ᠵᠢᠩᠭᠢᠨᠢ ᠰᠢᠬᠡᠰᠦᠯᠢᠭ ᠡᠳ᠋ ᠢ ᠬᠡᠷᠬᠢᠨ ᠬᠤᠳᠠᠯᠳᠣᠨ ᠠᠪᠬᠤ ᠪᠣᠢ︖
ᠨᠡᠶᠢᠲᠡᠯᠡᠭᠰᠡᠨ ᠴᠠᠭ᠄
2022/5/26
ᠵᠢᠩᠭᠢᠨᠢ ᠰᠢᠬᠡᠰᠦᠯᠢᠭ ᠡᠳ᠋ ᠢ ᠬᠡᠷᠬᠢᠨ ᠬᠤᠳᠠᠯᠳᠣᠨ ᠠᠪᠬᠤ ᠪᠣᠢ︖                        ᠨᠡᠶᠢᠲᠡᠯᠡᠭᠰᠡᠨ ᠴᠠᠭ᠄ 2020/4/27     ᠵᠢᠩᠭᠢᠨᠢ ᠰᠢᠬᠡᠰᠦᠯᠢᠭ ᠡᠳ᠋ ᠢ ᠬᠡᠷᠬᠢᠨ ᠬᠤᠳᠠᠯᠳᠣᠨ ᠠᠪᠬᠤ ᠪᠣᠢ︖ ᠡᠨᠡ ᠪᠤᠯ ᠵᠢᠩᠬᠢᠨᠢ ᠰᠢᠭᠡᠰᠦᠯᠢᠭ ᠡᠳ᠋ ᠤᠨ ᠤᠭᠤᠲᠠ ᠪᠤᠭᠤᠲᠠᠯ ᠢ ᠢᠯᠭᠠᠨ ᠲᠠᠨᠢᠬᠤ ᠶᠠᠪᠤᠲᠠᠯ ᠪᠣᠯᠤᠨ᠎ᠠ᠃ ᠰᠢᠭᠡᠰᠦᠯᠢᠭ ᠡᠳ᠋ ᠪᠣᠯ ᠬᠠᠮᠤᠭ ᠤᠨ ᠦᠷᠭᠦᠯᠵᠢ ᠬᠡᠷᠡᠭᠯᠡᠳᠡᠭ ᠠᠽᠣᠲ ᠪᠣᠷᠳᠣᠭᠤᠷ ᠪᠣᠯᠤᠨ᠎ᠠ᠂ ᠤᠯᠤᠰ ᠤᠨ ᠪᠠᠷᠢᠮᠵᠢᠶ ᠎ᠠ ᠶᠢᠨ ᠲᠣᠭᠲᠠᠭᠠᠯ ᠢ ᠦᠨᠳᠦᠰᠦᠯᠡᠪᠡᠯ᠂ 2018 ᠣᠨ ᠤ 7 ᠰᠠᠷ᠎ᠠ ᠶᠢᠨ 1 ᠠᠴᠠ ᠡᠬᠢᠯᠡᠨ᠂ ᠰᠢᠭᠡᠰᠦᠯᠢᠭ ᠡᠳ᠋ ᠤᠨ ᠬᠡᠷᠡᠭᠵᠢᠭᠦᠯᠬᠦ ᠪᠠᠷᠢᠮᠵᠢᠶ᠎ᠠ GB/T2440 — 2017 ᠪᠣᠯᠤᠨ᠎ᠠ᠃ ᠣᠯᠠᠨ ᠢᠶᠠᠷ ᠢᠶᠠᠨ ᠰᠢᠭᠡᠰᠦᠯᠢᠭ ᠡᠳ᠋ ᠢ ᠬᠤᠳᠠᠯᠳᠤᠨ ᠠᠪᠬᠤ ᠳᠠᠭᠠᠨ ᠲᠠᠷᠠᠭᠠᠬᠢ ᠬᠤᠶᠠᠷ ᠵᠦᠢᠯ ᠢ ᠠᠩᠬᠠᠷᠬᠤ ᠭᠡᠷᠡᠭᠲᠡᠢ᠄ ᠨᠢᠭᠡ ᠳᠤ ᠬᠡᠷᠡᠭᠵᠢᠭᠦᠯᠬᠦ ᠪᠠᠷᠢᠮᠵᠢᠶ᠎ᠠ GB2440 — 2017 ᠶᠢ ᠥᠵᠡᠨ᠎ᠠ ᠬᠤᠶᠠᠷ ᠲᠤ ᠰᠢᠮ᠎ᠡ ᠲᠡᠵᠢᠭᠡᠯ ᠤᠨ ᠠᠭᠤᠯᠤᠭᠳᠠᠴᠠ ᠶᠢ ᠥᠵᠡᠨ᠎ᠡ᠂ ᠭᠡᠬᠦ ᠳᠡᠭᠡᠨ ᠡᠨᠡ ᠴᠠᠭᠠᠨ ᠲᠣᠯᠣᠭᠠᠶ — N ᠶᠢ ᠵᠠᠪᠠᠯ ᠴᠡᠭᠡᠵᠢᠯᠡᠬᠦ ᠬᠡᠷᠡᠭᠲᠡᠶ᠂ ᠲᠡᠭᠦᠨ ᠤ % ᠨᠢ ᠰᠠᠶ᠋ᠢ ᠠᠽᠣᠲ ᠪᠤᠷᠳᠤᠭᠤᠷ ᠤᠨ ᠠᠭᠤᠯᠤᠭᠳᠠᠴᠠ ︵N 45% ᠠᠴᠠ ᠶᠡᠭᠡ ᠪᠤᠶᠤ ᠲᠡᠩᠴᠡᠬᠦᠤ︶ ᠪᠣᠯᠤᠨ᠎ᠠ᠂ ︽ᠶᠡᠷᠥᠩᠭᠡᠢ ᠰᠢᠮ᠎ᠡ ᠲᠡᠵᠢᠭᠡᠯ 45% ᠠᠴᠠ ᠶᠡᠭᠡ ᠪᠤᠶᠤ ᠲᠡᠩᠴᠡᠨ᠎ᠡ︾ ᠭᠡᠵᠦ ᠠᠲᠡᠬᠦᠷᠡᠵᠤ ᠪᠣᠯᠬᠤ ᠦᠭᠡᠢ᠃ ᠵᠢᠩᠬᠢᠨᠢ ᠰᠢᠭᠡᠰᠦᠯᠢᠭ ᠡᠳ᠋ ᠤᠨ ᠪᠤᠭᠤᠲᠠᠯ ᠤᠭᠤᠲᠠ ᠡᠶᠢᠮᠦ ᠪᠠᠶᠢᠳᠠᠭ᠄ ᠬᠠᠷᠢᠨ ᠲᠠᠷᠠᠭᠠᠬᠢ ᠰᠢᠭᠡᠰᠦᠯᠢᠭ ᠡᠳ᠋ ᠤᠨ ᠪᠤᠭᠤᠲᠠᠯ ᠤᠭᠤᠲᠠ ᠪᠦᠷ ᠬᠡᠪ ᠤᠨ ᠪᠤᠰᠤ ᠪᠠᠶᠢᠳᠠᠭ᠂ ᠣᠯᠠᠨ ᠢᠶᠠᠷ ᠢᠶᠠᠨ ᠵᠠᠪᠠᠯ ᠰᠠᠶᠢᠲᠤᠷ ᠮᠡᠲᠡᠵᠤ ᠠᠪᠬᠤ ᠬᠡᠷᠡᠭᠲᠡᠶ᠄ ᠡᠨᠡ ᠬᠦ ᠤᠭᠤᠲᠠ ᠰᠢᠭᠡᠰᠦᠯᠢᠭ ᠡᠳ᠋ ᠠᠰᠠᠭᠤᠳᠠᠯ ᠲᠠᠢ᠂ ᠶᠡᠷᠦᠩᠬᠡᠶ ᠠᠽᠣᠲ ︵N︶ 45% ᠠᠴᠠ ᠪᠠᠭ᠎ᠠ ᠪᠤᠶᠤ ᠲᠡᠩᠴᠡᠭᠦᠤ ᠭᠡᠵᠦ ᠲᠤᠭᠲᠠᠭᠠᠵᠠᠢ᠂ ᠭᠡᠪᠡᠴᠦ ᠡᠨᠡ ᠨᠢ ᠪᠤᠰᠤᠳ ᠵᠥᠢᠯ ᠢᠶᠠᠨ ᠨᠡᠮᠡᠭᠡᠳ 46.3% ᠪᠣᠯᠬᠤ ᠮᠥᠷᠲᠡᠭᠡᠨ ᠲᠠᠷᠠᠭᠠᠬᠢ ᠭᠡᠷᠡᠭᠵᠢᠬᠦᠯᠥᠭᠰᠡᠨ ᠪᠠᠷᠢᠮᠵᠢᠶ᠎ᠠ ᠨᠢ ᠴᠦ ᠲᠠᠭᠠᠷᠠᠬᠤ ᠥᠬᠡᠶ᠂ ᠰᠢᠭᠡᠰᠦᠯᠢᠭ ᠡᠳ᠋ ᠤᠨ ᠵᠥᠪ ᠬᠡᠷᠡᠭᠵᠢᠭᠦᠯᠬᠦ ᠪᠠᠷᠢᠮᠵᠢᠶ᠎ᠠ ᠪᠤᠯ GB/T2440 — 2017 ᠪᠣᠯᠤᠨ᠎ᠠ ᠪᠠᠰᠠ ᠵᠠᠷᠢᠮ ᠦᠢᠯᠡᠳᠪᠦᠷᠢ ᠠᠽᠣᠲ ᠤᠨ ᠠᠭᠤᠯᠤᠭᠳᠠᠴᠠ 25% ᠶᠢᠨ ᠾᠯᠣᠷᠲᠤ ᠠᠮᠮᠣᠨᠢ ᠶᠢ ᠰᠢᠭᠡᠰᠦᠯᠢᠭ ᠡᠳ᠋ ᠪᠤᠯᠭᠠᠨ ᠪᠤᠷᠤᠯᠠᠭᠤᠯᠲᠠᠭ᠄ ᠡᠨᠡ ᠵᠢᠷᠤᠭ ᠲᠠᠬᠢ ᠬᠡᠷᠡᠭᠵᠢᠬᠦᠯᠬᠦ ᠪᠠᠷᠢᠮᠵᠢᠶ᠎ᠠ GB/T2946 — 2008 ᠪᠣᠯ ᠤᠤᠯ ᠤᠨ ᠾᠯᠣᠷᠲᠤ ᠠᠮᠮᠣᠨᠢ ᠶᠢᠨ ᠬᠡᠷᠡᠭᠵᠢᠭᠦᠯᠬᠦ ᠪᠠᠷᠢᠮᠵᠢᠶ᠎ᠠ ᠪᠣᠯᠤᠨ᠎ᠠ᠃ ᠪᠠᠰᠠ ᠵᠠᠷᠢᠮ ᠰᠢᠨ᠎ᠡ ᠬᠡᠯᠪᠡᠷᠢ ᠶᠢᠨ ᠮᠡᠷᠭᠡᠵᠢᠯ ᠤᠨ ᠦᠰᠦᠭ ᠤᠨ ᠲᠠᠰᠢᠶᠠᠷᠠᠯ ᠵᠡᠷᠭᠡ ᠪᠠᠷ ᠪᠣᠭᠤᠳᠠᠯ ᠪᠠᠭᠯᠠᠭ᠎ᠠ ᠶᠢ ᠬᠤᠳᠬᠤᠯᠲᠤᠭᠤᠯᠲᠠᠭ᠄ ᠡᠨᠡ ᠬᠦ ︽控矢尿素︾ ᠶᠢᠨ ︽矢︾ ᠬᠡᠮᠡᠬᠦ ᠲᠠᠰᠢᠶ᠎ᠠ ᠥᠰᠥᠭ ᠪᠤᠯᠤᠨ᠎ᠠ᠂ ᠤᠴᠢᠷ ᠨᠢ ᠪᠤᠷᠳᠤᠭᠤᠷ ᠨᠢᠭᠡ ᠪᠣᠯ ︽控释︾ ᠪᠠᠶᠢᠵᠤ᠂ ᠨᠢᠭᠡ ᠪᠣᠯ ︽控失︾ ᠪᠠᠶᠢᠵᠤ ᠮᠡᠲᠡᠨ᠎ᠠ᠂ ᠶᠠᠭᠠᠬᠢᠪᠠᠴᠤ ︽矢量图︾ ᠶᠢᠨ ︽矢︾ ᠪᠠᠶᠢᠵᠤ ᠪᠤᠯᠬᠤ ᠥᠭᠡᠢ ᠳ᠋ᠠ ᠪᠢᠵᠡ᠂ ᠡᠭᠦᠨ ᠠᠴᠠ ᠦᠵᠡᠬᠦ ᠳᠤ ᠠᠰᠠᠭᠤᠳᠠᠯ ᠲᠠᠢ ᠪᠠᠶᠢᠨ᠎ᠠ᠃ ᠡᠩ ᠤᠨ ᠰᠢᠭᠡᠰᠦᠯᠢᠭ ᠡᠳ᠋ ᠲᠤ ᠭᠡᠪ ᠤᠨ ᠪᠤᠰᠤ ᠵᠥᠢᠯ ᠪᠦᠷ ᠡᠶᠢᠮᠤ ᠠᠷᠪᠢᠨ ᠪᠠᠶᠢᠬᠤ ᠪᠥᠭᠡᠳ ᠣᠯᠠᠨ ᠢᠶᠠᠷ ᠢᠶᠠᠨ ᠬᠤᠳᠠᠯᠳᠤᠨ ᠠᠪᠬᠤ ᠳᠤ ᠦᠨ᠎ᠡ ᠬᠠᠩᠰᠢ ᠬᠡᠲᠦᠷᠬᠡᠢ ᠶᠡᠭᠡ ᠵᠥᠷᠢᠪᠡᠯ᠂ ᠡᠷᠬᠡᠪᠰᠢ ᠠᠩᠬᠠᠷᠴᠤ᠂ ᠮᠡᠬᠡᠯᠡᠭᠳᠡᠬᠦ ᠠᠴᠠ ᠰᠡᠷᠭᠡᠶᠢᠯᠡᠬᠦ ᠬᠡᠷᠡᠭᠲᠡᠢ︕      ᠵᠢᠩᠬᠢᠨᠢ ᠹᠣᠰᠹᠣᠷ ᠬᠦᠴᠢᠯ ᠤᠨ ᠬᠤᠶᠠᠷ ᠠᠮᠮᠣᠨᠢ ᠶᠢ ᠬᠡᠷᠬᠢᠨ ᠬᠤᠳᠠᠯᠳᠤᠨ ᠠᠪᠬᠤ ᠪᠤᠢ︖ ᠤᠯᠤᠰ ᠤᠨ ᠲᠣᠭᠲᠠᠭᠠᠯ ᠢ ᠦᠨᠳᠦᠰᠦᠯᠡᠪᠡᠯ᠂ ᠹᠣᠰᠹᠣᠷ ᠬᠦᠴᠢᠯ ᠤᠨ ᠬᠤᠶᠠᠷ ᠠᠮᠮᠣᠨᠢ ᠶᠢᠨ ᠬᠡᠷᠡᠭᠵᠢᠭᠦᠯᠬᠦ ᠪᠠᠷᠢᠮᠵᠢᠶ᠎ᠠ ᠪᠣᠯ GB10205-2009 ᠪᠣᠯᠤᠨ᠎ᠠ᠂ ᠲᠡᠭᠦᠨ ᠤ ᠰᠢᠮ᠎ᠡ ᠲᠡᠵᠢᠭᠡᠯ ᠤᠨ ᠶᠡᠷᠦᠩᠬᠡᠶ ᠠᠭᠤᠯᠤᠭᠳᠠᠴᠠ ᠶᠢ ᠶᠡᠷᠦ ᠳᠡᠭᠡᠨ ᠪᠦᠷ ᠤᠭᠤᠲᠠ ᠪᠣᠭᠤᠳᠠᠯ ᠳᠡᠭᠡᠷ᠎ᠡ ︵N-P2O5-K2O︶ ᠭᠡᠵᠤ ᠲᠡᠮᠳᠡᠭᠯᠡᠵᠦ ᠪᠠᠶᠢᠲᠠᠭ᠃ ᠶᠡᠷᠦᠩᠬᠡᠶ ᠰᠢᠮ᠎ᠡ ᠲᠡᠵᠢᠭᠡᠯ 53% ᠠᠴᠠ ᠪᠠᠭ᠎ᠠ ᠪᠠᠶᠢᠵᠤ ᠪᠣᠯᠬᠤ ᠦᠭᠡᠢ᠃ ᠣᠯᠠᠨ ᠢᠶᠠᠷ ᠢᠶᠠᠨ ᠹᠣᠰᠹᠣᠷ ᠬᠦᠴᠢᠯ ᠤᠨ ᠬᠤᠶᠠᠷ ᠠᠮᠮᠣᠨᠢ ᠬᠤᠳᠠᠯᠳᠤᠨ ᠠᠪᠬᠤ ᠳᠠᠭᠠᠨ ᠲᠠᠷᠠᠭᠠᠬᠢ ᠭᠤᠷᠪᠠᠨ ᠵᠦᠢᠯ ᠢ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ᠄     1. ᠶᠡᠷᠦᠩᠬᠡᠢ ᠰᠢᠮ᠎ᠠ ᠲᠡᠵᠢᠭᠡᠯ ᠤᠨ ᠠᠭᠤᠯᠤᠭᠳᠠᠴᠠ ᠭᠡᠲᠡᠭ ᠨᠢ ᠠᠽᠣᠲ ︵N︶ ᠪᠠ ᠹᠣᠰᠹᠣᠷ ︵P2O5︶ ᠤᠨ ᠨᠡᠶᠢᠯᠡᠪᠤᠷᠢ ᠶᠢ ᠢᠯᠡᠳᠬᠡᠨ᠎ᠡ᠂ ᠠᠽᠣᠲ ᠹᠣᠰᠹᠣᠷ ᠺᠠᠯᠢ ᠶᠢᠨ ᠠᠭᠤᠯᠤᠭᠳᠠᠴᠠ ᠶᠢ ᠤᠭᠤᠲᠠ ᠪᠣᠭᠤᠳᠠᠯ ᠳᠡᠭᠡᠷ᠎ᠡ ᠲᠤᠰ ᠲᠤᠰ ᠲᠤᠲᠤᠷᠬᠠᠶᠢᠯᠠᠵᠤ ᠪᠠᠶᠢᠬᠤ ᠮᠥᠷᠲᠡᠭᠡᠨ ᠶᠡᠷᠦᠩᠬᠡᠢ ᠰᠢᠮ᠎ᠡ ᠲᠡᠵᠢᠭᠡᠯ ᠤᠨ ᠠᠭᠤᠯᠤᠭᠳᠠᠴᠠ ᠶᠢ ᠴᠦ ᠲᠤᠲᠤᠷᠬᠠᠶᠢᠯᠠᠵᠤ ᠪᠠᠶᠢᠨ᠎ᠠ᠃      2. ᠬᠡᠳᠦ᠋ᠢᠪᠡᠷ ᠹᠣᠰᠹᠣᠷ ᠬᠦᠴᠢᠯ ᠤᠨ ᠬᠤᠶᠠᠷ ᠠᠮᠮᠣᠨᠢ ᠳᠤ ᠺᠠᠯᠢ ᠠᠭᠤᠯᠤᠭᠲᠠᠬᠤ ᠦᠭᠡᠢ ᠪᠤᠯᠬᠤᠷ ᠺᠠᠯᠢ ︵K2O︶ ᠶᠢᠨ ᠠᠭᠤᠯᠤᠭᠲᠠᠴᠠ ︽0︾ ᠭᠡᠵᠤ ᠢᠯᠡᠳᠭᠡᠭᠰᠡᠨ ᠪᠤᠯᠪᠠᠴᠤ᠂ ᠪᠤᠰᠤᠳ ᠰᠢᠮ᠎ᠡ ᠲᠡᠵᠢᠭᠡᠯ ᠢᠶᠠᠷ ᠵᠡᠭᠦᠯᠲᠡ ᠬᠠᠳᠠᠬᠤ ᠪᠤᠶᠤ ᠢᠯᠭᠠᠬᠤ ᠦᠭᠡᠢ ᠪᠠᠶᠢᠵᠤ ᠪᠣᠯᠬᠤ ᠦᠭᠡᠢ᠃     3. ᠬᠡᠷᠡᠭᠵᠢᠭᠦᠯᠬᠦ ᠪᠠᠷᠢᠮᠵᠢᠶ᠎ᠠ GB10205 — 2009 ᠪᠣᠯᠤᠨ᠎ᠠ᠃ ᠵᠢᠩᠬᠢᠨᠢ ᠤᠭᠤᠲᠠ ᠪᠣᠭᠤᠳᠠᠯ ᠡᠶᠢᠮᠦ ᠪᠠᠶᠢᠳᠠᠭ᠄ ᠵᠢᠩᠬᠢᠨᠢ ᠪᠤᠰᠤ ᠤᠭᠤᠲᠠ ᠪᠣᠭᠤᠳᠠᠯ ᠡᠶᠢᠮᠦ ᠪᠠᠶᠢᠳᠠᠭ᠄ ᠡᠨᠡ ᠬᠦ ᠹᠣᠰᠹᠣᠷ ᠬᠦᠴᠢᠯ ᠤᠨ ᠬᠤᠶᠠᠷ ᠠᠮᠮᠣᠨᠢ ᠶᠢᠨ ᠤᠭᠤᠲᠠ ᠪᠤᠭᠤᠲᠠᠯ ᠲᠡᠭᠡᠷ᠎ᠡ ᠰᠢᠮ᠎ᠠ ᠲᠡᠵᠢᠭᠡᠯ ᠤᠨ ᠠᠭᠤᠯᠤᠭᠳᠠᠴᠠ ᠶᠢ ᠳᠤᠷ᠎ᠠ ᠪᠠᠷ ᠢᠶᠠᠨ ᠲᠠᠮᠲᠡᠭᠯᠡᠵᠤ᠂ ᠰᠢᠪᠲᠦᠷᠲᠦ ᠬᠦᠴᠢᠯ᠂ ᠣᠷᠭᠠᠨᠢᠭ ᠪᠣᠳᠠᠰ ᠪᠦᠬᠦᠨ ᠢ ᠪᠤᠲᠤᠭᠰᠠᠨ ᠮᠥᠷᠲᠡᠭᠡᠨ ᠬᠡᠷᠡᠭᠵᠢᠭᠦᠯᠬᠦ ᠪᠠᠷᠢᠮᠵᠢᠶ᠎ᠠ ᠴᠦ ᠲᠠᠭᠠᠷᠠᠬᠤ ᠦᠭᠡᠢ᠂ ᠤᠯᠤᠰ ᠤᠨ ᠬᠡᠷᠡᠭᠵᠢᠬᠦᠯᠬᠦ ᠪᠠᠷᠢᠮᠵᠢᠶ᠎ᠠ GB10205-2009 ᠪᠢᠰᠢ ᠪᠠᠶᠢᠨ᠎ᠠ᠃ ᠡᠨᠡ ᠬᠦ ᠵᠢᠷᠤᠭ ᠪᠠ ᠡᠮᠥᠨᠡᠬᠢ ᠵᠢᠷᠤᠭ ᠤᠨ ᠤᠭᠤᠲᠠ ᠪᠤᠭᠤᠲᠠᠯ ᠠᠳᠠᠯᠢᠬᠠᠨ ᠪᠠᠶᠢᠪᠠᠴᠤ᠂ ᠬᠡᠷᠡᠭᠵᠢᠭᠦᠯᠬᠦ ᠪᠠᠷᠢᠮᠵᠢᠶ᠎ᠠ ᠲᠠᠭᠠᠷᠠᠬᠤ ᠥᠬᠡᠶ᠂ ᠰᠢᠮ᠎ᠡ ᠲᠡᠵᠢᠭᠡᠯ ᠤᠨ ᠠᠭᠤᠯᠤᠭᠳᠠᠴᠠ ᠶᠢᠨ ᠬᠢᠮᠢ ᠶᠢᠨ ᠲᠤᠮᠢᠶ᠎ᠠ ᠶᠢᠨ ᠵᠡᠭᠦᠯᠲᠡ ᠳᠠᠭᠠᠷᠠᠬᠤ ᠥᠬᠡᠶ᠂ ︽SCM︾ ᠬᠡᠮᠡᠬᠦ ᠵᠡᠬᠦᠯᠲᠡ ᠬᠢᠵᠤ ᠪᠣᠯᠬᠤ ᠥᠬᠡᠶ᠂ ︽K2O︾ ᠪᠠᠶᠢᠪᠠᠯ ᠵᠣᠬᠢᠨ᠎ᠠ᠃ ᠤᠯᠠᠨ ᠢᠶᠠᠷ ᠢᠶᠠᠨ ᠠᠩᠬᠠᠷᠴᠤ᠂ ᠵᠢᠩᠬᠢᠨᠢ ᠲᠠᠷᠢᠶᠠᠯᠠᠩ ᠤᠨ ᠬᠡᠷᠡᠭᠰᠡᠯ ᠤᠨ ᠲᠡᠯᠭᠡᠬᠦᠷ ᠲᠤ ᠢᠯᠡᠭᠦᠬᠡᠨ ᠤᠴᠢᠭᠠᠷᠠᠢ᠃ ᠬᠠᠭᠤᠷᠮᠠᠭ ᠪᠣᠷᠳᠣᠭᠤᠷ ᠢ ᠰᠡᠷᠭᠡᠶᠢᠯᠡᠬᠦ ᠬᠡᠷᠡᠭᠲᠡᠢ︕ ᠵᠢᠩᠬᠢᠨᠢ ᠨᠡᠶᠢᠯᠡᠮᠡᠯ ᠪᠣᠷᠳᠣᠭᠤᠷ ᠢ ᠬᠡᠷᠬᠢᠨ ᠬᠤᠳᠠᠯᠳᠤᠨ ᠠᠪᠬᠤ ᠪᠣᠶ︖ ᠤᠯᠤᠰ ᠤᠨ ᠲᠤᠭᠲᠠᠭᠠᠯ ᠢᠶᠠᠷ ᠨᠡᠶᠢᠯᠡᠮᠡᠯ ᠪᠣᠷᠳᠣᠭᠤᠷ ᠤᠨ ᠬᠡᠷᠡᠭᠵᠢᠭᠦᠯᠬᠦ ᠪᠠᠷᠢᠮᠵᠢᠶ᠎ᠠ ᠪᠣᠯ GB15063 -2009 ᠪᠣᠯᠤᠨ᠎ᠠ᠂ ᠡᠭᠦᠨ ᠳᠤ ᠶᠡᠷᠦᠩᠬᠡᠶ ᠰᠢᠮ᠎ᠠ ᠲᠡᠵᠢᠭᠡᠯ ᠤᠨ ᠵᠡᠭᠦᠯᠲᠡ ︵N+P2O5+K2O︶ ᠪᠣᠯᠤᠨ᠎ᠠ᠂ K2O ᠶᠢ ᠵᠠᠪᠠᠯ ᠠᠩᠬᠠᠷᠬᠤ ᠬᠡᠷᠡᠭᠲᠡᠶ᠃ ᠡᠭᠦᠨ ᠠᠴᠠ ᠭᠠᠳᠠᠨ᠎ᠠ᠂ ᠰᠢᠮ᠎ᠠ ᠲᠡᠵᠢᠭᠡᠯ ᠤᠨ ᠶᠷᠤᠩᠭᠡᠢ ᠠᠭᠤᠯᠤᠭᠳᠠᠴᠠ ᠬᠠᠮᠤᠭ ᠤᠨ ᠪᠠᠭ᠎ᠠ ᠳᠤ ᠪᠠᠨ 25% ᠠᠴᠠ ᠪᠠᠭ᠎ᠠ ᠪᠠᠶᠢᠵᠤ ᠪᠣᠯᠬᠤ ᠦᠭᠡᠢ᠃ ᠲᠠᠷᠠᠭᠠᠬᠢ ᠪᠣᠯ ᠵᠢᠩᠬᠢᠨᠢ ᠨᠡᠶᠢᠯᠡᠮᠡᠯ ᠪᠣᠷᠳᠣᠭᠤᠷ ᠤᠨ ᠤᠭᠤᠲᠠ ᠪᠤᠭᠤᠲᠠᠯ ᠪᠣᠯᠤᠨ᠎ᠠ᠄ ᠠᠽᠣᠲ ᠹᠣᠰᠹᠣᠷ ᠺᠠᠯᠢ ᠠᠭᠤᠯᠤᠭᠰᠠᠨ ᠨᠡᠶᠢᠯᠡᠮᠡᠯ ᠪᠣᠷᠳᠣᠭᠤᠷ ᠲᠤ ᠠᠪᠴᠤ ᠬᠡᠯᠡᠪᠡᠯ᠂ ᠨᠡᠶᠢᠯᠡᠮᠡᠯ ᠪᠤᠷᠲᠤᠭᠤᠷ ᠲᠤ ᠨᠢᠭᠡ ᠺᠠᠯᠢ ᠶᠢᠨ ᠠᠭᠤᠯᠤᠭᠳᠠᠴᠠ ᠳᠤᠲᠠᠭᠤ ᠪᠤᠯᠪᠠᠯ᠂ 1 ᠲᠣᠨ ᠪᠤᠷᠲᠤᠭᠤᠷ ᠤᠨ ᠥᠪᠡᠷ ᠤᠨ ᠥᠷᠲᠡᠭ ᠲᠤ 100 ᠭᠠᠷᠤᠶ ᠲᠥᠭᠦᠷᠢᠭ ᠠᠷᠪᠢᠯᠠᠵᠤ᠂ 3 — 5 ᠺᠠᠯᠢ ᠶᠢᠨ ᠠᠭᠤᠯᠤᠭᠳᠠᠴᠠ ᠳᠤᠲᠠᠭᠤ ᠬᠢᠭᠰᠡᠭᠡᠷ᠂ ᠳᠠᠷᠤᠶ ᠬᠡᠳᠦᠨ ᠵᠠᠭᠤᠨ ᠲᠥᠭᠦᠷᠢᠭ ᠬᠢᠮᠲᠠ ᠪᠣᠯᠵᠣ ᠮᠡᠳᠡᠨ᠎ᠡ᠃ ᠡᠶᠢᠮᠦ ᠠᠴᠠ ᠵᠠᠷᠢᠮ ᠮᠡᠭᠡᠯᠡᠭᠴᠢ ᠶᠠᠭ ᠡᠭᠦᠨ ᠢ ᠦᠵᠡᠵᠦ ᠭᠠᠷᠤᠭᠠᠳ᠂ ᠺᠠᠯᠢ ᠡᠯᠧᠮᠧᠨ᠋ᠲ ᠲᠡᠭᠡᠷ᠎ᠡ ᠠᠷᠭ᠎ᠠ ᠤᠬᠠᠭᠠᠨ ᠭᠠᠷᠭᠠᠵᠤ᠂ ᠺᠠᠯᠢ ᠠᠷᠪᠢᠨ ᠭᠡᠵᠤ ᠬᠠᠭᠤᠷᠮᠠᠭᠯᠠᠲᠠᠭ᠂ ᠴᠢᠨᠠᠭᠰᠢᠯᠠᠭᠠᠳ ᠺᠠᠯᠢ ᠵᠢᠭᠠᠬᠠᠨ ᠴᠤ ᠪᠠᠶᠢᠬᠤ ᠦᠭᠡᠢ ᠪᠠᠶᠢᠵᠤ ᠮᠡᠲᠡᠨ᠎ᠠ᠃ ᠵᠢᠱᠢᠶᠡᠯᠡᠪᠡᠯ ᠲᠠᠷᠠᠭᠠᠬᠢ ᠡᠨᠡ ᠪᠤᠭᠤᠲᠠᠯ ᠤᠭᠤᠲᠠ ᠲᠡᠭᠡᠷᠡᠬᠢ ᠵᠡᠬᠦᠯᠲᠡ ᠶᠠᠭ ᠡᠶᠢᠮᠤ ᠪᠤᠯᠤᠨ᠎ᠠ᠂ ᠺᠠᠯᠢ ᠶᠢᠨ ᠡᠯᠧᠮᠧᠨ᠋ᠲ ᠤᠨ ᠪᠠᠶᠢᠷᠢ ᠳᠤ ᠭᠡᠮ ᠬᠢᠭᠰᠡᠨ ᠪᠠᠶᠢᠨ᠎ᠠ᠄ ᠡᠨᠡ ᠬᠦ ᠪᠣᠷᠳᠣᠭᠤᠷ ᠤᠨ ᠤᠭᠤᠲᠠ ᠪᠤᠭᠤᠲᠠᠯ ᠳᠡᠭᠡᠷ᠎ᠡ ︽HAK︾ ᠭᠡᠵᠦ ᠲᠡᠮᠳᠡᠭᠯᠡᠭᠰᠡ ᠪᠠᠶᠢᠨ᠎ᠠ᠂ ᠥᠨᠡᠨ ᠳᠡᠭᠡᠨ ᠠᠳᠡ ᠺᠠᠯᠢ ︵︽K2O︾︶ ᠭᠡᠵᠦ ᠲᠡᠮᠳᠡᠭᠯᠡᠪᠡᠯ ᠵᠣᠬᠢᠨ᠎ᠠ᠃ ᠡᠨᠡ ᠬᠦ ᠪᠤᠷᠲᠤᠭᠤᠷ ᠤᠨ ᠤᠭᠤᠲᠠ ᠪᠤᠭᠤᠲᠠᠯ ᠤᠨ ᠺᠠᠯᠢ ᠶᠢᠨ ᠵᠠᠬᠦᠯᠲᠡ ᠮᠥᠨ ᠵᠥᠪ ᠪᠢᠰᠢ ᠺᠠᠯᠢ ᠶᠢᠨ ᠵᠡᠬᠦᠯᠲᠠ ︽1 ᠠᠴᠠ ᠪᠠᠭ᠎ᠠ 20 ᠠᠴᠠ ᠶᠡᠭᠡ︾ ᠪᠠᠶᠢᠪᠠᠯ ᠲᠠᠭᠠᠷᠠᠨ᠎ᠠ ᠡᠮᠥᠨᠡᠬᠢ ᠵᠢᠭᠰᠠᠭᠠᠭᠰᠠᠨ ᠪᠤᠭᠤᠲᠠᠯ ᠤᠭᠤᠲᠠ ᠠᠴᠠ ᠭᠠᠳᠠᠨ᠎ᠠ᠂ ᠵᠠᠬ᠎ᠠ ᠳᠡᠯᠭᠡᠭᠦᠷ ᠳᠡᠭᠡᠷᠡᠬᠢ ᠴᠥᠭᠡᠨ ᠪᠤᠰᠤ ᠪᠤᠷᠳᠤᠭᠤᠷ ᠤᠨ ᠪᠤᠭᠤᠲᠠᠯ ᠤᠭᠤᠲᠠ ᠳᠤ ᠪᠦᠷ ᠠᠰᠠᠭᠤᠳᠠᠯ ᠲᠠᠢ ᠶᠤᠮ᠄ ᠡᠶᠢᠮᠦ ᠠᠴᠠ ᠤᠯᠠᠨ ᠢᠶᠠᠷ ᠢᠶᠠᠨ ᠪᠤᠷᠳᠤᠭᠤᠷ ᠬᠤᠲᠠᠯᠲᠤᠨ ᠠᠪᠬᠤ ᠳᠠᠭᠠᠨ ᠵᠠᠪᠠᠯ ᠪᠣᠭᠤᠳᠠᠯ ᠤᠭᠤᠲᠠ ᠶᠢ ᠲᠣᠳᠣᠷᠬᠠᠶ ᠦᠵᠡᠬᠦ ᠬᠡᠷᠡᠭᠲᠡᠶ᠂ ᠬᠢᠮᠳᠠ ᠳᠤ ᠳᠤᠷᠠᠯᠠᠬᠤ ᠦᠭᠡᠢ᠂ ᠵᠢᠩᠬᠢᠨᠢ ᠲᠠᠷᠢᠶᠠᠯᠠᠩ ᠤᠨ ᠬᠡᠷᠡᠭᠰᠡᠯ ᠤᠨ ᠳᠡᠯᠭᠡᠭᠦᠷ ᠲᠤ ᠢᠯᠡᠭᠦᠬᠡᠨ ᠣᠴᠢᠵᠤ ᠲᠠᠷᠢᠶᠠᠯᠠᠩ ᠤᠨ ᠬᠡᠷᠡᠭᠰᠡᠯ ᠬᠤᠳᠠᠯᠳᠤᠨ ᠠᠪᠤᠭᠠᠷᠠᠢ᠂ ᠬᠠᠭᠤᠷᠮᠠᠭ ᠪᠤᠷᠳᠤᠭᠤᠷ ᠬᠤᠳᠠᠯᠳᠤᠨ ᠠᠪᠤᠪᠠᠯ ᠮᠡᠬᠡᠯᠡᠭᠳᠡᠬᠦ ᠪᠠᠷ ᠪᠠᠷᠠᠬᠤ ᠦᠭᠡᠢ᠂ ᠲᠠᠷᠢᠶ᠎ᠠ ᠪᠠᠨ ᠴᠤ ᠰᠥᠢᠳᠭᠡᠬᠦ ᠠᠴᠠ ᠬᠢᠴᠢᠶᠡᠬᠦ ᠬᠡᠷᠡᠭᠲᠡᠶ᠃ ᠤᠯᠠᠨ ᠢᠶᠠᠷ ᠢᠶᠠᠨ ᠵᠠᠪᠠᠯ ᠠᠩᠬᠠᠷᠤᠯ ᠳᠠᠭᠠᠨ ᠠᠪᠴᠤ᠂ ᠵᠢᠩᠬᠢᠨᠢ ᠲᠠᠷᠢᠶᠠᠯᠠᠩ ᠤᠨ ᠬᠡᠷᠡᠭᠰᠡᠯ ᠤᠨ ᠲᠡᠯᠭᠡᠬᠦᠷ ᠲᠤ ᠢᠯᠡᠭᠦᠬᠡᠨ ᠣᠴᠢᠬᠤ ᠬᠡᠷᠡᠭᠲᠡᠶ᠃ ᠬᠠᠭᠤᠷᠮᠠᠭ ᠪᠣᠷᠳᠣᠭᠤᠷ ᠢ ᠰᠡᠷᠭᠡᠶᠢᠯᠡᠬᠦ ᠬᠡᠷᠡᠭᠲᠡᠢ︕            ︵ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠴᠢᠭᠤᠯᠬᠤ ᠭᠡᠷ ᠣᠷᠴᠢᠭᠤᠯᠪᠠ            ᠢᠷᠡᠯᠲᠡ᠄ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ  
 
ᠢᠷᠡᠯᠲᠡ᠄ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号