| | ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ | ᠪᠥᠭᠡᠳ ᠨᠠᠷᠢᠨ ᠪᠤᠳᠤᠯᠢᠶᠠᠨᠲᠠᠢ ᠪᠠᠶᠢᠨ᠎ᠠ᠂ ᠢᠯᠠᠩᠭᠤᠶ᠎ᠠ ︽5.1︾ ᠤ ᠠᠮᠠᠷᠠᠯᠲᠠ ᠶᠢᠨ ᠬᠤᠭᠤᠴᠠᠭ᠎ᠠ ᠪᠣᠯᠬᠤ | ᠭᠡᠵᠦ ᠪᠠᠶᠢᠭ᠎ᠠ ᠪᠣᠯᠬᠤᠷ ᠬᠥᠮᠥᠨ ᠬᠠᠷ᠎ᠠ ᠨᠠᠰᠢ ᠴᠠᠰᠢ ᠶᠠᠪᠤᠬᠤ᠂ ᠲᠥᠪᠯᠡᠷᠡᠨ ᠨᠡᠮᠡᠭᠳᠡᠬᠦ ᠠᠴᠠ ᠪᠠᠶᠢᠩᠭᠤ ᠶᠢᠨ | ᠴᠢᠨᠠᠷᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠴᠥᠬᠡᠨ ᠴᠦ ᠰᠤᠯᠠᠷᠠᠭᠤᠯᠵᠤ ᠪᠣᠯᠬᠤ | ᠦᠭᠡᠢ᠃ ᠪᠥᠬᠦ ᠬᠤᠰᠢᠭᠤᠨ ᠤ ᠠᠷᠠᠳ ᠲᠦᠮᠡᠨ ᠤ ᠪᠠᠶᠠᠷ ᠬᠥᠷ ᠲᠠᠢ᠂ ᠡᠷᠡᠭᠦᠯ ᠮᠡᠨᠳᠦ᠂ ᠠᠮᠤᠷ ᠲᠦᠪᠰᠢᠨ ︽ | ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢ ᠥᠩᠭᠡᠷᠡᠭᠦᠯᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ | ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠵᠠᠪᠠᠯ ᠭᠠᠷᠬᠤ ᠤᠴᠢᠷ ᠦᠬᠡᠢ ᠪᠤᠯ ᠬᠤᠰᠢᠭᠤ ᠠᠴᠠ ᠪᠠᠨ ᠰᠠᠯᠵᠥ ᠪᠤᠯᠬᠤ ᠦᠬᠡᠢ᠃ ᠳᠤᠮᠳᠠ᠂ | ᠲᠡᠭᠡᠳᠦ ᠲᠦᠭᠰᠢᠬᠦᠷᠢᠳᠦ ᠭᠠᠵᠠᠷ ᠣᠷᠣᠨ ᠵᠢᠴᠢ ᠪᠠᠶᠢᠭ᠎ᠠ ᠰᠢᠶᠠᠨ ︵ᠬᠤᠲᠠ᠂ ᠲᠣᠭᠤᠷᠢᠭ᠂ ᠬᠤᠰᠢᠭᠤ︶ ᠳᠤ | ᠣᠴᠢᠬᠤ ᠶᠢ ᠴᠢᠩᠭ᠎ᠠ ᠬᠢᠵᠠᠭᠠᠷᠯᠠᠵᠤ᠂ ᠳᠤᠮᠳᠠ᠂ ᠲᠡᠭᠡᠳᠦ ᠲᠦᠭᠰᠢᠬᠦᠷᠢᠳᠦ ᠭᠠᠵᠠᠷ ᠣᠷᠣᠨ ᠤ ᠪᠠᠶᠢᠭ᠎ᠠ | ᠭᠠᠵᠠᠷ ᠤᠨ ᠬᠤᠲᠠ ᠶᠢᠨ ᠪᠤᠰᠤᠳ ᠰᠢᠶᠠᠨ ︵ᠬᠤᠲᠠ᠂ ᠲᠣᠭᠤᠷᠢᠭ᠂ ᠬᠤᠰᠢᠭᠤ︶ ᠵᠢᠴᠢ ᠬᠢᠵᠢᠭ ᠤᠨ ᠪᠠᠶᠢᠳᠠᠯ ᠤᠨ | ᠮᠡᠳᠡᠭᠦᠯᠦᠯᠲᠡ ᠲᠠᠢ ᠬᠤᠲᠠ ᠳᠤ ᠦᠨᠡᠨᠬᠦ ᠣᠴᠢᠬᠤ ᠴᠢᠬᠤᠯᠠ ᠲᠠᠢ ᠪᠣᠯ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ | ᠲᠣᠰᠬᠤᠨ︶ ᠪᠣᠯᠣᠨ ᠠᠵᠢᠯᠯᠠᠵᠤ ᠪᠠᠶᠢᠭ᠎ᠠ ᠨᠢᠭᠡᠴᠡ ᠳᠡᠭᠡᠨ ᠶᠠᠪᠤᠵᠥ ᠰᠠᠭᠤᠬᠤ ᠠᠶᠠᠯᠠᠯ ᠢᠶᠠᠨ ᠤᠷᠢᠳᠴᠢᠯᠠᠨ | ᠮᠡᠳᠡᠭᠦᠯᠵᠦ ᠳᠠᠩᠰᠠᠯᠠᠭᠤᠯᠬᠤ ᠶᠢᠨ ᠬᠠᠮᠲᠤ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃ | ᠬᠠᠯᠠᠭᠤᠷᠠᠭᠰᠠᠨ ᠡᠪᠡᠳᠴᠢᠲᠡᠨ᠂ ᠡᠷᠡᠭᠦᠯ ᠮᠡᠨᠳᠦ ᠶᠢᠨ ᠺᠣᠳ᠋ ᠪᠤᠶᠤ ᠠᠶᠠᠯᠠᠯ ᠤᠨ ᠺᠣᠳ᠋ ᠨᠢ ᠬᠡᠪ ᠤᠨ ᠪᠤᠰᠤ ᠬᠥᠮᠥᠰ | ᠲᠦᠭᠰᠢᠭᠦᠷᠢ ᠶᠢ ᠠᠷᠢᠯᠭᠠᠬᠤ ᠠᠴᠠ ᠡᠮᠦᠨ᠎ᠡ ᠭᠠᠳᠠᠭᠰᠢ ᠭᠠᠷᠴᠤ ᠪᠣᠯᠬᠤ ᠦᠭᠡᠢ᠃ ᠪᠥᠬᠦ ᠬᠤᠰᠢᠭᠤᠨ ᠤ ᠪᠠᠭᠰᠢ | ᠰᠣᠷᠣᠭᠴᠢ ᠵᠢᠴᠢ ᠭᠡᠷ ᠪᠦᠯᠢ ᠶᠢᠨ ᠬᠢᠨ ︵ᠭᠡᠷ ᠤᠨ ᠠᠬᠠᠮᠠᠳ︶ ᠵᠠᠷᠴᠢᠮ ᠳᠡᠭᠡᠷ᠎ᠡ ᠪᠠᠨ ᠲᠦᠩᠯᠢᠶᠣᠣ ᠬᠤᠲᠠ ᠠᠴᠠ | ᠰᠠᠯᠵᠤ ᠪᠣᠯᠬᠤ ᠦᠭᠡᠢ᠂ ᠬᠡᠷᠪᠡ ᠲᠦᠩᠯᠢᠶᠣᠣ ᠬᠤᠲᠠ ᠠᠴᠠ ᠰᠠᠯᠪᠠᠯ᠂ ᠪᠤᠴᠠᠵᠤ ᠢᠷᠡᠭᠰᠡᠨ ᠤ ᠳᠠᠷᠠᠭ᠎ᠠ 48 | ᠴᠠᠭ ᠤᠨ ᠪᠦᠭᠡᠮ ᠬᠦᠴᠢᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠠᠩᠭᠠᠬᠤ ᠶᠢᠨ ᠬᠠᠮᠲᠤ ᠭᠡᠷ ᠲᠡᠭᠡᠨ | ᠰᠠᠭᠤᠵᠥ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ 7 ᠡᠳᠦᠷ ᠬᠢᠨ᠎ᠡ᠂ ᠡᠨᠡ ᠬᠤᠭᠤᠴᠠᠭᠠᠨ ᠳᠤ ᠰᠤᠷᠤᠬᠴᠢ | ᠰᠦᠯᠵᠢᠶᠡᠨ ᠳᠡᠭᠡᠷ᠎ᠡ ᠬᠢᠴᠢᠶᠡᠯᠯᠡᠨ᠎ᠡ᠃ | ᠬᠤᠶᠠᠷ᠂ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠶᠢ ᠴᠢᠩᠭᠠᠳᠬᠠᠬᠤ ᠬᠡᠷᠡᠭᠲᠡᠢ᠃ | ᠣᠶᠢᠷ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠳᠤ ᠢᠷᠡᠬᠦ ᠪᠠᠷ ᠲᠥᠯᠥᠪᠯᠡᠵᠦ ᠪᠠᠶᠢᠭ᠎ᠠ ᠬᠥᠮᠥᠰ ᠵᠣᠷᠢᠭᠰᠠᠨ | ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠭᠤᠳᠠᠯ ᠳᠤ ᠰᠠᠭᠤᠬᠤ ᠪᠠᠭᠤᠳᠠᠯ ᠪᠠ ᠠᠵᠢᠯᠯᠠᠬᠤ | ᠨᠢᠭᠡᠴᠡ ᠳᠤ ᠠᠶᠠᠯᠠᠯ ᠢᠶᠠᠨ ᠤᠷᠢᠳᠴᠢᠯᠠᠨ ᠮᠡᠳᠡᠭᠦᠯᠵᠦ᠂ ᠬᠤᠰᠢᠭᠤᠨ ᠳᠤ ᠢᠷᠡᠭᠰᠡᠨ ᠤ ᠳᠠᠷᠠᠭ᠎ᠠ ᠬᠠᠮᠤᠭ | ᠲᠡᠷᠢᠭᠦᠨ ᠳᠤ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠭᠤᠳᠠᠯ ᠳᠤ ᠰᠠᠭᠤᠬᠤ ᠪᠠᠭᠤᠳᠠᠯ ᠪᠠ ᠠᠵᠢᠯᠯᠠᠬᠤ | ᠨᠢᠭᠡᠴᠡ ᠳᠤ ᠮᠡᠳᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ | ᠨᠠᠶᠢᠳᠠᠪᠤᠷᠢᠵᠢᠭᠤᠯᠬᠤ ᠭᠡᠷᠡᠭᠳᠡᠢ︔ ᠰᠢᠨ᠎ᠡ ᠲᠢᠳᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠭᠰᠠᠳ ᠤᠨ | ᠠᠵᠢᠯᠯᠠᠭ᠎ᠠ ᠶᠢᠨ ᠵᠠᠮ ᠮᠥᠷ ᠲᠠᠢ ᠳᠠᠪᠬᠤᠴᠠᠭᠰᠠᠳ ᠨᠢ ᠳᠠᠷᠤᠢ ᠲᠦᠷᠭᠡᠨ ᠬᠤᠰᠢᠭᠤᠨ ᠤ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠥᠪ ᠲᠤ ᠬᠠᠮᠢᠶ᠎ᠠ ᠪᠦᠬᠦᠢ ᠮᠡᠳᠡᠭᠡ ᠵᠠᠩᠭᠢ ᠶᠢ ᠮᠡᠳᠡᠭᠦᠯᠬᠦ ᠶᠢᠨ ᠬᠠᠮᠲᠤ ᠬᠢᠵᠢᠭ ᠢ | ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃ | ᠭᠤᠷᠪᠠ᠂ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠢ᠃ ᠲᠣᠮᠣ | ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ᠂ ᠪᠣᠷᠣᠯᠠᠭᠤᠯᠬᠤ ᠶᠢ ᠠᠬᠢᠭᠤᠯᠬᠤ᠂ ᠪᠠᠶᠠᠷ ᠤᠨ ᠶᠣᠰᠣᠯᠠᠯ ᠢ | ᠪᠡᠯᠭᠡᠯᠡᠬᠦ᠂ ᠲᠣᠮᠣ ᠬᠡᠯᠪᠡᠷᠢ ᠶᠢᠨ ᠬᠤᠷᠠᠯ᠂ ᠪᠣᠯᠪᠠᠰᠤᠷᠠᠭᠤᠯᠤᠯ ᠤᠨ ᠲᠠᠶᠢᠯᠤᠮᠵᠢ ᠵᠡᠷᠭᠡ ᠠᠵᠢᠯᠯᠠᠭ᠎ᠠ ᠶᠢ ᠴᠢᠩᠭ᠎ᠠ | ᠬᠢᠵᠠᠭᠠᠷᠯᠠᠵᠤ᠂ 50 ᠬᠥᠮᠥᠨ ᠠᠴᠠ ᠳᠡᠭᠡᠭᠰᠢᠬᠢ ᠠᠵᠢᠯᠯᠠᠭ᠎ᠠ ᠳᠤ ᠪᠦᠷᠢᠨ ᠲᠡᠭᠦᠯᠳᠡᠷ ᠰᠡᠷᠭᠡᠶᠢᠯᠡᠨ ᠡᠵᠡᠮᠳᠡᠬᠦ | ᠲᠥᠰᠥᠯ ᠪᠠ ᠪᠠᠴᠢᠮ ᠪᠠᠶᠢᠳᠠᠯ ᠢ ᠠᠷᠭᠠᠴᠠᠬᠤ ᠲᠥᠰᠥᠯ ᠲᠣᠭᠲᠠᠭᠠᠬᠤ ᠶᠢᠨ ᠬᠠᠮᠲᠤ᠂ ᠬᠠᠷᠢᠶ᠎ᠠ ᠭᠠᠵᠠᠷ ᠤᠨ | ᠵᠠᠰᠠᠭ ᠤᠨ ᠣᠷᠳᠣᠨ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ | ᠳᠠᠩᠰᠠᠯᠠᠭᠤᠯᠵᠤ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠪᠠ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠡᠷᠭᠢᠯᠡᠵᠦ ᠪᠣᠯᠣᠨ᠎ᠠ᠃ ︽ | ᠬᠤᠷᠢᠮ ᠨᠠᠶᠢᠷ ᠢ ᠬᠤᠶᠢᠰᠢᠯᠠᠭᠤᠯᠬᠤ᠂ ᠪᠤᠶᠠᠨ ᠨᠤᠮ ᠢ ᠳᠥᠭᠦᠮᠴᠢᠯᠡᠬᠦ᠂ ᠳᠠᠶᠢᠯᠠᠯᠭ᠎ᠠ ᠦᠯᠦ ᠡᠷᠬᠢᠯᠡᠬᠦ ︾ ᠶᠢ | ᠦᠷᠭᠦᠯᠵᠢᠯᠡᠨ ᠰᠠᠨᠠᠭᠠᠴᠢᠯᠠᠵᠤ᠂ ᠶᠠᠮᠠᠷᠪᠠ ᠨᠢᠭᠡᠴᠡ ᠪᠣᠯᠣᠨ ᠬᠤᠪᠢ ᠬᠥᠮᠥᠨ ᠭᠡᠳ 5 ᠰᠢᠷᠡᠭᠡᠨ ᠠᠴᠠ ᠳᠡᠭᠡᠭᠰᠢ | ᠪᠤᠶᠤ ᠬᠥᠮᠥᠨ ᠤ ᠲᠤᠭ᠎ᠠ ᠨᠢ 50 ᠬᠥᠮᠥᠨ ᠠᠴᠠ ᠬᠡᠲᠦᠷᠡᠭᠰᠡᠨ ᠬᠠᠮᠲᠤ ᠶᠢᠨ ᠬᠤᠭᠤᠯᠠᠯᠠᠯᠭᠠ ᠶᠢᠨ ᠠᠵᠢᠯᠯᠠᠭ᠎ᠠ ᠶᠢ | ᠵᠣᠬᠢᠶᠠᠨ ᠪᠠᠶᠢᠭᠤᠯᠵᠤ᠂ ᠳᠠᠭᠠᠭᠠᠨ ᠠᠪᠴᠤ ᠬᠢᠵᠦ ᠪᠣᠯᠬᠤ ᠦᠭᠡᠢ᠃ ᠣᠯᠠᠨ ᠲᠦᠮᠡᠨ ᠤ ᠢᠳᠡᠪᠬᠢᠲᠡᠢ ᠪᠠᠷ | ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠲᠣᠭᠲᠠᠭᠰᠠᠨ ᠬᠥᠮᠥᠨ ᠤ ᠲᠤᠭ᠎ᠠ ᠠᠴᠠ ᠳᠠᠪᠠᠭᠤᠯᠤᠨ ᠥᠷᠨᠢᠭᠦᠯᠦᠭᠰᠡᠨ | ᠴᠤᠭᠯᠠᠷᠠᠯ ᠤᠨ ᠴᠢᠨᠠᠷᠲᠠᠢ ᠠᠵᠢᠯᠯᠠᠭ᠎ᠠ ᠳᠤ᠂ ᠣᠯᠠᠨ ᠲᠦᠮᠡᠨ ᠠᠴᠠ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ | 0475 — 5996315 ᠳᠤ ᠤᠲᠠᠰᠤᠳᠠᠵᠤ ᠲᠤᠰᠬᠠᠨ᠎ᠠ᠃ | ᠳᠥᠷᠪᠡ᠂ ᠭᠤᠣᠯᠳᠠᠯᠭ᠎ᠠ ᠲᠠᠢ ᠲᠠᠯᠠᠪᠠᠢ ᠭᠠᠵᠠᠷ ᠤᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠭᠡᠷᠡᠭᠳᠡᠢ᠃ | ᠡᠯ᠎ᠡ ᠠᠵᠢᠯ ᠲᠥᠷᠥᠯ ᠤᠨ ᠬᠢᠨ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ | ᠰᠠᠶᠢᠲᠤᠷ ᠬᠢᠵᠦ᠂ ᠬᠤᠳᠠᠯᠳᠤᠭᠠᠨ ᠤ ᠲᠠᠯᠠᠪᠠᠢ᠂ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ᠂ ᠵᠤᠭ᠎ᠠ ᠴᠡᠩᠭᠡᠯ ᠰᠡᠯᠡᠭᠦᠴᠡᠯ ᠵᠡᠷᠭᠡ ᠭᠤᠣᠯᠳᠠᠯᠭ᠎ᠠ ᠲᠠᠢ ᠲᠠᠯᠠᠪᠠᠢ ᠵᠢᠴᠢ ᠣᠯᠠᠨ ᠨᠡᠶᠢᠲᠡ ᠶᠢᠨ | ᠲᠠᠯᠠᠪᠠᠢ ᠲᠤ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠠᠮᠠᠪᠴᠢ ᠵᠡᠭᠦᠬᠦ᠂ ᠬᠤᠣᠰ ᠨᠣᠮᠧᠷ ᠢᠶᠠᠷ ᠪᠠᠶᠢᠴᠠᠭᠠᠨ | ᠰᠢᠯᠭᠠᠬᠤ᠂ ᠠᠷᠢᠭᠤᠳᠬᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠢ︔ ᠺᠢᠨᠣ᠋ ᠲᠢᠶᠠᠲᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠲᠠᠯᠠᠪᠠᠢ ᠭᠠᠵᠠᠷ ᠲᠤ ᠬᠦᠮᠦᠨ ᠤ | ᠤᠷᠤᠰᠬᠠᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠥᠯᠢᠶᠡᠨ ᠠᠪᠬᠤ ᠬᠥᠮᠥᠨ ᠤ ᠲᠤᠭ᠎ᠠ ᠶᠢ ᠬᠢᠨᠠᠨ | ᠲᠣᠭᠲᠠᠭᠠᠭᠰᠠᠨ ᠬᠥᠮᠥᠨ ᠤ ᠲᠤᠭ᠎ᠠ ᠶᠢᠨ 75% ᠠᠴᠠ ᠬᠡᠲᠦᠷᠡᠭᠦᠯᠵᠦ ᠪᠣᠯᠬᠤ ᠦᠭᠡᠢ︔ ᠵᠣᠴᠢᠳ ᠤᠨ | ᠪᠠᠭᠤᠳᠠᠯ᠂ ᠠᠷᠢᠬᠢᠨ ᠪᠠᠭᠤᠳᠠᠯ᠂ ᠠᠷᠠᠳ ᠤᠨ ᠪᠠᠭᠤᠳᠠᠯ ᠵᠡᠷᠭᠡ ᠬᠤᠨᠤᠭ ᠤᠨ ᠭᠠᠵᠠᠷ ᠤᠳ ᠬᠤᠨᠤᠭ ᠤᠨ ᠬᠥᠮᠥᠰ ᠤᠨ | ᠳᠡᠩᠰᠡᠯᠡᠨ ᠲᠡᠮᠳᠡᠭᠯᠡᠬᠦ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠢ︔ᠨᠠᠰᠤᠨ ᠳᠤ | ᠭᠦᠷᠦᠭᠰᠡᠳ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠺᠣᠳ᠋ ᠰᠢᠷᠪᠢᠬᠦ᠂ ᠳᠤᠯᠠᠭᠠᠨ ᠤ ᠬᠡᠮᠵᠢᠶ᠎ᠡ ᠶᠢ ᠬᠡᠮᠵᠢᠬᠦ᠂ | ᠤᠷᠤᠰᠬᠠᠯ ᠢ ᠬᠢᠵᠠᠭᠠᠷᠯᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ ᠠᠯᠬᠤᠮ ᠠᠯᠬᠤᠮ ᠢᠶᠠᠷ ᠨᠡᠭᠡᠭᠡᠵᠥ ᠪᠣᠯᠣᠨ᠎ᠠ᠂ ᠡᠭᠦᠨ ᠠᠴᠠ ᠭᠠᠳᠠᠨ᠎ᠠ | ᠂ ᠪᠤᠰᠤᠳ ᠡᠯ᠎ᠡ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠤᠨ ᠴᠢᠯᠦᠭᠡᠲᠡᠢ ᠨᠡᠭᠡᠭᠡᠬᠦ ᠶᠢ ᠴᠢᠩᠭ᠎ᠠ | ᠴᠠᠭᠠᠵᠠᠯᠠᠨ᠎ᠠ︔ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠬᠠᠯᠠᠭᠤᠨ ᠢ ᠪᠠᠭᠤᠷᠠᠭᠤᠯᠬᠤ ᠡᠮ᠂ ᠬᠠᠨᠢᠶᠠᠳᠤ ᠶᠢ | ᠵᠣᠭᠰᠤᠭᠠᠬᠤ ᠡᠮ᠂ ᠸᠢᠷᠦ᠋ᠰ ᠢ ᠡᠰᠡᠷᠭᠦᠴᠡᠬᠦ ᠡᠮ᠂ ᠪᠠᠺᠲ᠋ᠧᠷᠢ ᠳᠠᠷᠤᠬᠤ ᠡᠳ᠋ ᠵᠡᠷᠭᠡ ᠡᠮ ᠤᠨ ᠵᠦᠢᠯ ᠢ | ᠬᠤᠳᠠᠯᠳᠤᠨ ᠠᠪᠤᠭᠴᠢ ᠪᠠ ᠡᠮ ᠬᠡᠷᠡᠭᠯᠡᠭᠴᠢ ᠶᠢ ᠦᠨᠡᠨ ᠨᠡᠷ᠎ᠡ ᠪᠠᠷ ᠨᠢ ᠳᠠᠩᠰᠠᠯᠠᠬᠤ ᠶᠢ ᠰᠠᠶᠢᠲᠤᠷ ᠬᠢᠬᠦ ᠶᠢᠨ ᠬᠠᠮᠲᠤ | ᠂ ᠡᠳᠦᠷ ᠪᠦᠷᠢ ᠬᠤᠷᠢᠶᠠᠩᠭᠤᠶᠢᠯᠠᠭᠠᠳ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠭᠡᠬᠦ ᠬᠡᠷᠡᠭᠲᠡᠢ᠃ ᠬᠡᠷᠪᠡ | ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠵᠢᠴᠢ ᠪᠡᠶ᠎ᠡ ᠶᠢᠨ ᠳᠤᠯᠠᠭᠠᠨ ᠬᠡᠪ ᠤᠨ ᠪᠤᠰᠤ ᠪᠠᠶᠢᠬᠤ ᠶᠢ ᠣᠯᠵᠤ | ᠮᠡᠳᠡᠪᠡᠯ᠂ ᠬᠠᠷᠢᠶᠠᠲᠤ ᠣᠷᠣᠨ ᠤ ᠵᠠᠰᠠᠭ ᠤᠨ ᠣᠷᠳᠣᠨ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠳᠠᠷᠤᠶᠢᠬᠠᠨ ᠮᠡᠳᠡᠭᠦᠯᠬᠦ ᠬᠡᠷᠡᠭᠲᠡᠢ᠃ | ᠲᠠᠪᠤ᠂ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃ ︽ᠠᠮᠠᠪᠴᠢ ᠵᠡᠭᠦᠬᠦ᠂ ᠭᠠᠷ ᠢᠶᠠᠨ | ᠦᠷᠭᠦᠯᠵᠢ ᠤᠬᠢᠶᠠᠬᠤ᠂ ᠰᠠᠯᠬᠢ ᠦᠷᠭᠦᠯᠵᠢ ᠨᠡᠪᠲᠡᠷᠡᠭᠦᠯᠬᠦ᠂ ᠦᠷᠭᠦᠯᠵᠢ ᠠᠷᠢᠭᠤᠳᠬᠠᠬᠤ᠂ ᠨᠢᠭᠡ ᠮᠧᠲᠷ ᠤᠨ | ᠱᠤᠭᠤᠮ᠂ ᠨᠡᠶᠢᠲᠡ ᠶᠢᠨ ᠰᠠᠪᠬ᠎ᠠ ᠬᠡᠷᠡᠭᠯᠡᠬᠦ︾ ᠵᠡᠷᠭᠡ ᠬᠤᠪᠢ ᠬᠥᠮᠥᠨ ᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ | ᠳᠠᠳᠬᠠᠯ ᠢ ᠪᠠᠷᠢᠮᠲᠠᠯᠠᠨ᠂ ᠴᠤᠭᠯᠠᠷᠠᠬᠤ ᠦᠭᠡᠢ᠂ ᠤᠪᠤᠭᠠᠷᠠᠬᠤ ᠦᠭᠡᠢ ᠪᠠᠶᠢᠵᠤ᠂ ᠬᠠᠯᠳᠠᠪᠤᠷᠢᠯᠠᠬᠤ ᠲᠦᠭᠰᠢᠭᠦᠷᠢ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠳᠤᠯᠠᠭᠠᠨ ᠤ ᠬᠡᠮᠵᠢᠶ᠎ᠡ ᠶᠢ ᠰᠢᠯᠭᠠᠨ ᠪᠠᠶᠢᠴᠠᠭᠠᠬᠤ᠂ ᠸᠠᠺᠼᠢᠨ ᠤ | ᠲᠠᠷᠢᠯᠭ᠎ᠠ ᠳᠠᠷᠢᠬᠤ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠰᠠᠶᠢᠲᠤᠷ | ᠬᠢᠬᠦ ᠭᠡᠷᠡᠭᠳᠡᠢ ᠃ | | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ |