| | ᠤᠳᠤ ᠲᠠ ᠪᠦᠬᠦᠨ ᠳᠤ ︽ᠬᠤᠪᠢᠰᠬᠠᠯ ᠤᠨ ᠤᠯᠪᠠᠭ᠎ᠠ ᠶᠢ ᠤᠯᠠᠮᠵᠢᠯᠠᠨ᠂ ᠳᠤᠮᠳᠠᠳᠤ ᠤᠯᠤᠰ ᠤᠨ | ᠤᠨᠴᠠᠯᠢᠭ ᠲᠠᠢ ᠲᠡᠯᠡᠬᠡᠢ ᠶᠢᠨ ᠳᠡᠷᠢᠭᠦᠨ ᠤ ᠶᠡᠭᠡ ᠰᠤᠷᠭᠠᠭᠤᠯᠢ ᠶᠢ ᠪᠠᠶᠢᠭᠤᠯᠤᠶ᠎ᠠ︾ ᠭᠡᠰᠡᠨ ᠭᠠᠷᠴᠠᠭ ᠲᠠᠢ ᠲᠦᠪ | ᠲᠧᠯᠸᠢᠰ ᠤᠨ ᠰᠢᠭᠤᠷᠬᠠᠢ ᠰᠢᠭᠦᠮᠵᠢ ᠶᠢ ᠰᠤᠨᠤᠰᠬᠠᠶ᠎ᠠ᠃ | ᠰᠢᠭᠤᠷᠬᠠᠢ ᠰᠢᠭᠦᠮᠵᠢ ᠳᠤ ᠴᠢᠬᠤᠯᠠᠴᠢᠯᠠᠬᠤ ᠳᠠᠭᠠᠨ᠄ ᠳᠡᠷᠢᠭᠦᠨ ᠤ ᠰᠤᠷᠭᠠᠭᠤᠯᠢ ᠨᠢ ᠴᠦᠮ ᠤᠯᠤᠰ | ᠤᠷᠤᠨ ᠤ ᠬᠦᠭᠵᠢᠯ ᠳᠤ ᠦᠢᠯᠡᠴᠢᠯᠡᠬᠦ ᠶᠠᠪᠤᠴᠠ ᠳᠤ ᠬᠦᠭᠵᠢᠵᠦ ᠢᠷᠡᠭᠰᠡᠨ ᠶᠤᠮ᠃ ᠪᠦᠬᠦ ᠤᠯᠤᠰ ᠤᠨ ᠡᠯ᠎ᠡ ᠶᠡᠭᠡ | ᠳᠡᠭᠡᠳᠦ ᠰᠤᠷᠭᠠᠭᠤᠯᠢ ᠨᠤᠭᠤᠳ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠶᠡᠭᠡ | ᠰᠤᠷᠭᠠᠭᠤᠯᠢ ᠳᠤ ᠠᠵᠢᠯ ᠰᠢᠨᠵᠢᠨ ᠪᠠᠶᠢᠴᠠᠭᠠᠬᠤ ᠦᠶ᠎ᠡ ᠶᠠᠷᠢᠭᠰᠠᠨ ᠴᠢᠬᠤᠯᠠ ᠶᠠᠷᠢᠶ᠎ᠠ ᠪᠠ ᠶᠡᠷᠦᠩᠬᠡᠢ ᠱᠦᠵᠢ ᠶᠢᠨ | ᠶᠡᠭᠡ ᠳᠡᠭᠡᠳᠦ ᠰᠤᠷᠭᠠᠭᠤᠯᠢ ᠳᠤ ᠦᠭᠭᠦᠭᠰᠡᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠳᠤᠤᠱᠯᠠᠭᠤᠯᠵᠤ᠂ ᠨᠠᠮ ᠤᠨ ᠲᠦᠯᠦᠭᠡ ᠬᠦᠮᠦᠨ ᠬᠦᠮᠦᠵᠢᠭᠦᠯᠬᠦ᠂ ᠤᠯᠤᠰ ᠤᠷᠤᠨ ᠳᠠᠭᠠᠨ | ᠴᠢᠳᠠᠪᠤᠷᠢᠳᠠᠨ ᠢ ᠬᠦᠮᠦᠵᠢᠭᠦᠯᠬᠦ ᠶᠢ ᠪᠠᠷᠢᠮᠳᠠᠯᠠᠵᠤ᠂ ᠶᠤᠰᠤ ᠰᠤᠷᠳᠠᠬᠤᠨ ᠢ ᠰᠤᠷᠳᠠᠯᠴᠢᠯᠠᠨ ᠬᠦᠮᠦᠨ ᠬᠦᠮᠦᠵᠢᠭᠦᠯᠬᠦ ᠶᠢ | ᠡᠯ᠎ᠡ ᠲᠦᠷᠦᠯ ᠤᠨ ᠠᠵᠢᠯ ᠳᠠᠭᠠᠨ ᠳᠤᠤᠱᠯᠠᠭᠤᠯᠵᠤ᠂ ᠰᠤᠷᠤᠭᠴᠢᠳ ᠤᠨ ᠦᠵᠡᠯ ᠰᠠᠨᠠᠭᠠᠨ ᠤ ᠬᠢᠷᠢ ᠲᠦᠪᠰᠢᠨ᠂ | ᠤᠯᠤᠰ ᠲᠦᠷᠦ ᠶᠢᠨ ᠤᠬᠠᠮᠰᠠᠷ᠂ ᠶᠤᠰᠤ ᠰᠤᠷᠳᠠᠬᠤᠨ ᠤ ᠬᠡᠪ ᠴᠢᠨᠠᠷ᠂ ᠰᠤᠶᠤᠯ ᠤᠨ ᠬᠢᠷᠢ ᠪᠤᠯᠪᠠᠰᠤᠷᠠᠯ ᠢ | ᠳᠠᠰᠤᠷᠠᠯᠳᠠ ᠦᠭᠡᠢ ᠳᠡᠭᠡᠭᠰᠢᠯᠡᠭᠦᠯᠵᠦ᠂ ᠰᠤᠷᠭᠠᠨ ᠬᠦᠮᠦᠵᠢᠯ ᠤᠨ ᠤᠳᠤᠬᠢᠴᠢᠯᠠᠯᠳᠠ ᠪᠠᠷ ᠤᠯᠤᠰ ᠤᠷᠤᠨ ᠤ | ᠤᠳᠤᠬᠢᠴᠢᠯᠠᠯᠳᠠ ᠶᠢᠨ ᠳᠤᠯᠭᠠᠭᠤᠷᠢ ᠪᠤᠯᠭᠠᠵᠤ᠂ ᠳᠤᠮᠳᠠᠳᠤ ᠤᠯᠤᠰ ᠤᠨ ᠤᠨᠴᠠᠯᠢᠭ ᠲᠠᠢ ᠳᠡᠯᠡᠬᠡᠢ ᠶᠢᠨ ᠳᠡᠷᠢᠭᠦᠨ ᠤ | ᠶᠡᠭᠡ ᠰᠤᠷᠭᠠᠭᠤᠯᠢ ᠶᠢ ᠪᠠᠶᠢᠭᠤᠯᠬᠤ ᠰᠢᠨ᠎ᠡ ᠵᠠᠮ ᠢ ᠴᠢᠷᠮᠠᠶᠢᠨ ᠨᠡᠭᠡᠭᠡᠬᠦ ᠬᠡᠷᠡᠭᠳᠡᠢ ᠭᠡᠵᠡᠢ |