| ᠰᠤᠷᠪᠤᠯᠵᠢᠯᠠᠭᠰᠠᠨ ᠴᠠᠭ᠄ 2022 ︱ 05 ︱ 1112᠄ 31 | ᠰᠣᠷᠪᠤᠯᠵᠢᠯᠠᠭ᠎ᠠ ᠬᠦᠯᠢᠶᠡᠭᠴᠢ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢᠦ ᡁᠢ ᠴᠢ᠃ | ᠰᠣᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠶᠠᠰᠤ | ᠴᠢᠨᠠᠷ ᠢ ᠰᠢᠯᠢᠳᠡᠭᠵᠢᠭᠦᠯᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠢ ᠲᠡᠭᠡᠭᠰᠢᠯᠡᠬᠦᠯᠪᠡ | ﹇ᠬᠥᠲᠥᠯᠥᠭᠴᠢ﹈ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠰᠠᠶᠢᠨ | ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ | ᠬᠡᠷᠡᠭᠵᠢᠭᠦᠯᠦᠯᠲᠡ᠂ ᠠᠵᠢᠯ ᠤᠨ ᠦᠷ᠎ᠡ ᠪᠦᠲᠦᠮᠵᠢ ᠪᠠ ᠨᠡᠶᠢᠲᠡᠯᠢᠭ ᠲᠤᠷᠰᠢᠯᠭ᠎ᠠ ᠶᠢ ᠦᠷᠭᠦᠯᠵᠢᠯᠡᠨ ᠭᠦᠨᠵᠡᠭᠡᠢ | ᠤᠬᠠᠭᠤᠯᠬᠤ ᠶᠢᠨ ᠲᠥᠯᠥᠭᠡ᠂ ᠥᠨᠥᠳᠥᠷ ᠪᠢᠳᠡ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢᠦ ᡁᠢ ᠴᠢ ᠶᠢ ᠤᠷᠢᠵᠤ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠳᠡᠭᠡᠭᠰᠢᠯᠡᠭᠦᠯᠦᠨ ᠰᠢᠯᠢᠳᠡᠭᠵᠢᠭᠦᠯᠬᠦ ᠪᠣᠳᠠᠲᠠᠢ ᠠᠷᠭ᠎ᠠ ᠬᠡᠮᠵᠢᠶ᠎ᠡ ᠶᠢᠨ ᠲᠤᠬᠠᠢ ᠠᠭᠤᠵᠢᠷᠠᠲᠠᠯ᠎ᠠ | ᠶᠠᠷᠢᠯᠴᠠᠪᠠ᠃ ᠯᠢᠦ ᠡᠷᠬᠢᠯᠡᠭᠴᠢ᠄ ᠰᠠᠶᠢᠨ ᠤᠤ︖ | ﹇ᠯᠢᠦ ᡁᠢ ᠴᠢ﹈ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ︖ | ﹇ᠬᠥᠲᠥᠯᠥᠭᠴᠢ﹈ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠯ᠎ᠡ ᠵᠦᠢᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠡᠷᠬᠢᠨ ᠰᠠᠶᠢᠲᠤᠷ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ | ᠪᠠ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠦᠢᠯᠡᠴᠢᠯᠡᠭᠡᠨ ᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠂ | ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠣᠶ︖ | ﹇ᠯᠢᠦ ᡁᠢ ᠴᠢ﹈ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠪᠠ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠡᠯ᠎ᠡ | ᠵᠦᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ | ᠬᠠᠮᠤᠭ ᠤᠨ ᠲᠡᠷᠢᠭᠦᠨ ᠳᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠤᠳᠤᠷᠢᠳᠬᠤ ᠳᠤᠭᠤᠶᠢᠯᠠᠩ ᠢ | ᠲᠣᠬᠢᠷᠠᠭᠤᠯᠤᠨ ᠰᠢᠯᠢᠳᠡᠭᠵᠢᠭᠦᠯᠬᠦ ᠶᠢᠨ ᠬᠠᠮᠲᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠲᠣᠬᠢᠷᠠᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠨᠢ ᠡᠨᠡᠬᠦ ᠠᠵᠢᠯ ᠢ ᠠᠬᠢᠭᠤᠯᠬᠤ ᠳᠠᠭᠠᠨ᠂ ︽ᠣᠯᠠᠨ ᠲᠦᠮᠡᠨ ᠳᠤ ᠦᠢᠯᠡᠴᠢᠯᠡᠵᠦ᠂ ᠣᠯᠠᠨ ᠲᠦᠮᠡᠨ ᠢ | ᠬᠠᠨᠤᠮᠵᠢᠲᠠᠶ ᠪᠠᠶᠢᠯᠭᠠᠬᠤ︾ ᠪᠠᠷ ᠠᠵᠢᠯ ᠤᠨ ᠢᠶᠠᠨ ᠡᠭᠦᠰᠬᠡᠯ ᠪᠠ ᠲᠡᠭᠦᠰᠬᠡᠯ ᠪᠣᠯᠭᠠᠬᠤ ᠶᠢ ᠢᠮᠠᠭᠲᠠ ᠪᠠᠷᠢᠮᠲᠠᠯᠠᠵᠤ᠂ | ᠠᠵᠢᠯ ᠤᠨ ᠰᠤᠷᠲᠠᠯ ᠢᠶᠠᠨ ᠬᠤᠪᠢᠷᠠᠭᠤᠯᠬᠤ᠂ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠰᠢᠯᠢᠳᠡᠭᠵᠢᠭᠦᠯᠬᠦ᠂ | ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠦᠴᠦ ᠣᠷᠣᠭᠤᠯᠵᠤ᠂ ᠣᠯᠠᠨ | ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠣᠯᠠᠨ ᠤ | ᠰᠡᠳᠬᠢᠯ ᠬᠠᠨᠤᠮᠵᠢᠲᠠᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤ ᠶᠢ ᠪᠥᠬᠦ ᠬᠦᠴᠦᠨ ᠢᠶᠠᠷ ᠢᠶᠠᠨ ᠪᠣᠶ | ᠪᠣᠯᠭᠠᠬᠤ ᠪᠠᠷ ᠴᠢᠷᠮᠠᠶᠢᠪᠠ᠃ ᠨᠢᠭᠡ ᠳᠤ ᠦᠢᠯᠡᠴᠢᠯᠡᠭᠡᠨ ᠤ ᠲᠥᠬᠦᠭᠡᠷᠦᠮᠵᠢ ᠪᠠᠨ ᠲᠡᠭᠦᠯᠳᠡᠷᠵᠢᠭᠦᠯᠪᠡ᠃ ᠤᠴᠢᠷ | ᠶᠠᠪᠤᠳᠠᠯ ᠢ ᠰᠢᠢᠳᠪᠦᠷᠢᠯᠡᠬᠦ ᠳᠤ ᠣᠯᠠᠨ ᠲᠦᠮᠡᠨ ᠢᠶᠠᠷ ᠭᠤᠣᠯ ᠪᠣᠯᠭᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ᠬᠢᠨᠠᠨ | ᠵᠥᠪᠰᠢᠶᠡᠷᠡᠬᠦ ᠦᠢᠯᠡᠴᠢᠯᠡᠭᠡᠨ ᠤ ᠦᠷ᠎ᠡ ᠠᠰᠢᠭ ᠢ ᠳᠡᠭᠡᠭᠰᠢᠯᠡᠭᠦᠯᠬᠦ ︽ᠬᠠᠲᠠᠭᠤ ᠠᠷᠭ᠎ᠠ ᠬᠡᠮᠵᠢᠶ᠎ᠡ︾ ᠠᠪᠬᠤ ᠶᠢᠨ | ᠬᠠᠮᠲᠤ᠂ ᠦᠢᠯᠡᠴᠢᠯᠡᠭᠡᠨ ᠤ ᠪᠡᠯᠡᠳᠬᠡᠮᠵᠢ ᠶᠢ ᠨᠡᠮᠡᠭᠳᠡᠭᠦᠯᠦᠨ ᠲᠡᠭᠦᠯᠳᠡᠷᠵᠢᠭᠦᠯᠵᠦ᠂ ᠴᠣᠩᠬᠤᠪᠴᠢ ᠦᠢᠯᠡᠴᠢᠯᠡᠭᠡᠨ ᠤ | ︽ᠵᠥᠭᠡᠯᠡᠨ ᠪᠣᠳᠠᠲᠤ ᠬᠦᠴᠦᠨ︾ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠶᠡᠭᠡ ᠲᠢᠩᠬᠢᠮ ᠳᠤ ᠡᠯ᠎ᠡ | ᠲᠥᠷᠥᠯ ᠤᠨ ᠦᠢᠯᠡᠴᠢᠯᠡᠭᠡᠨ ᠤ ᠰᠠᠨᠠᠭᠤᠯᠤᠮᠵᠢ ᠲᠣᠬᠢᠷᠠᠭᠤᠯᠵᠤ᠂ ᠰᠠᠶᠢᠨ ᠳᠤᠷ᠎ᠠ ᠶᠢᠨ ᠠᠵᠢᠯᠯᠠᠭᠴᠢᠳ ᠤᠨ | ᠰᠠᠨᠠᠭᠠᠴᠢᠯᠠᠭ᠎ᠠ ᠠᠴᠠ ᠪᠠᠨ ᠬᠥᠲᠥᠯᠥᠨ ᠳᠠᠭᠠᠭᠤᠯᠬᠤ᠂ ᠠᠮᠠᠷᠠᠬᠤ ᠲᠣᠭᠤᠷᠢᠭ᠂ ᠰᠠᠭᠠᠳ ᠦᠭᠡᠢ ᠨᠡᠪᠲᠡᠷᠡᠬᠦ ᠵᠠᠮ᠂ | ᠴᠢᠬᠤᠯᠠ ᠪᠦᠬᠦᠢ ᠡᠮᠴᠢᠯᠡᠭᠡᠨ ᠳᠤ ᠬᠡᠷᠡᠭᠯᠡᠬᠦ ᠪᠠᠭᠠᠵᠢ ᠬᠡᠷᠡᠭᠰᠡᠯ᠂ ᠡᠬᠡ ᠨᠢᠯᠬᠠᠰ ᠤᠨ ᠥᠷᠥᠭᠡ ᠵᠡᠷᠭᠡ ᠣᠯᠠᠨ | ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠪᠠ ᠪᠡᠯᠡᠳᠬᠡᠮᠵᠢ ᠲᠣᠬᠢᠷᠠᠭᠤᠯᠤᠨ᠂ ᠠᠵᠢᠯ ᠶᠠᠪᠤᠳᠠᠯ | ᠭᠦᠢᠴᠡᠳᠬᠡᠬᠦ ᠣᠯᠠᠨ ᠲᠦᠮᠡᠨ ᠳᠤ ᠨᠠᠩ ᠲᠠᠭᠠᠯᠠᠮᠵᠢᠲᠠᠢ ᠪᠥᠭᠡᠳ ᠳᠥᠭᠦᠮ ᠳᠥᠲᠡ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠤᠯᠭᠠᠨ ᠦᠭᠪᠡ᠃ ᠬᠤᠶᠠᠷ ᠲᠤ᠂ ᠴᠣᠩᠬᠤᠪᠴᠢ ᠶᠢᠨ | ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢ ᠴᠢᠩᠭᠠᠳᠬᠠᠪᠠ᠃ ᠴᠣᠩᠬᠤᠪᠴᠢ ᠶᠢᠨ ᠠᠵᠢᠯᠲᠠᠨ ᠤ ᠲᠤᠬᠠᠶᠢᠯᠠᠭᠰᠠᠨ | ᠠᠵᠢᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠲᠣᠰ ᠰᠠᠯᠠᠭ᠎ᠠ ᠮᠥᠴᠢᠷ ᠤᠨ ᠣᠷᠣᠵᠤ ᠰᠠᠭᠤᠭᠰᠠᠨ ᠵᠦᠢᠯᠡᠰ ᠢᠶᠠᠨ | ᠮᠡᠳᠡᠭᠦᠯᠬᠦ ᠴᠤᠪᠤᠷᠠᠯ ᠢ ᠣᠶᠢᠯᠠᠭᠠᠵᠤ᠂ ᠨᠥᠬᠦᠴᠡᠯ᠂ ᠬᠡᠷᠡᠭᠰᠡᠬᠦ ᠮᠠᠲ᠋ᠧᠷᠢᠶᠠᠯ᠂ ᠭᠦᠢᠴᠡᠳᠬᠡᠬᠦ ᠴᠠᠭ ᠤᠨ ᠬᠢᠵᠠᠭᠠᠷ | ᠵᠡᠷᠭᠡ ᠶᠢ ᠦᠨᠳᠦᠰᠦᠯᠡᠨ᠂ ᠠᠰᠠᠭᠤᠨ ᠯᠠᠪᠯᠠᠬᠤ ᠪᠠᠷ ᠢᠷᠡᠭᠰᠡᠨ ᠪᠤᠶᠤ ᠲᠤᠬᠠᠶᠢᠯᠠᠭᠰᠠᠨ ᠠᠵᠢᠯ ᠢᠶᠠᠨ | ᠭᠦᠢᠴᠡᠳᠬᠡᠬᠦ ᠪᠠᠷ ᠢᠷᠡᠭᠰᠡᠨ ᠣᠯᠠᠨ ᠲᠦᠮᠡᠨ ᠤ ᠮᠠᠳᠠᠭ ᠲᠠᠢ ᠵᠦᠢᠯᠡᠰ ᠢ ᠴᠠᠭ ᠲᠤᠬᠠᠢ ᠳᠤᠨᠢ᠂ ᠣᠨᠣᠪᠴᠢᠲᠠᠶ | ᠲᠠᠶᠢᠯᠪᠤᠷᠢᠯᠠᠵᠤ ᠦᠭᠪᠡ᠃ ᠦᠢᠯᠡᠴᠢᠯᠡᠭᠡᠨ ᠤ ᠶᠠᠪᠤᠴᠠ ᠳᠤ᠂ ᠤᠴᠢᠷ ᠶᠠᠪᠤᠳᠠᠯ ᠭᠦᠢᠴᠡᠳᠭᠡᠬᠦ ᠪᠠᠷ ᠢᠷᠡᠭᠰᠡᠨ ᠤᠯᠠᠨ | ᠲᠦᠮᠡᠨ ᠤ ᠬᠠᠩᠭᠠᠭᠰᠠᠨ ᠮᠠᠲ᠋ᠧᠷᠢᠶᠠᠯ ᠨᠢ ᠪᠦᠷᠢᠨ ᠭᠦᠢᠴᠡᠳ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠵᠦ | ᠳᠡᠶᠢᠯᠬᠦ ᠶᠢ ᠨᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠵᠦ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠵᠦ | ᠳᠡᠶᠢᠯᠬᠦ ᠦᠭᠡᠢ ᠶᠢ ᠨᠢ ᠠᠮᠠᠯᠠᠯᠲᠠ ᠶᠢᠨ ᠴᠠᠭ ᠬᠤᠭᠤᠴᠠᠭᠠᠨ ᠤ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠶᠢ | ᠪᠠᠲᠤᠯᠠᠵᠤ᠂ ᠤᠯᠠᠨ ᠲᠦᠮᠡᠨ ᠳᠤ ᠲᠦᠭᠦᠮ ᠦᠵᠡᠭᠦᠯᠦᠨ᠂ ᠦᠷ᠎ᠡ ᠪᠦᠲᠦᠮᠵᠢ ᠶᠢ ᠨᠢ ᠲᠡᠭᠡᠭᠰᠢᠯᠡᠭᠦᠯᠪᠡ᠃ | ᠭᠤᠷᠪᠠ ᠳᠤ ᠴᠣᠩᠬᠤᠨ ᠤ ᠠᠵᠢᠯᠲᠠᠨ ᠤ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠬᠦᠯᠪᠡ᠃ ᠴᠣᠩᠬᠤᠨ ᠤ | ᠠᠵᠢᠯᠲᠠᠨ ᠤ ᠦᠢᠯᠡᠴᠢᠯᠡᠭᠡᠨ ᠤ ᠦᠵᠡᠯ ᠤᠬᠠᠮᠰᠠᠷ ᠢ ᠴᠢᠩᠭᠠᠷᠠᠭᠤᠯᠵᠤ᠂ ᠤᠴᠢᠷ ᠶᠠᠪᠤᠳᠠᠯ ᠭᠦᠢᠴᠡᠳᠬᠡᠬᠦ ᠠᠵᠤ | ᠠᠬᠤᠶᠢᠯᠠᠯ ᠪᠠ ᠣᠯᠠᠨ ᠲᠦᠮᠡᠨ ᠳᠤ ᠬᠠᠨᠳᠤᠬᠤ ᠳᠠᠭᠠᠨ ᠬᠥᠳᠡᠯᠦᠯ ᠪᠠᠷᠢᠯ ᠨᠢ ᠪᠣᠯᠪᠠᠰᠤᠨ᠂ ᠬᠠᠯᠠᠭᠤᠮᠰᠤᠭ | ᠶᠣᠰᠣᠷᠬᠠᠭ᠂ ᠦᠭᠡ ᠬᠡᠯᠡᠯᠭᠡ ᠨᠢ ᠵᠢᠷᠤᠮᠵᠢᠯ ᠲᠠᠢ᠂ ᠦᠢᠯᠡᠴᠢᠯᠡᠬᠦ ᠣᠪᠣᠷ ᠨᠢ ᠰᠠᠶᠢᠨ᠂ ᠦᠢᠯᠡᠴᠢᠯᠡᠭᠡᠨ ᠤ ᠶᠠᠰᠤ | ᠴᠢᠨᠠᠷ ᠨᠢ ᠰᠠᠶᠢᠨ ᠪᠠᠶᠢᠬᠤ ᠶᠢ ᠪᠡᠶᠡᠯᠡᠭᠦᠯᠵᠦ᠂ ︽ᠴᠣᠩᠬᠤᠨ ᠳᠤ ᠢᠨᠢᠶᠡᠮᠰᠦᠭ ᠤᠪᠤᠷ ᠢᠶᠠᠷ ᠦᠢᠯᠡᠴᠢᠯᠡᠵᠦ᠂ | ᠲᠢᠩᠬᠢᠮ ᠳᠤ ᠢᠷᠡᠭᠰᠡᠳ ᠢ ᠬᠠᠨᠤᠮᠵᠢᠲᠠᠶ ᠪᠠᠶᠢᠯᠭᠠᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠣᠨᠣᠯᠵᠢᠬᠤᠨ ᠢ ᠢᠯᠡᠷᠡᠬᠦᠯᠪᠡ᠃ ᠳᠥᠷᠪᠡ ᠳᠤ ᠦᠢᠯᠡᠴᠢᠯᠡᠭᠡᠨ ᠤ ᠵᠦᠭᠯᠡᠭᠦᠷ ᠳᠠᠷᠤᠮᠠᠯᠯᠠᠨ ᠵᠤᠬᠢᠶᠠᠪᠠ᠃ ᠨᠢᠭᠡᠳᠦᠯᠲᠡᠢ | ᠬᠡᠪ ᠵᠠᠭᠪᠤᠷ ᠢᠶᠠᠷ ᠵᠦᠢᠯ ᠳᠠᠷᠠᠭᠠᠯᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠢᠴᠢ ᠣᠯᠠᠨ ᠨᠡᠶᠢᠲᠡ ᠶᠢᠨ | ᠦᠢᠯᠡᠴᠢᠯᠡᠭᠡᠨ ᠤ ᠵᠦᠢᠯᠡᠰ ᠤᠨ ᠦᠢᠯᠡᠴᠢᠯᠡᠭᠡᠨ ᠤ ᠵᠦᠭᠯᠡᠭᠦᠷ ᠢ ᠨᠠᠶᠢᠷᠠᠭᠤᠯᠤᠨ ᠵᠣᠬᠢᠶᠠᠵᠤ᠂ ᠭᠥᠯᠢᠶᠡᠨ ᠠᠪᠴᠤ | ᠰᠢᠢᠳᠪᠦᠷᠢᠯᠡᠬᠦ ᠬᠡᠪᠴᠢᠶ᠎ᠡ᠂ ᠭᠦᠢᠴᠡᠳᠬᠡᠬᠦ ᠴᠤᠪᠤᠷᠠᠯ᠂ ᠭᠦᠢᠴᠡᠳᠬᠡᠬᠦ ᠴᠠᠭ ᠤᠨ ᠬᠢᠵᠠᠭᠠᠷ᠂ ᠠᠰᠠᠭᠤᠨ ᠯᠠᠪᠯᠠᠬᠤ | ᠤᠳᠠᠰᠤ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ ᠲᠣᠭᠲᠠᠭᠠᠬᠤ ᠪᠠ ᠢᠯᠡ ᠪᠣᠯᠭᠠᠬᠤ ᠶᠢᠨ ᠬᠠᠮᠲᠤ᠂ ︽ | ᠦᠢᠯᠡᠴᠢᠯᠡᠭᠡᠨ ᠤ ᠵᠦᠭᠯᠡᠭᠦᠷ︾ ᠢ ᠲᠥᠪ ᠴᠣᠩᠬᠤᠨ ᠳᠤ ᠲᠠᠯᠪᠢᠵᠤ᠂ ᠲᠥᠪ ᠲᠤ ᠢᠷᠡᠵᠦ ᠠᠰᠠᠭᠤᠨ ᠯᠠᠪᠯᠠᠬᠤ ᠪᠠ | ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠪᠠᠶᠢᠴᠠᠭᠠᠨ ᠦᠵᠡᠬᠦ ᠳᠤ ᠲᠥᠬᠦᠮ ᠦᠵᠡᠬᠦᠯᠪᠡ᠃ ᠲᠠᠪᠤ ᠳᠤ | ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ᠤᠴᠢᠷ ᠶᠠᠪᠤᠳᠠᠯ ᠢ ᠰᠢᠢᠳᠪᠦᠷᠢᠯᠡᠬᠦ ᠶᠠᠪᠤᠴᠠ ᠶᠢ | ᠰᠢᠯᠢᠳᠡᠭᠵᠢᠭᠦᠯᠵᠦ᠂ ᠰᠠᠯᠠᠭ᠎ᠠ ᠮᠥᠴᠢᠷ ᠤᠨ ᠠᠮᠠᠯᠠᠯᠲᠠ ᠶᠢᠨ ᠳᠤᠮᠳᠠᠴᠢ ᠴᠠᠭ ᠤᠨ ᠬᠢᠵᠠᠭᠠᠷ ᠢ ᠬᠠᠤᠯᠢ ᠪᠠᠷ | ᠲᠣᠭᠲᠠᠭᠠᠭᠰᠠᠨ ᠴᠠᠭ ᠤᠨ ᠬᠢᠵᠠᠭᠠᠷ ᠢ ᠵᠠᠭᠤᠨ ᠤ ᠲᠠᠪᠢ ᠠᠴᠠ ᠳᠡᠭᠡᠭᠰᠢ ᠪᠣᠭᠤᠨᠢᠰᠬᠠᠬᠤ ᠬᠠᠷᠠᠯᠲᠠ ᠶᠢ ᠪᠡᠶᠡᠯᠡᠭᠦᠯᠵᠦ᠂ | ᠬᠡᠰᠡᠭ ᠤᠴᠢᠷ ᠶᠠᠪᠤᠳᠠᠯ ᠢ ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠠᠮᠠᠯᠠᠯᠲᠠ ᠶᠢᠨ | ᠵᠦᠢᠯ ᠢ ᠪᠠᠷᠢᠨ ᠭᠦᠢᠴᠡᠳᠬᠡᠬᠦ ᠵᠦᠢᠯ ᠪᠣᠯᠭᠠᠨ ᠬᠤᠪᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠲᠤᠶᠢᠯ ᠤᠨ | ᠶᠡᠭᠡ ᠪᠠᠷ ᠳᠡᠭᠡᠭᠰᠢᠯᠡᠭᠦᠯᠪᠡ᠃ ᠵᠢᠷᠭᠤᠭ᠎ᠠ ᠳᠤ ᠦᠢᠯᠡᠴᠢᠯᠡᠭᠡᠨ ᠤ ᠠᠷᠭ᠎ᠠ ᠵᠠᠮ ᠢᠶᠠᠨ ᠦᠷᠭᠡᠳᠭᠡᠪᠡ᠃ ︽ᠨᠢᠭᠡ | ᠰᠦᠯᠵᠢᠶ᠎ᠡ ᠪᠠᠷ ᠪᠦᠬᠦᠨ ᠢ ᠡᠷᠬᠢᠯᠡᠬᠦ︾ ᠶᠢ ᠢᠳᠡᠪᠬᠢᠲᠡᠢ ᠠᠬᠢᠭᠤᠯᠵᠤ᠂ ᠨᠢᠭᠡ ᠴᠣᠭᠴᠠᠵᠢᠭᠤᠯᠤᠭᠰᠠᠨ ᠰᠦᠯᠵᠢᠶᠡᠨ | ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠰᠦᠯᠵᠢᠶᠡᠨ ᠳᠡᠭᠡᠷ᠎ᠡ ᠤᠴᠢᠷ | ᠶᠠᠪᠤᠳᠠᠯ ᠭᠦᠢᠴᠡᠳᠬᠡᠬᠦ ᠪᠠᠷᠢᠮᠵᠢᠶ᠎ᠠ ᠶᠢ ᠵᠢᠷᠤᠮᠵᠢᠭᠤᠯᠤᠨ᠂ ᠰᠦᠯᠵᠢᠶᠡᠨ ᠳᠡᠭᠡᠷ᠎ᠡ ᠤᠴᠢᠷ ᠶᠠᠪᠤᠳᠠᠯ ᠭᠦᠢᠴᠡᠳᠬᠡᠬᠦ | ᠶᠠᠪᠤᠴᠠ ᠶᠢ ᠰᠢᠯᠢᠳᠡᠭᠵᠢᠭᠦᠯᠵᠦ᠂ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡᠳᠦᠯᠲᠡᠢ | ᠶᠡᠷᠦᠩᠬᠡᠢ ᠡᠭᠦᠳᠡ ᠡᠷᠦᠬᠡ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ | ᠳᠡᠭᠡᠷ᠎ᠡ ᠭᠦᠢᠴᠡᠳᠬᠡᠬᠦ ᠶᠢ ᠬᠡᠷᠡᠭᠵᠢᠭᠦᠯᠦᠨ᠂ ᠪᠣᠳᠠᠲᠤ ᠴᠣᠭᠴᠠ ᠶᠢᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠪᠠ | ᠰᠦᠯᠵᠢᠶᠡᠨ ᠳᠡᠭᠡᠷ᠎ᠡ ᠤᠴᠢᠷ ᠶᠠᠪᠤᠳᠠᠯ ᠭᠦᠢᠴᠡᠳᠬᠡᠬᠦ ᠶᠡᠭᠡ ᠲᠢᠩᠬᠢᠮ ᠢ ᠵᠠᠪᠰᠠᠷ ᠦᠭᠡᠢ ᠵᠣᠯᠭᠠᠭᠤᠯᠬᠤ ᠶᠢ | ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠭ᠎ᠠ ᠮᠠᠶ᠋ᠢᠭ ᠢ ᠥᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠣᠯᠠᠨ ᠲᠦᠮᠡᠨ | ᠭᠦᠶᠦᠵᠦ︾ ᠪᠠᠶᠢᠭᠰᠠᠨ ᠢ ︽ᠳ᠋ᠠᠶᠢᠲ᠋ᠠ ᠶᠢᠨ ᠵᠠᠮ︾ ᠢᠶᠠᠷ ᠵᠠᠮᠨᠠᠬᠤ ᠲᠡᠰᠢ ᠬᠤᠪᠢᠷᠠᠭᠤᠯᠬᠤ ᠶᠢ ᠠᠬᠢᠭᠤᠯᠪᠠ᠃ | ᠳᠣᠯᠤᠭ᠎ᠠ ᠳᠤ ᠮᠥᠷᠳᠡᠨ ᠦᠢᠯᠡᠴᠢᠯᠡᠵᠦ ᠬᠠᠷᠢᠭᠤ ᠰᠤᠷᠪᠤᠯᠵᠢᠯᠠᠪᠠ᠃ ᠣᠯᠠᠨ ᠲᠦᠮᠡᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠤᠨ ᠲᠤᠬᠠᠢ ᠪᠣᠳᠠᠲᠠᠢ ᠲᠥᠷᠥᠭᠳᠡᠯ ᠢ ᠣᠶᠢᠯᠠᠭᠠᠬᠤ ᠶᠢᠨ ᠲᠥᠯᠥᠭᠡ᠂ ᠮᠥᠷᠳᠡᠨ | ᠦᠢᠯᠡᠴᠢᠯᠡᠵᠦ ᠬᠠᠷᠢᠭᠤ ᠰᠣᠷᠪᠤᠯᠵᠢᠯᠠᠭ᠎ᠠ ᠥᠷᠨᠢᠭᠦᠯᠵᠦ᠂ ᠤᠳᠠᠰᠤ ᠠᠪᠬᠤ᠂ ᠲᠤᠬᠠᠢ ᠶᠢᠨ ᠲᠠᠯᠠᠪᠤᠷ ᠲᠤ ᠬᠠᠷᠢᠭᠤ | ᠰᠤᠷᠪᠤᠯᠵᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠤ ᠴᠣᠩᠬᠤᠨ ᠤ ᠠᠵᠢᠯᠲᠠᠨ ᠤ ᠦᠢᠯᠡᠴᠢᠯᠡᠬᠦ | ᠣᠪᠣᠷ᠂ ᠠᠵᠢᠯ ᠤᠨ ᠦᠷ᠎ᠡ ᠪᠦᠲᠦᠮᠵᠢ ᠳᠤ ᠦᠨᠡᠯᠡᠯᠲᠡ ᠬᠢᠬᠦ ᠶᠢ ᠣᠶᠢᠯᠠᠭᠠᠵᠤ᠂ ᠠᠰᠠᠭᠤᠳᠠᠯ ᠢ ᠢᠯᠡᠷᠡᠭᠦᠯᠵᠦ᠂ | ᠠᠰᠠᠭᠤᠳᠠᠯ ᠢ ᠰᠢᠢᠳᠪᠦᠷᠢᠯᠡᠬᠦ ᠵᠤᠷᠢᠯᠳᠠ ᠳᠤ ᠬᠦᠷᠦᠭᠦᠯᠵᠦ᠂ ᠦᠢᠯᠡᠴᠢᠯᠡᠭᠡᠨ ᠢ ᠭᠥᠯᠢᠶᠡᠨ ᠠᠪᠴᠤ | ᠰᠢᠢᠳᠪᠦᠷᠢᠯᠡᠬᠦ ᠳᠡᠭᠡᠨ ᠥᠴᠥᠬᠡᠨ ᠴᠦ ᠲᠦᠯᠬᠢᠯᠴᠡᠬᠦ ᠦᠭᠡᠢ᠂ ᠦᠢᠯᠡᠴᠢᠯᠡᠭᠡᠨ ᠤ ᠵᠦᠢᠯᠡᠰ ᠢ ᠥᠴᠥᠬᠡᠨ ᠴᠦ | ᠳᠠᠷᠤᠭᠳᠠᠭᠤᠯᠬᠤ ᠦᠭᠡᠢ᠂ ᠦᠢᠯᠡᠴᠢᠯᠡᠭᠡᠨ ᠤ ᠠᠷᠭ᠎ᠠ ᠮᠠᠶ᠋ᠢᠭ ᠢ ᠥᠴᠥᠬᠡᠨ ᠴᠦ ᠵᠥᠷᠢᠭᠦᠯᠬᠦ ᠦᠭᠡᠢ᠂ | ᠦᠢᠯᠡᠴᠢᠯᠡᠭᠡᠨ ᠤ ᠶᠠᠰᠤ ᠴᠢᠨᠠᠷ ᠲᠤ ᠥᠴᠥᠬᠡᠨ ᠴᠦ ᠠᠯᠳᠠᠭ᠎ᠠ ᠭᠠᠷᠭᠠᠬᠤ ᠦᠭᠡᠢ ᠪᠠᠶᠢᠬᠤ ᠶᠢ ᠴᠢᠷᠮᠠᠶᠢᠨ | ᠪᠡᠶᠡᠯᠡᠬᠦᠯᠪᠡ᠃ | ﹇ᠬᠥᠲᠥᠯᠥᠭᠴᠢ﹈ ᠲᠠᠨ ᠤ ᠦᠵᠡᠬᠦ ᠪᠠᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ︾ | ᠠᠵᠢᠯ ᠢ ᠠᠬᠢᠭᠤᠯᠬᠤ ᠳᠤᠮᠳᠠ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠤᠶ︖ | ﹇ᠯᠢᠦ ᡁᠢ ᠴᠢ﹈ ᠮᠢᠨᠤ ᠦᠵᠡᠬᠦ ᠪᠠᠷ᠂ ᠪᠢᠳᠡᠨ ᠤ ᠠᠵᠢᠯ ᠢᠶᠠᠨ ᠠᠬᠢᠭᠤᠯᠬᠤ ᠶᠠᠪᠤᠴᠠ ᠳᠠᠬᠢ ᠳᠣᠣᠷᠠᠬᠢ ᠮᠡᠲᠦ | ᠠᠵᠢᠯ ᠤᠳ ᠢ ᠯᠠᠪᠯᠠᠯᠲᠠ ᠪᠣᠯᠭᠠᠵᠤ ᠪᠣᠯᠣᠨ᠎ᠠ᠃ ᠨᠢᠭᠡ ᠳᠤ ︽ᠵᠦᠢᠯᠡᠰ ᠤᠨ ᠬᠠᠮᠢᠶᠠᠷᠤᠭᠴᠢ︾᠂ ︽ᠠᠵᠤ | ᠠᠬᠤᠶᠢᠯᠠᠯ ᠤᠨ ᠨᠠᠷᠢᠨ ᠪᠢᠴᠢᠭᠡᠴᠢ︾ ᠶᠢᠨ ᠳᠦᠷᠢᠮ ᠢ ᠬᠡᠷᠡᠭᠵᠢᠭᠦᠯᠵᠦ᠂ ᠭᠤᠣᠯᠳᠠᠯᠭ᠎ᠠ ᠲᠠᠢ ᠵᠦᠢᠯᠡᠰ ᠪᠠ ᠠᠵᠤ | ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠬᠦ ᠠᠵᠢᠯ ᠢ ᠪᠠᠳᠤᠯᠠᠪᠠ᠃ ᠬᠤᠰᠢᠭᠤᠨ ᠤ ᠨᠠᠮ ᠤᠨ | ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠠᠵᠢᠯ ᠢ ᠠᠬᠢᠭᠤᠯᠬᠤ ᠤᠳᠤᠷᠢᠳᠬᠤ ᠳᠤᠭᠤᠶᠢᠯᠠᠩ ᠪᠠᠶᠢᠭᠤᠯᠵᠤ᠂ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠨᠢᠭᠡᠳᠦᠯᠲᠡᠢ ᠤᠳᠤᠷᠢᠳᠤᠨ᠂ ᠨᠢᠭᠡᠳᠦᠯᠲᠡᠢ ᠪᠠᠶᠢᠷᠢᠯᠠᠭᠤᠯᠵᠤ᠂ | ᠨᠢᠭᠡᠳᠦᠯᠲᠡᠢ ᠲᠥᠯᠥᠪᠯᠡᠨ ᠠᠬᠢᠭᠤᠯᠪᠠ᠃ ᠪᠤᠶᠢᠵᠢᠯᠲᠠ ᠶᠢᠨ ᠴᠢᠨᠠᠷ ᠢᠶᠠᠷ ᠰᠠᠶᠢᠨ ᠠᠵᠤ ᠠᠬᠤᠶᠢᠯᠠᠯ ᠪᠠ | ᠭᠤᠣᠯᠳᠠᠯᠭ᠎ᠠ ᠲᠠᠢ ᠲᠥᠷᠥᠯ ᠵᠦᠢᠯ ᠢ ᠲᠣᠰ ᠲᠣᠰ ᠳᠥᠷᠪᠡᠨ ᠶᠡᠭᠡ ᠪᠠᠭ ᠤᠨ ᠭᠠᠵᠠᠷ ᠤᠨ ᠲᠠᠰ ᠤᠨ 25 | ᠤᠳᠤᠷᠢᠳᠤᠯᠭ᠎ᠠ ︽ᠲᠥᠷᠥᠯ ᠵᠦᠢᠯ ᠤᠨ ᠬᠠᠮᠢᠶᠠᠷᠤᠭᠴᠢ︾ ᠶᠢᠨ ᠲᠤᠰᠢᠶᠠᠯ ᠢ ᠡᠭᠦᠷᠭᠡᠯᠡᠵᠦ᠂ ᠬᠠᠮᠢᠶ᠎ᠠ ᠪᠦᠬᠦᠢ | ᠰᠠᠯᠠᠭ᠎ᠠ ᠮᠥᠴᠢᠷ ︽ᠠᠵᠤ ᠠᠬᠤᠶᠢᠯᠠᠯ ᠤᠨ ᠨᠠᠷᠢᠨ ᠪᠢᠴᠢᠭᠡᠴᠢ︾ ᠶᠢᠨ ᠲᠤᠰᠢᠶᠠᠯ ᠢ ᠡᠬᠦᠷᠭᠡᠯᠡᠪᠡ᠃ ︽ᠲᠥᠷᠥᠯ | ᠵᠦᠢᠯ ᠤᠨ ᠬᠠᠮᠢᠶᠠᠷᠤᠭᠴᠢ︾ ᠦᠢᠯᠡᠴᠢᠯᠡᠭᠡᠨ ᠤ ᠠᠵᠤ ᠠᠬᠤᠶᠢᠯᠠᠯ ᠤᠨ ᠲᠥᠷᠥᠯ ᠵᠦᠢᠯ ᠳᠤ ᠲᠣᠭᠲᠠᠮᠠᠯ | ᠬᠤᠭᠤᠴᠠᠭ᠎ᠠ ᠲᠠᠢ ᠭᠦᠨᠵᠡᠭᠡᠶᠢᠷᠡᠨ ᠬᠦᠴᠢᠷ ᠵᠣᠪᠠᠭᠤᠷᠢ ᠶᠢ ᠨᠢ ᠬᠠᠪᠰᠤᠷᠤᠨ ᠰᠢᠢᠳᠪᠦᠷᠢᠯᠡᠵᠦ᠂ ᠠᠵᠢᠯ ᠤᠨ | ᠦᠢᠯᠡᠴᠢᠯᠡᠭᠡᠨ ᠤ ᠪᠦᠯᠦᠭᠯᠡᠯ ᠢ ᠵᠣᠬᠢᠶᠠᠨ ᠪᠠᠶᠢᠭᠤᠯᠵᠤ᠂ ᠨᠢᠭᠡ ᠭᠤᠣᠯᠳᠠᠯᠭ᠎ᠠ ᠲᠠᠢ ᠲᠥᠷᠥᠯ ᠵᠦᠢᠯ ᠳᠤ ᠨᠢᠭᠡ | ᠸᠢᠴᠠᠲ ᠤᠨ ᠪᠦᠯᠦᠭᠯᠡᠯ ᠪᠠᠶᠢᠭᠤᠯᠤᠨ᠂ ᠡᠯ᠎ᠡ ᠵᠦᠢᠯ ᠤᠨ ᠠᠵᠢᠯ ᠢ ᠲᠤᠰᠬᠠᠶᠢᠯᠠᠨ ᠠᠬᠢᠭᠤᠯᠵᠤ᠂ ᠰᠦᠯᠵᠢᠶᠡᠨ | ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠴᠥᠮ ᠰᠠᠶᠢᠨ ᠬᠠᠮᠢᠶᠠᠷᠤᠭᠴᠢ ᠪᠣᠯᠬᠤ ᠶᠢ ᠦᠨᠡᠨ ᠬᠦ ᠪᠠᠳᠤᠯᠠᠪᠠ᠃ ︽ | ᠠᠵᠤ ᠠᠬᠤᠶᠢᠯᠠᠯ ᠤᠨ ᠨᠠᠷᠢᠨ ᠪᠢᠴᠢᠭᠡᠴᠢ︾ ᠨᠢ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ᠂ | ᠵᠡᠭᠦᠨ ᠪᠠᠷᠠᠭᠤᠨ ᠲᠠᠯ᠎ᠠ ᠶᠢ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠤᠴᠢᠷ ᠶᠠᠪᠤᠳᠠᠯ ᠦᠭᠡᠢ | ᠪᠣᠯ ᠬᠠᠷᠰᠢᠯᠠᠬᠤ ᠦᠭᠡᠢ᠂ ᠤᠴᠢᠷ ᠶᠠᠪᠤᠳᠠᠯ ᠪᠠᠶᠢᠪᠠᠯ ᠵᠠᠪᠠᠯ ᠰᠢᠢᠳᠪᠦᠷᠢᠯᠡᠬᠦ︾ ᠵᠠᠷᠴᠢᠮ ᠢ ᠪᠠᠷᠢᠮᠲᠠᠯᠠᠵᠤ᠂ ᠠᠵᠤ | ᠠᠬᠤᠶᠢᠯᠠᠯ ᠤᠨ ᠬᠥᠭᠵᠢᠯᠲᠡ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠦᠨᠡᠨᠬᠦ ᠦᠢᠯᠡᠴᠢᠯᠡᠪᠡ᠃ | ᠬᠤᠶᠠᠷ ᠲᠤ᠂ ︽ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ︾ ᠶᠢ ᠡᠴᠦᠰ ᠲᠤᠨᠢ ᠲᠤᠯᠲᠠᠯ᠎ᠠ ᠬᠢᠵᠦ᠂ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃ ᠠᠵᠤ | ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡ ᠶᠢ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ | ᠠᠬᠢᠭᠤᠯᠪᠠ᠃ ᠲᠥᠷᠥᠯ ᠵᠦᠢᠯ ᠤᠨ ᠲᠥᠯᠦᠪᠵᠢᠭᠦᠯᠭᠡ ᠶᠢ ᠬᠢᠨᠠᠨ ᠬᠠᠷᠭᠤᠭᠤᠯᠬᠤ ᠳᠤ ᠬᠢᠷᠢ ᠲᠡᠩᠴᠡᠭᠰᠡᠨ | ᠦᠨᠡᠮᠯᠡᠯ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠥᠩᠭᠡᠷᠡᠭᠰᠡᠨ ᠤ 10 ᠠᠵᠢᠯᠯᠠᠬᠤ ᠡᠳᠦᠷ ᠠᠴᠠ 2 | ᠠᠵᠢᠯᠯᠠᠬᠤ ᠡᠳᠦᠷ ᠪᠣᠯᠭᠠᠨ ᠪᠠᠭᠠᠰᠬᠠᠵᠤ ᠭᠦᠢᠴᠡᠳᠭᠡᠪᠡ᠃ ᠨᠢᠭᠡ ᠪᠦᠯᠦᠭ ︽ᠬᠠᠮᠤᠭ ᠤᠨ ᠣᠯᠠᠨ ᠳᠠᠭᠠᠨ ᠨᠢᠭᠡ | ᠤᠳᠠᠭ᠎ᠠ ᠭᠦᠶᠦᠬᠦ︾ ᠲᠤᠬᠠᠶᠢᠯᠠᠭᠰᠠᠨ ᠠᠵᠢᠯ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠨᠢᠭᠡᠨᠲᠡ ︽ | ᠭᠦᠶᠦᠬᠦ ᠬᠡᠷᠡᠭ ᠦᠭᠡᠢ︾ ᠪᠣᠯᠵᠤ᠂ ᠨᠢᠭᠡ ᠯᠡ ᠤᠲᠠᠰᠤ ᠪᠤᠶᠤ ᠨᠢᠭᠡ ᠬᠤᠪᠢ ᠮᠡᠳᠡᠭᠦᠯᠦᠯᠲᠡ ᠥᠭᠬᠦ ᠳᠤ ᠭᠦᠷᠪᠡᠯ᠂ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠳ ᠰᠢᠭᠤᠳ ᠭᠡᠷ ᠲᠤᠨᠢ ᠬᠦᠷᠴᠦ ᠦᠢᠯᠡᠴᠢᠯᠡᠨ᠂ ᠲᠤᠬᠠᠢ ᠶᠢᠨ | ᠲᠠᠯᠠᠪᠤᠷ ᠲᠤ ᠠᠵᠢᠯᠯᠠᠵᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠪᠡᠯᠡ | ᠣᠷᠣᠭᠤᠯᠵᠤ ᠦᠢᠯᠡᠰ ᠬᠥᠭᠵᠢᠭᠦᠯᠬᠦ ᠳᠤ ᠨᠠᠩ ᠰᠠᠨᠠᠭ᠎ᠠ ᠠᠮᠤᠷ᠂ ᠨᠠᠩ ᠤᠷᠤᠭᠰᠢᠲᠠᠢ ᠪᠤᠯᠭᠠᠪᠠ᠃ ᠭᠤᠷᠪᠠ ᠳᠤ ︽ | ᠳᠥᠷᠪᠡ ᠶᠢ ᠬᠡᠯᠲᠦᠷᠢᠭᠦᠯᠬᠦ ᠦᠢᠯᠡᠴᠢᠯᠡᠭᠡ︾ ᠶᠢ ᠳᠠᠬᠢᠨ ᠲᠠᠰ ᠳᠡᠪᠰᠢᠭᠦᠯᠵᠦ᠂ ᠦᠢᠯᠡᠴᠢᠯᠡᠭᠡ ᠨᠢ ᠠᠵᠤ | ᠠᠬᠤᠶᠢᠯᠠᠯ ᠤᠨ ᠥᠪᠡᠷ ᠤᠨ ᠥᠷᠲᠡᠭ ᠦᠭᠡᠢ ᠪᠠᠷ ᠨᠡᠭᠡᠭᠡᠨ ᠡᠷᠭᠢᠯᠡᠬᠦ ᠳᠤ ᠬᠦᠴᠦᠨ ᠨᠡᠮᠡᠷᠢᠯᠡᠪᠡ᠃ ᠰᠦᠢᠳᠬᠡᠯ | ᠬᠤᠷᠢᠶᠠᠬᠤ ᠦᠭᠡᠢ ᠪᠠᠷ ᠬᠠᠪᠰᠤᠷᠤᠨ ᠭᠦᠢᠴᠡᠳᠭᠡᠵᠦ ᠣᠷᠣᠯᠠᠨ ᠭᠦᠢᠴᠡᠳᠭᠡᠪᠡ᠃ ᠲᠤᠬᠠᠶᠢᠯᠠᠭᠰᠠᠨ ᠠᠵᠢᠯ ᠤᠨ | ᠭᠤᠣᠯᠯᠠᠭᠴᠢ ᠬᠦᠴᠦᠨ ᠢ ᠰᠣᠩᠭᠤᠨ ︽ᠨᠢᠭᠡ ᠤᠳᠠᠭ᠎ᠠ ᠳᠤ ᠭᠦᠢᠴᠡᠳᠭᠡᠬᠦ︾ ᠪᠦᠯᠬᠦᠮ ᠤᠨ ︽ᠣᠶᠤᠨᠲᠤ ᠲᠤᠰᠬᠠᠢ | ᠲᠤᠰᠢᠶᠠᠯᠲᠠᠨ︾ ᠪᠣᠯᠭᠠᠵᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠳᠤ ︽ᠲᠠᠪᠤᠨ ᠤᠳᠤᠨ ᠳᠡᠰ ᠤᠨ | ᠳᠡᠯᠭᠡᠭᠦᠷ ᠤᠨ ᠦᠢᠯᠡᠴᠢᠯᠡᠭᠴᠢ︾ ᠪᠣᠯᠣᠨ ︽ᠨᠢᠭᠡ ᠳᠤ ᠨᠢᠭᠡ︾ ᠶᠢᠨ ᠬᠠᠪᠰᠤᠷᠤᠨ ᠭᠦᠢᠴᠡᠳᠭᠡᠬᠦ ᠣᠷᠣᠯᠠᠨ | ᠭᠦᠢᠴᠡᠳᠬᠡᠬᠦ ᠦᠢᠯᠡᠴᠢᠯᠡᠭᠡ ᠬᠠᠩᠭᠠᠵᠤ᠂ ︽ᠤᠯᠠᠨ ᠲᠦᠮᠡᠨ ᠭᠦᠢᠴᠡᠳᠭᠡᠬᠦ︾ ᠶᠢ ︽ᠪᠢ ᠭᠦᠢᠴᠡᠳᠭᠡᠬᠦ︾ ᠪᠣᠯᠭᠠᠨ | ᠬᠤᠪᠢᠷᠠᠭᠤᠯᠪᠠ᠃ ᠦᠨ᠎ᠡ ᠲᠥᠯᠥᠪᠦᠷᠢ ᠦᠭᠡᠢ ᠪᠠᠷ ᠲᠠᠮᠠᠭ᠎ᠠ ᠰᠡᠶᠢᠯᠦᠨ ᠦᠭᠪᠡ᠃ ᠪᠠᠩᠬᠢ ᠪᠠ ᠠᠵᠤ | ᠠᠬᠤᠶᠢᠯᠠᠯ ᠤᠨ ᠬᠠᠮᠲᠤᠷᠠᠯᠴᠠᠭ᠎ᠠ ᠪᠠᠷ ᠳᠠᠮᠵᠢᠭᠤᠯᠤᠨ᠂ ᠠᠵᠤ ᠠᠬᠤᠶᠢᠯᠠᠯ ᠤᠨ ︽ᠵᠣᠭᠤᠰ ᠵᠠᠷᠤᠴᠠᠭᠤᠯᠤᠨ | ᠭᠦᠢᠴᠡᠳᠭᠡᠬᠦ︾ ᠴᠢᠬᠤᠯᠠᠲᠠᠢ ᠲᠠᠮᠠᠭ᠎ᠠ ᠰᠡᠶᠢᠯᠬᠦ ᠠᠵᠢᠯ ᠢ ᠪᠠᠩᠬᠢ ᠬᠠᠷᠢᠭᠤᠴᠠᠨ ᠭᠦᠢᠴᠡᠳᠭᠡᠵᠦ᠂ ᠶᠡᠭᠡ | ᠲᠢᠩᠬᠢᠮ ᠤᠨ ︽ᠠᠯᠪᠠᠨ ᠲᠠᠮᠠᠭ᠎ᠠ ᠰᠡᠶᠢᠯᠬᠦ︾ ᠴᠣᠩᠬᠤᠨ ᠳᠤ ᠭᠤᠶᠤᠴᠢᠯᠠᠬᠤ ᠪᠤᠶᠤ ᠠᠵᠤ ᠠᠬᠤᠶᠢᠯᠠᠯ ︽ᠨᠢᠭᠡ | ᠴᠣᠩᠬᠤᠨ ᠳᠤ ᠨᠡᠪᠲᠡᠷᠡᠬᠦ︾ ᠦᠢᠯᠡᠴᠢᠯᠡᠭᠡᠨ ᠤ ᠲᠠᠪᠴᠠᠩ ᠳᠤ ︽ᠰᠦᠯᠵᠢᠶᠡᠨ ᠳᠡᠭᠡᠷ᠎ᠡ ᠲᠠᠮᠠᠭ᠎ᠠ ᠰᠡᠶᠢᠯᠬᠦ︾ | ᠪᠤᠯᠭᠠᠪᠠ᠃ ᠬᠡᠷᠡᠭᠰᠡᠬᠦ ᠮᠠᠲ᠋ᠧᠷᠢᠶᠠᠯ ᠢ ᠦᠨ᠎ᠡ ᠲᠥᠯᠥᠪᠦᠷᠢ ᠦᠭᠡᠢ ᠪᠠᠷ ᠲᠠᠷᠤᠮᠯᠠᠨ ᠦᠭᠪᠡ᠃ ᠵᠠᠰᠠᠭ ᠤᠨ | ᠶᠠᠪᠤᠳᠠᠯ ᠤᠨ ᠲᠢᠩᠬᠢᠮ ᠳᠤ ᠤᠴᠢᠷ ᠶᠠᠪᠤᠳᠠᠯ ᠭᠦᠢᠴᠡᠳᠭᠡᠬᠦ ᠪᠠᠷ ᠪᠠᠶᠢᠭ᠎ᠠ ᠠᠵᠤ ᠠᠬᠤᠶᠢᠯᠠᠯ ᠪᠠ ᠣᠯᠠᠨ ᠲᠦᠮᠡᠨ ᠤ | ᠮᠠᠲ᠋ᠧᠷᠢᠶᠠᠯ ᠬᠦᠷᠦᠯᠴᠡᠬᠦ ᠦᠭᠡᠢ᠂ ᠮᠠᠲ᠋ᠧᠷᠢᠶᠠᠯ ᠨᠢ ᠪᠤᠷᠤᠭᠤ ᠲᠠᠢ ᠠᠴᠠ ᠪᠣᠯᠵᠤ᠂ ᠬᠠᠮᠢᠶ᠎ᠠ ᠪᠦᠬᠦᠢ ᠮᠠᠲ᠋ᠧᠷᠢᠶᠠᠯ ᠳᠤ | ᠤᠯᠠᠮ ᠨᠢᠭᠡ ᠠᠯᠬᠤᠮ ᠵᠠᠰᠠᠪᠤᠷᠢ ᠣᠷᠣᠭᠤᠯᠬᠤ᠂ ᠨᠥᠬᠦᠪᠦᠷᠢᠯᠡᠬᠦ᠂ ᠲᠡᠭᠦᠯᠳᠡᠷᠵᠢᠭᠦᠯᠬᠦ ᠴᠢᠬᠤᠯᠠᠲᠠᠢ ᠪᠠᠶᠢᠪᠠᠯ᠂ ᠴᠥᠮ | ᠰᠦᠢᠳᠬᠡᠯ ᠬᠤᠷᠢᠶᠠᠬᠤ ᠦᠭᠡᠢ ᠪᠠᠷ ᠪᠠᠭᠤᠯᠭᠠᠬᠤ ᠪᠤᠶᠤ ᠳᠠᠷᠤᠮᠠᠯᠯᠠᠵᠤ᠂ ᠣᠯᠠᠨ ᠲᠦᠮᠡᠨ ᠢ ᠨᠠᠰᠢ ᠴᠠᠰᠢ | ᠭᠦᠶᠦᠬᠦ ᠠᠴᠠ ᠵᠠᠶᠢᠯᠠᠰᠬᠢᠯᠭᠡᠵᠦ᠂ ︽ᠨᠢᠭᠡ ᠯᠡ ᠤᠳᠠᠭ᠎ᠠ ᠭᠦᠶᠦᠬᠦ︾ ᠶᠢ ᠪᠣᠳᠠᠲᠠᠢ ᠨᠠᠶᠢᠳᠠᠪᠤᠷᠢᠵᠢᠭᠤᠯᠪᠠ᠃ ᠦᠨ᠎ᠡ | ᠲᠥᠯᠥᠪᠦᠷᠢ ᠦᠭᠡᠢ ᠪᠠᠷ ᠢᠯᠡᠭᠡᠨ ᠦᠭᠪᠡ᠃ ᠠᠵᠤ ᠠᠬᠤᠶᠢᠯᠠᠯ ᠤᠨ ᠤᠴᠢᠷ ᠶᠠᠪᠤᠳᠠᠯ ᠭᠦᠢᠴᠡᠳᠭᠡᠬᠦ ᠲᠤᠰᠬᠠᠢ | ᠲᠤᠭᠤᠷᠢᠭ ᠲᠤ ᠰᠢᠤᠳᠠᠨ ᠤ ᠢᠯᠡᠭᠡᠯᠲᠡ ᠶᠢᠨ ᠴᠣᠩᠬᠤ ᠭᠠᠷᠭᠠᠵᠤ᠂ ᠣᠯᠠᠨ ᠲᠦᠮᠡᠨ ᠳᠤ ᠦᠨᠡᠮᠯᠡᠯ ᠤᠨ ᠲᠠᠮᠠᠭ᠎ᠠ | ᠵᠡᠷᠭᠡ ᠶᠢ ᠰᠦᠢᠳᠬᠡᠯ ᠬᠤᠷᠢᠶᠠᠬᠤ ᠦᠭᠡᠢ ᠪᠠᠷ ᠰᠢᠤᠳᠠᠨ ᠢᠶᠠᠷ ᠢᠯᠡᠭᠡᠬᠦ ᠦᠢᠯᠡᠴᠢᠯᠡᠭᠡ ᠬᠠᠩᠭᠠᠵᠤ᠂ ︽ᠦᠪᠡᠷ ᠢᠶᠠᠨ | ᠤᠴᠢᠵᠤ ᠠᠪᠬᠤ︾ ᠪᠠᠶᠢᠭᠰᠠᠨ ᠢ ︽ᠭᠡᠷ ᠲᠤᠨᠢ ᠬᠦᠷᠭᠡᠬᠦ︾ ᠪᠣᠯᠭᠠᠨ ᠬᠤᠪᠢᠷᠠᠭᠤᠯᠵᠤ᠂ ᠵᠠᠷᠤᠳᠠᠯ ᠢ ᠨᠢ ᠴᠥᠮ | ᠵᠠᠰᠠᠭ ᠤᠨ ᠣᠷᠳᠣᠨ ᠪᠤᠳᠤᠵᠤ ᠦᠭᠪᠡ᠃ ᠳᠥᠷᠪᠡ ᠳᠤ᠂ ︽ᠲᠤᠳᠠᠭᠳᠠᠵᠤ ᠪᠠᠶᠢᠬᠤ ᠶᠢ ᠭᠥᠯᠢᠶᠡᠨ ᠠᠪᠴᠤ | ᠰᠢᠢᠳᠪᠦᠷᠢᠯᠡᠬᠦ︾ ᠪᠠᠷ ᠳᠠᠮᠵᠢᠨ ᠬᠤᠷᠳᠤᠴᠠ ᠶᠢ ᠲᠦᠷᠭᠡᠳᠬᠡᠵᠦ᠂ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠬᠦ | ᠬᠤᠭᠤᠴᠠᠭ᠎ᠠ ᠶᠢ ᠶᠡᠭᠡ ᠪᠠᠷ ᠪᠠᠭᠠᠰᠬᠠᠪᠠ᠃ ᠡᠨᠡ ᠵᠢᠯ ᠠᠴᠠ ᠨᠠᠰᠢ᠂ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠬᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢᠶᠠᠨ ᠢᠳᠡᠪᠬᠢᠲᠡᠢ ᠰᠠᠶᠢᠵᠢᠷᠠᠭᠤᠯᠵᠤ᠂ | ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ | ᠬᠠᠩᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ᠂ ᠠᠵᠤ ᠠᠬᠤᠶᠢᠯᠠᠯ ᠪᠠ ᠣᠯᠠᠨ ᠲᠦᠮᠡᠨ ᠢ ᠳᠤᠲᠠᠭᠤ | ᠭᠦᠶᠦᠯᠭᠡᠬᠦ ᠶᠢᠨ ᠲᠥᠯᠥᠭᠡ᠂ ᠲᠤᠰᠬᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠦᠢᠯᠡᠴᠢᠯᠡᠭᠡᠨ ᠤ ᠴᠣᠩᠬᠤ | ᠪᠠᠶᠢᠭᠤᠯᠵᠤ᠂ ᠲᠤᠰᠬᠠᠢ ᠬᠥᠮᠥᠨ ᠢᠶᠠᠷ ᠬᠠᠷᠢᠭᠤᠴᠠᠭᠤᠯᠵᠤ᠂ ᠠᠵᠤ ᠠᠬᠤᠶᠢᠯᠠᠯ ᠢ ᠬᠠᠪᠰᠤᠷᠤᠨ ᠪᠦᠷᠢᠳᠬᠡᠨ | ᠳᠠᠩᠰᠠᠯᠠᠬᠤ᠂ ᠲᠥᠷᠥᠯ ᠵᠦᠢᠯ ᠲᠣᠭᠲᠠᠭᠠᠬᠤ᠂ ᠲᠥᠯᠦᠪᠵᠢᠭᠦᠯᠭᠡ ᠬᠢᠬᠦ᠂ ᠪᠠᠷᠢᠯᠭ᠎ᠠ ᠪᠠᠷᠢᠬᠤ᠂ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ ᠠᠴᠠ ᠠᠰᠢᠭᠯᠠᠯᠲᠠ ᠳᠤ ᠣᠷᠣᠭᠤᠯᠬᠤ ᠬᠦᠷᠲᠡᠯᠡᠬᠢ ᠪᠥᠬᠦ ᠶᠠᠪᠤᠴᠠ ᠳᠤ | ᠬᠤᠯᠪᠣᠭᠳᠠᠭᠰᠠᠨ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠭᠦᠢᠴᠡᠳᠬᠡᠵᠦ᠂ ᠬᠢᠨᠠᠨ ᠵᠥᠪᠰᠢᠶᠡᠷᠡᠬᠦ ᠦᠷ᠎ᠡ | ᠪᠦᠲᠦᠮᠵᠢ ᠶᠢ ᠲᠡᠭᠡᠭᠰᠢᠯᠡᠬᠦᠯᠪᠡ᠃ ᠡᠭᠦᠨ ᠤ ᠬᠠᠮᠲᠤ᠂ ︽ᠬᠠᠪᠰᠤᠷᠤᠨ ᠭᠦᠢᠴᠡᠳᠬᠡᠬᠦ ᠲᠠᠪᠴᠠᠩ︾ ᠪᠠᠶᠢᠭᠤᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ | ᠶᠡᠷᠦᠩᠬᠡᠶᠢᠯᠡᠭᠰᠡᠨ ᠴᠣᠩᠬᠤᠨ ᠤ ᠠᠵᠢᠯᠲᠠᠨ ᠢᠶᠠᠷ ᠬᠠᠷᠢᠭᠤᠴᠠᠭᠤᠯᠪᠠ᠃ ᠲᠥᠪ ᠲᠤ ᠪᠠᠰᠠ ᠥᠯᠢᠭᠡᠷ | ᠬᠦᠰᠦᠨᠦᠭᠲᠦ ᠶᠢ ᠰᠦᠢᠳᠬᠡᠯ ᠬᠤᠷᠢᠶᠠᠬᠤ ᠦᠭᠡᠢ ᠪᠠᠷ ᠭᠠᠷᠭᠠᠨ ᠠᠪᠬᠤ ᠲᠤᠭᠤᠷᠢᠭ ᠭᠠᠷᠭᠠᠵᠤ᠂ ᠠᠵᠤ ᠠᠬᠤᠶᠢᠯᠠᠯ | ᠪᠠ ᠤᠴᠢᠷ ᠶᠠᠪᠤᠳᠠᠯ ᠭᠦᠢᠴᠡᠳᠭᠡᠵᠦ ᠪᠠᠶᠢᠭ᠎ᠠ ᠣᠯᠠᠨ ᠲᠦᠮᠡᠨ ᠳᠤ ᠤᠴᠢᠷ ᠶᠠᠪᠤᠳᠠᠯ ᠭᠦᠢᠴᠡᠳᠭᠡᠬᠦ ᠳᠤ ᠬᠡᠷᠡᠭᠰᠡᠬᠦ | ᠥᠯᠢᠭᠡᠷ ᠬᠦᠰᠦᠨᠦᠭᠲᠦ ᠶᠢ ᠬᠠᠩᠭᠠᠪᠠ᠃ ᠣᠲᠣ ᠪᠣᠯᠲᠠᠯ᠎ᠠ᠂ ︽ᠭᠤᠷᠪᠠ ᠶᠢ ᠰᠢᠢᠳᠪᠦᠷᠢᠯᠡᠬᠦ︾ ᠠᠵᠢᠯᠯᠠᠭ᠎ᠠ ᠳᠤ | ᠨᠡᠶᠢᠲᠡ 978 ᠬᠡᠷᠡᠭ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠵᠡᠢ᠃ ︽ᠨᠢᠭᠡ ᠶᠠᠪᠤᠳᠠᠯ ᠢ ᠨᠢᠭᠡ ᠤᠳᠠᠭ᠎ᠠ ᠳᠤ | ᠭᠦᠢᠴᠡᠳᠬᠡᠬᠦ︾ ᠵᠦᠢᠯᠡᠰ ᠤᠨ ᠨᠠᠷᠢᠨ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠵᠤ᠂ ︽ᠨᠢᠭᠡ ᠶᠠᠪᠤᠳᠠᠯ ᠢ | ᠨᠢᠭᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡᠨ ᠤ ᠪᠠᠷᠢᠮᠵᠢᠶ᠎ᠠ ᠪᠠ ᠴᠤᠪᠤᠷᠠᠯ ᠢ ᠤᠯᠠᠮ ᠨᠢᠭᠡ ᠠᠯᠬᠤᠮ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠥᠨᠳᠥᠷ | ᠳᠠᠪᠲᠠᠮᠵᠢᠲᠤ ᠬᠠᠮᠲᠤᠷᠠᠨ ᠭᠦᠢᠴᠡᠳᠬᠡᠬᠦ ᠵᠦᠢᠯᠡᠰ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠦᠨ᠂ | ᠰᠠᠶ᠋ᠢ ᠲᠥᠷᠥᠭᠰᠡᠨ ᠬᠡᠦᠬᠡᠳ ᠤᠨ ᠨᠢᠭᠡ ᠶᠠᠪᠤᠳᠠᠯ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠪᠠ ᠤᠰᠤ | ᠴᠠᠬᠢᠯᠭᠠᠨ ᠬᠡᠢ ᠳᠤᠯᠠᠭᠠᠯᠠᠭ᠎ᠠ ᠶᠢᠨ ᠬᠠᠮᠲᠤᠷᠠᠨ ᠭᠦᠢᠴᠡᠳᠬᠡᠬᠦ ᠡᠷᠦᠬᠡ ᠰᠢᠯᠵᠢᠭᠦᠯᠬᠦ᠂ ᠴᠡᠷᠢᠭ ᠤᠨ ᠠᠯᠪᠠᠨ ᠠᠴᠠ | ᠪᠠᠭᠤᠬᠤ ᠵᠡᠷᠭᠡ ᠶᠢ ᠬᠤᠷᠠᠮᠠᠯ ᠦᠢᠯᠡᠴᠢᠯᠡᠭᠡᠨ ᠤ ᠨᠠᠷᠢᠨ ᠬᠠᠭᠤᠳᠠᠰᠤ ᠳᠤ ᠣᠷᠣᠭᠤᠯᠬᠤ ᠶᠢ ᠰᠤᠪᠡᠭᠴᠢᠯᠡᠪᠡ᠃ | ᠲᠤᠲᠠᠭᠳᠠᠵᠤ ᠪᠠᠶᠢᠬᠤ ᠶᠢ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠤᠨ ᠭᠠᠷᠴᠠᠭ ᠢ ᠨᠡᠶᠢᠲᠡᠯᠡᠵᠦ᠂ ︽ᠨᠢᠭᠡ ᠯᠡ | ᠤᠳᠠᠭ᠎ᠠ ᠳᠤ ᠭᠦᠢᠴᠡᠳᠬᠡᠬᠦ︾ ᠲᠤᠲᠠᠭᠳᠠᠵᠤ ᠪᠠᠶᠢᠬᠤ ᠶᠢ ᠭᠥᠯᠢᠶᠡᠨ ᠠᠪᠴᠤ ᠰᠢᠢᠳᠪᠦᠷᠢᠯᠡᠬᠦ 11 ᠵᠦᠢᠯᠡᠰ ᠢ | ᠲᠣᠳᠣᠷᠬᠠᠶᠢᠯᠠᠵᠤ᠂ ᠲᠤᠲᠠᠭᠳᠠᠵᠤ ᠪᠠᠶᠢᠬᠤ ᠶᠢ ᠭᠥᠯᠢᠶᠡᠨ ᠠᠪᠴᠤ ᠭᠦᠢᠴᠡᠳᠭᠡᠬᠦ ᠶᠢ ︽ᠲᠠᠨ ᠳᠤ ᠬᠠᠪᠰᠤᠷᠤᠨ | ᠭᠦᠢᠴᠡᠳᠬᠡᠬᠦ︾ ᠪᠠᠷ ᠲᠠᠮᠵᠢᠨ 4 ᠵᠦᠢᠯᠡᠰ ᠢ ᠭᠦᠢᠴᠡᠳᠭᠡᠵᠦ ᠦᠭᠪᠡ᠃ ᠵᠢᠯ ᠤᠨ ᠡᠬᠢᠨ ᠠᠴᠠ ᠨᠠᠰᠢ᠂ ᠳᠤᠮᠳᠠ | ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠣᠯᠠᠨ ᠲᠦᠮᠡᠨ ᠳᠤ | ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠬᠠᠮᠲᠤᠷᠠᠨ ᠬᠢᠨᠠᠵᠤ ᠬᠠᠮᠲᠤᠷᠠᠨ ᠭᠦᠢᠴᠡᠳᠬᠡᠬᠦ 53 | ᠵᠦᠢᠯ 3208 ᠬᠤᠪᠢ ᠭᠦᠢᠴᠡᠳᠬᠡᠵᠦ᠂ 12 ᠰᠠᠯᠠᠭ᠎ᠠ ᠮᠥᠴᠢᠷ ᠤᠨ 9624 ᠬᠢᠨᠠᠨ ᠵᠥᠪᠰᠢᠶᠡᠷᠡᠬᠦ ᠵᠦᠢᠯᠡᠰ ᠲᠤ | ᠬᠤᠯᠪᠣᠭᠳᠠᠵᠠᠢ᠃ 38 ᠪᠦᠷᠢᠨ ᠬᠡᠯᠬᠢᠶᠡᠨ ᠤ ᠥᠨᠳᠥᠷ ᠳᠠᠪᠲᠠᠮᠵᠢ ᠶᠢᠨ ᠬᠠᠮᠲᠤᠷᠠᠨ ᠭᠦᠢᠴᠡᠳᠬᠡᠬᠦ ᠭᠤᠣᠯ | ᠰᠡᠳᠦᠪᠲᠦ ᠦᠢᠯᠡᠴᠢᠯᠡᠭᠡᠨ ᠤ ᠵᠦᠢᠯᠡᠰ ᠢ ᠨᠢᠭᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠵᠦ᠂ ᠪᠥᠬᠦ ᠵᠢᠯ ᠳᠤ 20 | ᠪᠦᠷᠢᠨ ᠬᠡᠯᠬᠢᠶᠡᠨ ᠤ ᠥᠨᠳᠥᠷ ᠳᠠᠪᠲᠠᠮᠵᠢ ᠶᠢᠨ ᠬᠠᠮᠲᠤᠷᠠᠨ ᠭᠦᠢᠴᠡᠳᠬᠡᠬᠦ ᠭᠤᠣᠯ ᠰᠡᠳᠦᠪᠲᠦ ᠦᠢᠯᠡᠴᠢᠯᠡᠭᠡᠨ ᠤ | ᠵᠦᠢᠯᠡᠰ ᠢ ᠨᠢᠭᠡ ᠤᠳᠠᠭ᠎ᠠ ᠳᠤ ᠭᠦᠢᠴᠡᠳᠬᠡᠬᠦ ᠶᠢ ᠦᠨᠡᠨᠬᠦ ᠪᠠᠲᠤᠯᠠᠬᠤ ᠠᠵᠢᠯ ᠤᠨ ᠬᠠᠷᠠᠯᠲᠠ ᠶᠢ ᠤᠷᠢᠳᠴᠢᠯᠠᠨ | ᠪᠡᠶᠡᠯᠡᠬᠦᠯᠪᠡ᠃ | ﹇ᠬᠥᠲᠥᠯᠥᠭᠴᠢ﹈ ᠳᠠᠷᠠᠭ᠎ᠠ ᠠᠯᠬᠤᠮ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠲᠤ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ᠂ ᠰᠢᠨ᠎ᠡ ᠦᠢᠯᠡᠳᠦᠯ ᠭᠠᠷᠭᠠᠬᠤ | ᠪᠤᠶ︖ | ﹇ᠯᠢᠦ ᡁᠢ ᠴᠢ﹈ 4 ᠰᠠᠷ᠎ᠠ ᠶᠢᠨ ᠦᠶ᠎ᠡ ᠪᠠᠷ᠂ ᠪᠢᠳᠡ ︽ᠲᠤᠪᠴᠢᠶᠠᠨ ᠲᠠᠷᠤᠭ᠎ᠠ ᠠᠵᠢᠯ ᠤᠨ ᠳᠠᠷᠠᠭᠠᠯᠠᠯ ᠢᠶᠠᠷ | ᠶᠠᠪᠤᠬᠤ︾ ᠶᠢ ᠬᠡᠷᠡᠭᠵᠢᠬᠦᠯᠵᠦ᠂ ᠣᠲᠣ ᠪᠣᠯᠲᠠᠯ᠎ᠠ ᠨᠢᠭᠡᠨᠲᠡ 3 ᠭᠠᠵᠠᠷ ᠤᠨ ᠲᠠᠰ ᠤᠨ ᠤᠳᠤᠷᠢᠳᠤᠯᠭ᠎ᠠ᠂ 23 | ᠲᠣᠪᠴᠢᠶᠠᠨ ᠳᠠᠷᠤᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠠᠵᠢᠯ ᠤᠨ ᠳᠠᠷᠠᠭᠠᠯᠠᠯ ᠢᠶᠠᠷ | ᠶᠠᠪᠤᠵᠤ᠂ ᠣᠷᠣᠨ ᠪᠠᠶᠢᠷᠢ ᠰᠣᠯᠢᠵᠤ ᠪᠣᠳᠣᠯᠬᠢᠯᠠᠬᠤ ᠪᠠᠷ ᠳᠠᠮᠵᠢᠭᠤᠯᠤᠨ ᠨᠠᠩ ᠰᠢᠯᠢᠳᠡᠭ ᠦᠢᠯᠡᠴᠢᠯᠡᠭᠡ ᠰᠣᠯᠢᠵᠤ᠂ | ᠭᠦᠢᠴᠡᠳᠬᠡᠬᠦ ᠭᠤᠭᠴᠤᠭ᠎ᠠ ᠶᠢ ᠨᠡᠶᠢᠲᠡ 8 ᠪᠠᠭᠠᠰᠬᠠᠵᠤ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 15 ᠡᠳᠦᠷ | ᠪᠠᠭᠠᠰᠬᠠᠵᠤ᠂ 4 ᠵᠦᠢᠯ ᠤᠨ ᠲᠤᠲᠠᠭᠳᠠᠵᠤ ᠪᠣᠯᠬᠤ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ᠂ 6 ᠵᠦᠢᠯ ᠤᠨ | ᠲᠤᠬᠠᠢ ᠶᠢᠨ ᠲᠠᠯᠠᠪᠤᠷ ᠲᠤ ᠴᠡᠭᠴᠡᠯᠡᠨ ᠥᠭᠡᠷᠡᠴᠢᠯᠡᠬᠦ ᠠᠰᠠᠭᠤᠳᠠᠯ ᠢ ᠳᠤᠷᠠᠳᠤᠭᠰᠠᠨ ᠪᠠᠶᠢᠨ᠎ᠠ᠃ ᠪᠢᠳᠡ ᠪᠠᠰᠠ ︽ | ᠲᠣᠪᠴᠢᠶᠠᠨ ᠳᠠᠷᠤᠭ᠎ᠠ ᠠᠵᠢᠯ ᠤᠨ ᠳᠠᠷᠠᠭᠠᠯᠠᠯ ᠢᠶᠠᠷ ᠶᠠᠪᠤᠬᠤ︾ ᠰᠢᠷᠢᠰ ᠠᠵᠢᠯ ᠢ ᠦᠷᠭᠦᠯᠵᠢᠯᠡᠨ ᠥᠷᠨᠢᠭᠦᠯᠵᠦ᠂ | ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠲᠤᠬᠠᠶᠢᠯᠠᠭᠰᠠᠨ ᠠᠵᠢᠯ ᠤᠨ ᠲᠣᠪᠴᠢᠶᠠᠨ ᠳᠠᠷᠤᠭ᠎ᠠ ᠶᠢᠨ | ᠲᠤᠬᠠᠶᠢᠯᠠᠭᠰᠠᠨ ᠠᠵᠢᠯ ᠡᠷᠭᠢᠯᠡᠬᠦ ᠶᠢ ᠱᠠᠭᠠᠷᠳᠠᠵᠤ᠂ ᠬᠡᠰᠡᠭ ᠨᠠᠮ ᠤᠨ ᠲᠥᠯᠥᠭᠡᠯᠡᠭᠴᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠵᠤ | ᠠᠬᠤᠶᠢᠯᠠᠯᠲᠠᠨ ᠤ ᠲᠥᠯᠥᠭᠡᠯᠡᠭᠴᠢ ᠪᠠ ᠨᠡᠶᠢᠭᠡᠮ ᠲᠣᠭᠤᠷᠢᠭ ᠤᠨ ᠲᠥᠯᠥᠭᠡᠯᠡᠭᠴᠢ ᠶᠢ ᠤᠷᠢᠵᠤ ᠠᠵᠢᠯ ᠤᠨ | ᠳᠠᠷᠠᠭᠠᠯᠠᠯ ᠢᠶᠠᠷ ᠶᠠᠪᠤᠬᠤ ᠶᠢᠨ ᠬᠠᠮᠲᠤ᠂ ᠵᠠᠰᠠᠭ ᠤᠨ ᠰᠤᠷᠲᠠᠯ ᠠᠵᠢᠯ ᠲᠥᠷᠥᠯ ᠤᠨ ᠰᠤᠷᠲᠠᠯ ᠤᠨ ᠵᠥᠪᠯᠡᠯᠭᠡᠨ ᠤ | ᠭᠡᠰᠢᠭᠦᠨ ᠢ ᠦᠨᠡᠯᠡᠬᠦ ᠰᠢᠷᠢᠰ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ | ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠡᠯ᠎ᠡ ᠵᠦᠢᠯ ᠤᠨ ᠰᠠᠨᠠᠯ ᠢ ᠴᠤᠭᠯᠠᠭᠤᠯᠪᠠ᠃ | ﹇ᠬᠥᠲᠥᠯᠥᠭᠴᠢ﹈ ᠯᠢᠦ ᠡᠷᠬᠢᠯᠡᠭᠴᠢ ᠶᠢᠨ ᠨᠠᠷᠢᠨ ᠲᠠᠶᠢᠯᠪᠤᠷᠢᠯᠠᠭᠰᠠᠨ ᠳᠤ ᠪᠠᠶᠠᠷᠯᠠᠯ᠎ᠠ᠂ ᠲᠤᠰ ᠬᠤᠭᠤᠴᠠᠭᠠᠨ ᠤ | ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠬᠤᠭᠤᠴᠠᠭᠠᠨ ᠤ ᠫᠷᠣᠭ᠍ᠷᠠᠮ ᠳᠤ ᠪᠠᠶᠠᠷᠲᠠᠢ | ᠵᠣᠯᠭᠠᠶ᠎ᠠ︕ | | | | | | | | |