᠯᠲᠠ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠣᠭᠲᠠᠴᠠ ᠶᠢ | ᠵᠢᠷᠤᠮᠵᠢᠭᠤᠯᠤᠨ ᠰᠢᠯᠢᠳᠡᠭᠵᠢᠭᠦᠯᠬᠦ ᠪᠠᠷ ᠳᠠᠮᠵᠢᠭᠤᠯᠤᠨ᠂ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ᠂ | ᠬᠡᠮᠵᠢᠶ᠎ᠡ ᠲᠠᠢ ᠪᠠᠶᠢᠯᠭᠠᠬᠤ ᠶᠢ ᠬᠡᠷᠡᠭᠵᠢᠬᠦᠵᠦ᠂ ᠥᠨᠳᠥᠷ ᠪᠦᠲᠦᠮᠵᠢᠲᠡᠶ ᠪᠠᠷ ᠮᠡᠳᠡᠭᠦᠯᠦᠨ ᠬᠦᠷᠭᠡᠵᠦ᠂ ᠮᠡᠳᠡᠭᠡ | ᠵᠠᠩᠭᠢ ᠶᠢᠨ ᠪᠠᠶᠢᠳᠠᠯ ᠢᠶᠠᠨ ᠨᠡᠪᠲᠡᠷᠡᠯᠴᠡᠬᠦ᠂ ᠲᠤᠷᠰᠢᠯᠭ᠎ᠠ ᠪᠠᠨ ᠰᠣᠯᠢᠯᠴᠠᠬᠤ᠂ ᠠᠵᠢᠯ ᠢᠶᠠᠨ ᠵᠢᠯᠤᠭᠤᠳᠬᠤ ᠵᠡᠷᠭᠡ | ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠤᠳᠤᠷᠢᠳᠤᠯᠭ᠎ᠠ ᠳᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠬᠥᠳᠡᠯᠦᠯ | ᠪᠠᠶᠢᠳᠠᠯ ᠢ ᠡᠵᠡᠮᠰᠢᠭᠦᠯᠵᠦ᠂ ᠪᠠᠶᠢᠳᠠᠯ ᠢ ᠵᠠᠳᠠᠯᠵᠤ᠂ ᠠᠰᠠᠭᠤᠳᠠᠯ ᠢ ᠢᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠣᠳᠣᠯᠭ᠎ᠠ ᠲᠤᠭᠳᠠᠭᠠᠬᠤ ᠳᠤ ᠴᠢᠨᠠᠷ ᠰᠠᠶᠢᠲᠠᠢ ᠪᠥᠬᠦ ᠲᠠᠯ᠎ᠠ ᠶᠢᠨ ᠮᠡᠳᠡᠭᠡ ᠵᠠᠩᠭᠢ ᠶᠢᠨ ᠦᠢᠯᠡᠴᠢᠯᠡᠭᠡ | ᠬᠠᠩᠭᠠᠨ᠎ᠠ᠃ | ᠬᠤᠶᠠᠷ᠂ ᠮᠡᠳᠡᠭᠦᠯᠦᠨ ᠬᠦᠷᠭᠡᠬᠦ ᠠᠭᠤᠯᠭ᠎ᠠ | ︵ᠨᠢᠭᠡ︶ ᠰᠡᠳᠦᠪ ᠰᠣᠩᠭᠤᠬᠤ ᠬᠡᠪᠴᠢᠶ᠎ᠡ | ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠵᠢᠯ ᠤᠨ ᠲᠣᠭᠤᠷᠢᠨ ᠳᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠬᠦᠯᠬᠦ | ᠨᠡᠶᠢᠲᠡᠯᠢᠭ ᠬᠡᠷᠡᠭ ᠤᠨ ᠵᠢᠱᠢᠶ᠎ᠡ᠂ ᠲᠤᠷᠰᠢᠯᠭ᠎ᠠ ᠠᠷᠭ᠎ᠠ ᠬᠢᠳᠡᠯ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ | ᠵᠢᠴᠢ ᠠᠰᠠᠭᠤᠳᠠᠯ ᠢ ᠰᠢᠢᠳᠪᠦᠷᠢᠯᠡᠬᠦ ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠵᠡᠷᠭᠡ ᠲᠠᠯ᠎ᠠ ᠳᠤ ᠴᠢᠭᠯᠡᠬᠦᠯᠦᠨ᠂ | ᠠᠵᠢᠯ ᠤᠨ ᠮᠡᠳᠡᠭᠡ ᠵᠠᠩᠭᠢ ᠶᠢ ᠪᠢᠴᠢᠵᠦ ᠮᠡᠳᠡᠭᠦᠯᠦᠨ ᠬᠦᠷᠭᠡᠨ᠎ᠡ᠃ | ︵ᠬᠤᠶᠠᠷ︶ ᠭᠤᠣᠯ ᠲᠥᠷᠥᠯ ᠵᠦᠢᠯ | ᠭᠤᠣᠯ ᠴᠣᠭᠴᠠ ᠶᠢᠨ ᠭᠠᠷᠳᠠᠴᠠ ᠪᠠ ᠰᠤᠷᠠᠭ ᠵᠠᠩᠭᠢ ᠶᠢ ᠰᠢᠢᠳᠪᠦᠷᠢᠯᠡᠬᠦ ᠳᠡᠰ ᠳᠠᠪᠬᠤᠷᠭ᠎ᠠ ᠶᠢᠨ ᠠᠳᠠᠯᠢ | ᠪᠤᠰᠤ ᠶᠢ ᠦᠨᠳᠦᠰᠦᠯᠡᠨ ᠪᠣᠳᠠᠲᠠᠢ ᠪᠠᠷ ᠳᠥᠷᠪᠡᠨ ᠲᠥᠷᠥᠯ ᠳᠤ ᠬᠤᠪᠢᠶᠠᠨ᠎ᠠ᠄ | ᠬᠥᠳᠡᠯᠦᠩᠭᠦᠢ ᠲᠦᠷᠦᠯ ᠤᠨ ᠮᠡᠳᠡᠭᠡ ᠵᠠᠩᠭᠢ᠃ ᠭᠤᠣᠯᠳᠠᠭᠤ ᠠᠵᠢᠯ ᠤᠨ ᠠᠷᠭ᠎ᠠ ᠬᠡᠮᠵᠢᠶ᠎ᠡ᠂ ᠠᠬᠢᠴᠠ᠂ | ᠦᠷ᠎ᠡ ᠪᠦᠲᠦᠮᠵᠢ ᠵᠢᠴᠢ ᠴᠢᠬᠤᠯᠠ ᠶᠡᠭᠡ ᠭᠡᠨᠡᠳᠲᠡ ᠶᠢᠨ ᠬᠡᠷᠡᠭ ᠤᠨ ᠡᠭᠦᠰᠦᠭᠰᠡᠨ᠂ ᠬᠥᠭᠵᠢᠭᠰᠡᠨ᠂ | ᠰᠢᠢᠳᠪᠦᠷᠢᠯᠡᠭᠰᠡᠨ ᠪᠠᠶᠢᠳᠠᠯ ᠢ ᠲᠤᠰᠬᠠᠨ᠎ᠠ᠃ | ᠲᠤᠷᠰᠢᠯᠭ᠎ᠠ ᠶᠢᠨ ᠲᠦᠷᠦᠯ ᠤᠨ ᠮᠡᠳᠡᠭᠡ ᠵᠠᠩᠭᠢ᠃ ᠦᠢᠯᠡᠳᠦᠯᠭᠡ ᠶᠢᠨ ᠰᠢᠯᠭᠠᠯᠲᠠ ᠪᠠᠷ ᠳᠠᠮᠵᠢᠭᠠᠳ ᠪᠣᠳᠠᠲᠤ | ᠦᠷ᠎ᠡ ᠪᠦᠲᠦᠮᠵᠢ ᠲᠠᠢ ᠪᠣᠯᠤᠭᠰᠠᠨ ᠪᠥᠭᠡᠳ ᠯᠠᠪᠯᠠᠯᠲᠠ ᠪᠣᠯᠭᠠᠨ ᠳᠡᠯᠭᠡᠷᠡᠭᠦᠯᠦᠭᠦᠰᠢᠲᠡᠢ ᠨᠡᠶᠢᠳᠡᠯᠢᠭ ᠲᠤᠷᠰᠢᠯᠭ᠎ᠠ | ᠪᠤᠶᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠲᠤᠰᠬᠠᠨ᠎ᠠ᠃ | ᠵᠠᠳᠠᠯᠤᠯᠲᠠ ᠶᠢᠨ ᠲᠦᠷᠦᠯ ᠤᠨ ᠮᠡᠳᠡᠭᠡ ᠵᠠᠩᠭᠢ᠃ ᠡᠭᠦᠨ ᠳᠤ ᠠᠵᠢᠯ ᠳᠤᠮᠳᠠᠬᠢ ᠰᠤᠳᠤᠯᠬᠤ ᠪᠠ | ᠵᠣᠬᠢᠴᠠᠭᠤᠯᠬᠤ ᠴᠢᠬᠤᠯᠠᠲᠠᠢ ᠲᠣᠪᠣᠶᠢᠮ᠎ᠠ ᠠᠰᠠᠭᠤᠳᠠᠯ ᠵᠢᠴᠢ ᠠᠷᠭᠠᠴᠠᠬᠤ ᠪᠣᠳᠣᠯᠭ᠎ᠠ ᠰᠠᠨᠠᠭᠤᠯᠭ᠎ᠠ᠂ ᠠᠵᠢᠯ ᠢ | ᠠᠬᠢᠭᠤᠯᠬᠤ ᠶᠠᠪᠤᠴᠠ ᠳᠤ ᠢᠯᠡᠷᠡᠭᠰᠡᠨ ᠬᠡᠯᠪᠡᠷᠢᠯ ᠤᠨ ᠴᠢᠨᠠᠷᠲᠠᠢ᠂ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ | ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ᠂ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠵᠢᠯ ᠳᠤ ᠬᠤᠷᠸ᠎ᠠ ᠪᠠ ᠲᠥᠷᠥ ᠶᠢᠨ ᠪᠣᠳᠣᠯᠭ᠎ᠠ ᠶᠢᠨ ᠲᠠᠯ᠎ᠠ ᠠᠴᠠ ᠬᠢᠭᠰᠡᠨ ᠵᠠᠳᠠᠯᠤᠯᠲᠠ ᠪᠠᠭᠲᠠᠨ᠎ᠠ | ᠃ | ᠪᠠᠶᠢᠴᠠᠭᠠᠨ ᠰᠤᠳᠤᠯᠤᠯᠲᠠ ᠶᠢᠨ ᠲᠥᠷᠥᠯ ᠤᠨ ᠮᠡᠳᠡᠭᠡ ᠵᠠᠩᠭᠢ᠃ ᠲᠤᠬᠠᠢ ᠶᠢᠨ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠠᠷᠢᠮ ᠣᠨᠴᠠ | ᠲᠣᠭᠲᠠᠭᠰᠠᠨ ᠭᠤᠣᠯᠳᠠᠯᠭ᠎ᠠ ᠲᠠᠢ᠂ ᠬᠠᠯᠠᠮᠰᠢᠯ ᠲᠠᠢ᠂ ᠬᠦᠴᠢᠷ ᠲᠠᠢ ᠠᠰᠠᠭᠤᠳᠠᠯ ᠳᠤ ᠴᠢᠭᠯᠡᠬᠦᠯᠦᠭᠰᠡᠨ | ᠶᠡᠷᠦᠩᠬᠡᠶᠢᠯᠡᠭᠰᠡᠨ ᠴᠢᠨᠠᠷᠲᠠᠢ ᠵᠠᠳᠠᠯᠤᠯᠲᠠ ᠳ᠋ᠦᠩᠨᠡᠯᠲᠡ᠃ | ︵ᠭᠤᠷᠪᠠ︶ ᠲᠤᠭᠤᠷᠪᠢᠨ ᠪᠢᠴᠢᠬᠦ ᠵᠠᠷᠴᠢᠮ | ᠴᠠᠭ ᠬᠤᠭᠤᠴᠠᠭᠠᠲᠤ ᠴᠢᠨᠠᠷ᠃ ᠲᠦᠷᠭᠡᠨ ᠴᠤᠭᠯᠠᠭᠤᠯᠬᠤ᠂ ᠲᠦᠷᠭᠡᠨ ᠪᠣᠯᠪᠠᠰᠤᠷᠠᠭᠤᠯᠬᠤ᠂ ᠲᠦᠷᠭᠡᠨ | ᠨᠠᠶᠢᠷᠠᠭᠤᠯᠤᠨ ᠪᠢᠴᠢᠬᠦ᠂ ᠲᠦᠷᠭᠡᠨ ᠳᠡᠭᠡᠭᠰᠢ ᠮᠡᠳᠡᠭᠦᠯᠬᠦ ᠶᠢ ᠪᠠᠷᠢᠮᠳᠠᠯᠠᠵᠤ᠂ ᠲᠤᠰᠬᠠᠭᠰᠠᠨ ᠠᠭᠤᠯᠭ᠎ᠠ ᠨᠢ ᠪᠥᠬᠦ | ᠬᠤᠰᠢᠭᠤᠨ ᠤ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠣᠬᠢᠷᠠᠭᠤᠯᠤᠯᠲᠠ | ᠪᠠᠶᠢᠷᠢᠯᠠᠭᠤᠯᠤᠯᠲᠠ ᠲᠠᠢ ᠨᠡᠶᠢᠴᠡᠵᠦ᠂ ᠪᠠᠶᠢᠳᠠᠯ ᠤᠨ ᠬᠥᠭᠵᠢᠯᠲᠡ ᠬᠤᠪᠢᠷᠠᠯᠲᠠ ᠪᠠ ᠠᠵᠢᠯ ᠤᠨ ᠠᠬᠢᠴᠠ ᠶᠢᠨ ᠬᠠᠮᠤᠭ | ᠰᠢᠨ᠎ᠡ ᠬᠦᠳᠡᠯᠦᠩᠭᠦᠢ ᠪᠠᠶᠢᠳᠠᠯ ᠢ ᠢᠯᠡᠷᠡᠭᠦᠯᠪᠡᠯ ᠵᠣᠬᠢᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠬᠦᠯᠬᠦ ᠡᠯ᠎ᠡ ᠲᠦᠷᠦᠯ ᠤᠨ ᠠᠵᠢᠯ ᠤᠨ ᠡᠬᠦᠷᠭᠡ ᠶᠢᠨ | ᠵᠠᠩᠭᠢᠯᠠᠭ᠎ᠠ ᠶᠢᠨ ᠴᠡᠭ ᠲᠠᠢ ᠨᠢᠭᠳᠠ ᠤᠶᠠᠯᠳᠤᠭᠤᠯᠵᠤ᠂ ᠮᠡᠳᠡᠭᠡ ᠵᠠᠩᠭᠢ ᠨᠠᠶᠢᠷᠠᠭᠤᠯᠤᠨ ᠪᠢᠴᠢᠬᠦ ᠪᠠ ᠮᠡᠳᠡᠭᠦᠯᠦᠨ | ᠬᠦᠷᠭᠡᠬᠦ ᠲᠥᠯᠥᠪᠯᠡᠭᠡ ᠶᠢ ᠰᠠᠶᠢᠲᠤᠷ ᠲᠣᠭᠲᠠᠭᠠᠵᠤ᠂ ᠤᠷᠲᠤ ᠬᠤᠭᠤᠴᠠᠭ᠎ᠠ ᠮᠡᠳᠡᠭᠦᠯᠬᠦ ᠦᠭᠡᠢ᠂ ᠣᠬᠤᠷ | ᠬᠤᠭᠤᠴᠠᠭ᠎ᠠ ᠳᠤ ᠱᠠᠯᠠᠪᠳᠠᠨ ᠮᠡᠳᠡᠭᠦᠯᠦᠨ ᠬᠦᠷᠭᠡᠬᠦ ᠦᠵᠡᠭᠳᠡᠯ ᠡᠬᠦᠰᠬᠦ ᠶᠢ ᠰᠡᠷᠬᠡᠶᠢᠯᠡᠨ᠎ᠡ᠃ | ᠬᠤᠷᠸ᠎ᠠ ᠴᠢᠨᠠᠷ᠃ ᠮᠡᠳᠡᠭᠡ ᠵᠠᠩᠭᠢ ᠶᠢ ᠨᠠᠶᠢᠷᠠᠭᠤᠯᠤᠨ ᠪᠢᠴᠢᠬᠦ ᠳᠤ ᠦᠵᠡᠯᠳᠡ ᠵᠤᠭᠰᠤᠯᠳᠠ ᠪᠠᠨ | ᠳᠡᠭᠡᠭᠰᠢᠯᠡᠭᠦᠯᠵᠦ᠂ ᠶᠡᠭᠡ ᠲᠠᠯ᠎ᠠ ᠶᠢ ᠠᠩᠬᠠᠷᠴᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠵᠠᠰᠠᠭ | ᠶᠠᠪᠤᠭᠤᠯᠬᠤ ᠳᠤ ᠲᠤᠰᠠᠯᠠᠬᠤ ᠪᠠᠷ ᠵᠤᠷᠢᠯᠳᠠ ᠪᠠᠨ ᠪᠤᠯᠭᠠᠵᠤ᠂ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠤᠨ | ᠲᠤᠭ᠎ᠠ ᠪᠠᠷᠢᠮᠲᠠ ᠪᠠᠷ ᠲᠤᠯᠭᠠᠭᠤᠷᠢᠯᠠᠯ ᠪᠣᠯᠭᠠᠵᠤ᠂ ᠨᠢᠭᠡ ᠯᠡ ᠳᠡᠭᠡᠷ᠎ᠡ ᠪᠦᠬᠦ ᠪᠡᠶ᠎ᠡ ᠶᠢ ᠬᠦᠳᠡᠯᠬᠦ ᠵᠠᠩᠭᠢᠯᠠᠭ᠎ᠠ ᠶᠢᠨ | ᠭᠤᠭᠴᠤᠭ᠎ᠠ ᠶᠢ ᠴᠢᠩᠭ᠎ᠠ ᠠᠳᠬᠤᠬᠤ ᠬᠡᠷᠡᠭᠲᠡᠢ᠃ | ᠪᠤᠰᠤᠳᠴᠢ ᠴᠢᠨᠠᠷ᠃ ᠡᠷᠬᠡᠪᠰᠢ ᠠᠵᠢᠯ ᠤᠨ ᠪᠣᠳᠠᠲᠤ ᠪᠠᠶᠢᠳᠠᠯ ᠢ ᠪᠤᠰᠤᠳᠴᠢ ᠪᠠᠷ ᠲᠤᠰᠬᠠᠵᠤ᠂ ᠵᠣᠬᠢᠶᠠᠯ ᠤᠨ | ᠬᠡᠪ ᠰᠤᠷᠲᠠᠯ ᠨᠢ ᠯᠠᠪᠳᠠᠭᠤᠨ ᠲᠣᠭᠲᠠᠭᠤᠨ᠂ ᠲᠥᠪ ᠬᠢᠴᠢᠶᠡᠩᠭᠦᠢ᠂ ᠳᠦᠷᠢᠮ ᠭᠤᠷᠢᠮ ᠲᠠᠢ ᠪᠠᠶᠢᠵᠤ᠂ | ᠠᠮᠵᠢᠯᠲᠠ ᠪᠠᠨ ᠲᠤᠰᠬᠠᠬᠤ ᠳᠠᠭᠠᠨ ᠲᠤᠭ᠎ᠠ ᠪᠠᠷᠢᠮᠲᠠ ᠪᠠᠷ ᠶᠠᠷᠢᠵᠤ᠂ ᠠᠰᠠᠭᠤᠳᠠᠯ ᠢ ᠲᠤᠰᠬᠠᠬᠤ ᠳᠠᠭᠠᠨ ᠦᠨᠡᠨ ᠠᠴᠠ | ᠵᠥᠪ ᠢ ᠡᠷᠢᠬᠦ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠮᠡᠳᠡᠭᠡ ᠵᠠᠩᠭᠢ ᠶᠢ ᠬᠢᠨᠠᠨ ᠬᠠᠷᠭᠤᠭᠤᠯᠬᠤ | ᠳᠦᠷᠢᠮ ᠢ ᠬᠡᠷᠡᠭᠵᠢᠭᠦᠯᠵᠦ᠂ ᠮᠡᠳᠡᠭᠦᠯᠦᠨ ᠬᠦᠷᠭᠡᠭᠰᠡᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠪᠤᠰᠤᠳᠴᠢ | ᠴᠢᠨᠠᠷ ᠲᠤ ᠬᠠᠷᠢᠭᠤᠴᠠᠵᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠶᠢ ᠡᠷᠡᠰ ᠬᠤᠷᠢᠭᠯᠠᠬᠤ ᠬᠡᠷᠡᠭᠲᠡᠢ᠃ | ᠬᠡᠷᠡᠭᠯᠡᠭᠡᠨ ᠤ ᠴᠢᠨᠠᠷ᠃ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠯ᠎ᠡ | ᠱᠠᠲᠤᠨ ᠤ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠨᠳᠤᠯᠭ᠎ᠠ ᠲᠠᠢ ᠪᠠᠷ ᠰᠢᠨ᠎ᠡ | ᠪᠠᠶᠢᠳᠠᠯ᠂ ᠰᠢᠨ᠎ᠡ ᠬᠤᠪᠢᠷᠠᠯᠲᠠ᠂ ᠰᠢᠨ᠎ᠡ ᠠᠰᠠᠭᠤᠳᠠᠯ ᠢ ᠲᠤᠰᠬᠠᠵᠤ᠂ ᠦᠨ᠎ᠡ ᠥᠷᠲᠡᠭ ᠲᠠᠢ ᠲᠤᠷᠰᠢᠯᠭ᠎ᠠ ᠪᠣᠯᠣᠨ | ᠠᠵᠢᠯ ᠤᠨ ᠠᠷᠭ᠎ᠠ ᠬᠢᠳᠡᠯ ᠢ ᠡᠮᠬᠢᠯᠡᠨ ᠳ᠋ᠦᠩᠨᠡᠬᠦ ᠬᠡᠷᠡᠭᠲᠡᠢ᠃ ᠠᠷᠭ᠎ᠠ ᠬᠡᠮᠵᠢᠶ᠎ᠡ᠂ ᠠᠷᠭᠠᠴᠠᠬᠤ ᠪᠣᠳᠣᠯᠭ᠎ᠠ ᠪᠠ | ᠰᠠᠨᠠᠭᠤᠯᠭ᠎ᠠ ᠳᠤᠷᠠᠳᠬᠤ ᠳᠠᠭᠠᠨ᠂ ᠪᠠᠷᠠᠭᠠᠯᠬᠢᠯᠠᠯᠳᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠪᠠ ᠳᠡᠯᠭᠡᠷᠡᠭᠦᠯᠵᠦ | ᠪᠣᠯᠬᠤᠶᠢᠴᠠ ᠴᠢᠨᠠᠷ ᠢ ᠴᠢᠬᠤᠯᠠᠴᠢᠯᠠᠬᠤ ᠬᠡᠷᠡᠭᠲᠡᠢ᠃ | ᠲᠣᠪᠴᠢ ᠴᠢᠨᠠᠷ᠃ ᠦᠭᠡ ᠬᠡᠯᠡ ᠨᠢ ᠨᠠᠷᠢᠯᠢᠭ᠂ ᠪᠦᠲᠦᠴᠡ ᠨᠢ ᠨᠢᠭᠲᠠ᠂ ᠡᠮᠬᠢ ᠴᠡᠭᠴᠡ ᠲᠠᠢ ᠪᠠᠶᠢᠬᠤ ᠶᠢ | ᠱᠠᠭᠠᠷᠳᠠᠵᠤ᠂ ᠭᠤᠣᠯ ᠰᠡᠳᠦᠪ ᠢᠶᠠᠨ ᠲᠥᠪᠯᠡᠷᠡᠭᠦᠯᠬᠦ᠂ ᠦᠵᠡᠯᠲᠡ ᠪᠠᠨ ᠲᠥᠪᠯᠡᠷᠡᠭᠦᠯᠬᠦ᠂ ᠦᠭᠡ ᠦᠰᠦᠭ ᠢᠶᠠᠨ | ᠲᠥᠪᠯᠡᠷᠡᠭᠦᠯᠬᠦ ᠶᠢ ᠪᠡᠶᠡᠯᠡᠬᠦᠯᠵᠦ᠂ ᠪᠦᠬᠦ ᠲᠠᠯ᠎ᠠ ᠶᠢ ᠬᠥᠭᠡᠭᠡᠴᠡᠯᠳᠦᠭᠡᠳ᠂ ᠪᠦᠬᠦ ᠲᠠᠯ᠎ᠠ ᠶᠢ ᠬᠠᠮᠤᠷᠴᠤ ᠪᠣᠯᠬᠤ ᠦᠭᠡᠢ | ᠃ | ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ | ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ | ᠮᠡᠳᠡᠭᠡ ᠵᠠᠩᠭᠢ ᠶᠢᠨ ᠠᠵᠢᠯ ᠨᠢ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠶᠢ | ᠰᠢᠯᠢᠳᠡᠭᠵᠢᠭᠦᠯᠦᠨ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠡᠯ᠎ᠡ ᠰᠠᠯᠠᠭ᠎ᠠ ᠮᠥᠴᠢᠷ ᠤᠨ | ᠬᠢᠨ ᠲᠡᠭᠦᠨ ᠢ ᠡᠷᠬᠡᠪᠰᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠭᠤᠣᠯ | ᠬᠠᠷᠢᠭᠤᠴᠠᠯᠭᠠᠲᠠᠨ ᠢ ᠲᠣᠳᠣᠷᠬᠠᠶᠢᠯᠠᠬᠤ ᠶᠢᠨ ᠬᠠᠮᠲᠤ ᠲᠤᠰᠬᠠᠢ ᠬᠥᠮᠥᠨ ᠵᠢᠭᠠᠨ ᠲᠣᠭᠲᠠᠭᠠᠵᠤ ᠮᠡᠳᠡᠭᠡ ᠵᠠᠩᠭᠢᠴᠢ ᠶᠢᠨ | ᠬᠤᠪᠢ ᠪᠠᠷ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠭᠤᠯᠤᠨ᠎ᠠ᠃ ᠡᠯ᠎ᠡ ᠰᠠᠯᠠᠭ᠎ᠠ ᠮᠥᠴᠢᠷ ᠤᠨ | ᠬᠢᠨ ᠮᠡᠳᠡᠭᠡ ᠵᠠᠩᠭᠢᠴᠢ ᠶᠢᠨ ᠨᠡᠷ᠎ᠡ ᠪᠠ ᠬᠠᠷᠢᠯᠴᠠᠬᠤ ᠠᠷᠭ᠎ᠠ ᠬᠡᠯᠪᠡᠷᠢ ᠶᠢ 3 ᠰᠠᠷ᠎ᠠ ᠶᠢᠨ 3 ᠤ ᠡᠳᠦᠷ ᠠᠴᠠ ᠡᠮᠦᠨ᠎ᠡ | ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠬᠦᠯᠬᠦ ᠠᠯᠪᠠᠨ ᠭᠡᠷ ᠲᠤ ᠮᠡᠳᠡᠭᠦᠯᠦᠨ | ᠬᠦᠷᠭᠡᠨ᠎ᠡ ︵ᠰᠢᠤᠳᠠᠨ ᠤ ᠬᠠᠶᠢᠷᠴᠠᠭ᠄ 1012266154@qq.com︶᠃ | ᠬᠤᠶᠠᠷ ᠲᠤ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂ ᠮᠡᠳᠡᠭᠡ ᠵᠠᠩᠭᠢ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠮᠡᠳᠡᠭᠦᠯᠦᠭᠰᠡᠨ ᠮᠡᠳᠡᠭᠡ ᠵᠠᠩᠭᠢ ᠨᠢ ᠠᠵᠢᠯ ᠤᠨ ᠪᠣᠳᠠᠲᠤ | ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠠᠭᠤᠯᠭ᠎ᠠ ᠶᠢᠨ ᠲᠠᠯ᠎ᠠ ᠪᠠᠷ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ᠂ ᠠᠵᠢᠯ ᠤᠨ ᠠᠷᠭ᠎ᠠ ᠬᠡᠮᠵᠢᠶ᠎ᠡ᠂ ᠦᠷ᠎ᠡ | ᠪᠦᠲᠦᠮᠵᠢ ᠵᠡᠷᠭᠡ ᠭᠤᠣᠯᠳᠠᠯᠭ᠎ᠠ ᠶᠢ ᠲᠤᠪᠤᠶᠢᠯᠭᠠᠵᠤ᠂ ᠨᠠᠷᠢᠨ ᠬᠢᠨᠠᠮᠠᠭᠠᠢ ᠨᠠᠶᠢᠷᠠᠭᠤᠯᠤᠨ ᠪᠢᠴᠢᠵᠦ ᠬᠢᠨᠠᠨ | ᠬᠠᠷᠭᠤᠭᠤᠯᠵᠤ᠂ ᠮᠡᠳᠡᠭᠡ ᠵᠠᠩᠭᠢ ᠶᠢᠨ ᠠᠭᠤᠯᠭ᠎ᠠ ᠶᠢ ᠨᠠᠷᠢᠨ ᠨᠢᠮᠪᠠᠢ ᠪᠣᠯᠪᠠᠰᠤᠷᠠᠭᠤᠯᠵᠤ᠂ ᠮᠡᠳᠡᠭᠡ ᠵᠠᠩᠭᠢ ᠶᠢᠨ | ᠦᠨ᠎ᠡ ᠥᠷᠲᠡᠭ ᠢ ᠭᠦᠨᠵᠡᠭᠡᠢ ᠠᠭᠤᠳᠠᠯᠤᠵᠤ᠂ ᠲᠤᠷᠰᠢᠯᠭ᠎ᠠ ᠶᠢᠨ ᠲᠥᠷᠥᠯ᠂ ᠵᠠᠳᠠᠯᠤᠯᠲᠠ ᠶᠢᠨ ᠲᠥᠷᠥᠯ᠂ | ᠪᠠᠶᠢᠴᠠᠭᠠᠨ ᠰᠤᠳᠤᠯᠤᠯᠲᠠ ᠶᠢᠨ ᠲᠥᠷᠥᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠳᠡᠭᠡᠭᠰᠢᠯᠡᠭᠦᠯᠬᠦ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠵᠦ᠂ ᠮᠡᠳᠡᠭᠡ ᠵᠠᠩᠭᠢ ᠶᠢᠨ ᠶᠡᠷᠦᠩᠬᠡᠶᠢᠯᠡᠭᠰᠡᠨ ᠯᠠᠪᠯᠠᠯᠲᠠ ᠶᠢᠨ ᠦᠨ᠎ᠡ ᠦᠷᠳᠡᠭ ᠪᠠ | ᠬᠡᠷᠡᠭᠯᠡᠯᠲᠡ ᠶᠢᠨ ᠦᠷ᠎ᠡ ᠪᠦᠲᠦᠮᠵᠢ ᠶᠢ ᠲᠡᠭᠡᠭᠰᠢᠯᠡᠬᠦᠯᠵᠦ᠂ ᠬᠤᠳᠬᠤᠯᠳᠤᠭᠤᠯᠵᠤ᠂ ᠬᠠᠰᠢ ᠶᠠᠰᠢ ᠪᠠᠷ ᠳᠠᠭᠤᠰᠬᠠᠵᠤ | ᠪᠣᠯᠬᠤ ᠦᠭᠡᠢ᠃ ᠳᠡᠭᠡᠷ᠎ᠡ ᠮᠡᠳᠡᠭᠡ ᠵᠠᠩᠭᠢ ᠮᠡᠳᠡᠭᠦᠯᠬᠦ ᠳᠤ ᠡᠷᠬᠡᠪᠰᠢ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ ᠪᠠᠷ ᠨᠠᠷᠢᠨ ᠬᠢᠨᠠᠮᠠᠭᠠᠢ ᠬᠢᠨᠠᠨ ᠬᠠᠷᠭᠤᠭᠤᠯᠤᠭᠤᠯᠵᠤ᠂ ᠳᠡᠭᠡᠭᠰᠢ ᠮᠡᠳᠡᠭᠦᠯᠬᠦ ᠲᠤᠭ᠎ᠠ ᠬᠡᠮᠵᠢᠶ᠎ᠡ ᠶᠢ | ᠪᠠᠲᠤᠯᠠᠬᠤ ᠶᠢᠨ ᠬᠠᠮᠲᠤ᠂ ᠮᠡᠳᠡᠭᠡ ᠵᠠᠩᠭᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠭᠤᠷᠪᠠ ᠳᠤ ᠬᠢᠨᠠᠨ ᠰᠢᠯᠭᠠᠵᠤ ᠦᠨᠡᠯᠡᠬᠦ ᠲᠣᠭᠲᠠᠴᠠ ᠪᠠᠶᠢᠭᠤᠯᠵᠤ᠂ ᠲᠣᠭᠲᠠᠭᠰᠠᠨ ᠬᠡᠮᠵᠢᠶᠡᠨ ᠤ ᠬᠠᠷᠠᠯᠲᠠᠲᠤ | ᠬᠢᠨᠠᠨ ᠰᠢᠯᠭᠠᠯᠲᠠ ᠶᠢ ᠬᠡᠷᠡᠭᠵᠢᠭᠦᠯᠦᠨ᠎ᠡ᠃ ᠡᠯ᠎ᠡ ᠰᠠᠯᠠᠭ᠎ᠠ ᠮᠥᠴᠢᠷ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠮᠡᠳᠡᠭᠡ ᠵᠠᠩᠭᠢ ᠶᠢ ᠭᠠᠷᠠᠭ ᠪᠦᠷᠢ 1 ᠵᠤᠷᠪᠤᠰ ᠠᠴᠠ ᠳᠤᠲᠠᠭᠤ ᠦᠭᠡᠢ ᠬᠦᠷᠭᠡᠵᠦ᠂ | ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠶᠢ ᠰᠢᠯᠢᠳᠡᠭᠵᠢᠭᠦᠯᠬᠦ ᠠᠯᠪᠠᠨ ᠭᠡᠷ ᠠᠴᠠ ᠰᠠᠷ᠎ᠠ ᠶᠢᠨ | ᠵᠠᠷᠯᠠᠯ ᠤᠨ ᠳᠦᠷᠢᠮ ᠢ ᠬᠡᠷᠡᠭᠵᠢᠬᠦᠯᠵᠦ᠂ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠭᠰᠡᠨ | ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠳ᠋ᠦᠩᠨᠡᠵᠦ᠂ ᠠᠮᠵᠢᠯᠲᠠ ᠪᠦᠲᠦᠮᠵᠢ ᠪᠠᠨ ᠨᠤᠲᠠᠯᠠᠵᠤ᠂ ᠠᠰᠠᠭᠤᠳᠠᠯ ᠢ | ᠵᠢᠭᠠᠨ ᠭᠠᠷᠭᠠᠵᠤ᠂ ᠱᠠᠭᠠᠷᠳᠠᠯᠭ᠎ᠠ ᠳᠤᠷᠠᠳᠴᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠨᠢᠭᠡᠴᠡ ᠳᠤ ᠮᠡᠳᠡᠭᠡ | ᠵᠠᠩᠭᠢ ᠶᠢ ᠮᠡᠳᠡᠭᠦᠯᠦᠨ ᠬᠦᠷᠭᠡᠭᠰᠡᠨ ᠵᠢᠴᠢ ᠬᠡᠷᠡᠭᠯᠡᠭᠰᠡᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠬᠤ | ᠬᠡᠷᠡᠭᠲᠡᠢ᠃ ᠡᠭᠦᠨ ᠤ ᠬᠠᠮᠲᠤ ᠪᠠᠰᠠ ᠲᠤᠰ ᠠᠵᠢᠯ ᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ | ᠣᠷᠣᠭᠤᠯᠵᠤ᠂ ᠮᠡᠳᠡᠭᠡ ᠵᠠᠩᠭᠢ ᠶᠢᠨ ᠠᠵᠢᠯ ᠤᠨ ᠠᠮᠵᠢᠯᠲᠠ ᠪᠦᠲᠦᠮᠵᠢ ᠪᠠᠷ ᠲᠣᠪᠣᠶᠢᠮ᠎ᠠ ᠨᠢᠭᠡᠴᠡ ᠪᠠ ᠬᠤᠪᠢ | ᠬᠥᠮᠥᠨ ᠢ ᠵᠠᠷᠯᠠᠨ ᠰᠠᠶᠢᠰᠢᠶᠠᠵᠤ᠂ ᠴᠢᠬᠤᠯᠠ ᠮᠡᠳᠡᠭᠡ ᠵᠠᠩᠭᠢ ᠶᠢ ᠤᠳᠠᠭᠠᠰᠢᠷᠠᠭᠤᠯᠤᠨ ᠮᠡᠳᠡᠭᠦᠯᠦᠭᠰᠡᠨ᠂ | ᠣᠷᠬᠢᠭᠳᠠᠭᠤᠯᠤᠨ ᠮᠡᠳᠡᠭᠦᠯᠦᠭᠰᠡᠨ᠂ ᠠᠳᠡᠭᠦᠦ ᠮᠡᠳᠡᠭᠦᠯᠦᠭᠰᠡᠨ ᠪᠠᠶᠢᠪᠠᠯ᠂ ᠪᠠᠶᠢᠳᠠᠯ ᠢ ᠨᠢ ᠦᠵᠡᠵᠦ ᠪᠠᠶᠢᠭᠠᠳ ᠵᠠᠷᠯᠠᠨ | ᠰᠢᠭᠦᠮᠵᠢᠯᠡᠬᠦ ᠬᠡᠷᠡᠭᠲᠡᠢ᠃ ᠮᠡᠳᠡᠭᠡ ᠵᠠᠩᠭᠢ ᠶᠢ ᠲᠣᠭᠲᠠᠭᠰᠠᠨ ᠰᠢᠤᠳᠠᠨ ᠬᠠᠶᠢᠷᠴᠠᠭ ᠲᠤ ᠴᠠᠭ ᠲᠤᠬᠠᠢ ᠳᠤᠨᠢ ᠴᠢᠨᠠᠷ ᠢ | ᠪᠠᠲᠤᠯᠠᠨ ᠬᠦᠷᠭᠡᠬᠦ ᠬᠡᠷᠡᠭᠲᠡᠢ᠃ | ᠳᠡᠭᠡᠭᠰᠢ ᠮᠡᠳᠡᠭᠦᠯᠬᠦ ᠳᠡᠭᠡᠨ ᠡᠯᠧᠺᠲᠷᠣᠨ ᠬᠡᠪᠯᠡᠯ ᠳᠤ ᠠᠯᠪᠠᠨ ᠲᠠᠮᠠᠭ᠎ᠠ ᠳᠠᠷᠤᠵᠤ᠂ PDF ᠬᠡᠯᠪᠡᠷᠢ ᠪᠠᠷ | ᠰᠢᠤᠳᠠᠨ ᠤ ᠬᠠᠶᠢᠷᠴᠠᠭ ᠲᠤ ᠢᠯᠡᠭᠡᠬᠦ ᠶᠢ ᠱᠠᠭᠠᠷᠳᠠᠨ᠎ᠠ᠃ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠷᠢᠯᠴᠠᠬᠤ ᠬᠥᠮᠥᠨ᠄ ᠯᠢ ᠵᠢᠶᠠ | ᠬᠤᠶ᠂ ᠬᠠᠷᠢᠯᠴᠠᠬᠤ ᠤᠲᠠᠰᠤ᠄ 18347599446︔ 0475-5210117 ᠃ ᠰᠢᠤᠳᠠᠨ ᠤ ᠬᠠᠶᠢᠷᠴᠠᠭ | ᠄1012266154@qq᠃ com᠃ | 2022 ᠣᠨ ᠤ 2 ᠰᠠᠷ᠎ᠠ ᠶᠢᠨ 28 ᠤ ᠡᠳᠦᠷ | | |