| | ᠣᠶᠢᠷ᠎ᠠ ᠳᠤ ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ 6 | ᠲᠠᠯ᠎ᠠ ᠶᠢᠨ 33 ᠵᠥᠢᠯ ᠤᠨ ᠠᠷᠭ᠎ᠠ ᠬᠡᠮᠵᠢᠶ᠎ᠡ ᠶᠢ ᠪᠠᠭᠲᠠᠭᠠᠭᠰᠠᠨ ᠠᠵᠤ ᠠᠬᠤᠶ ᠶᠢ ᠲᠣᠭᠲᠠᠪᠤᠷᠢᠵᠢᠭᠤᠯᠬᠤ ᠠᠯᠢ | ᠣᠯᠠᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠢᠷᠢᠯᠠᠭᠤᠯᠵᠤ᠂ ᠠᠵᠤ ᠠᠬᠤᠶ ᠶᠢᠨ ᠬᠡᠪ ᠤᠨ ᠵᠠᠮ ᠳᠤ | ᠣᠷᠣᠬᠤ ᠶᠢ ᠴᠢᠷᠮᠠᠶᠢᠨ ᠠᠬᠢᠭᠤᠯᠵᠤ᠂ ᠠᠵᠢᠯᠯᠠᠭᠠᠨ ᠤ ᠵᠦᠶ ᠵᠣᠬᠢᠰᠲᠠᠶ ᠣᠷᠣᠨ ᠪᠠᠶᠢᠷᠢ ᠳᠤ ᠶᠠᠪᠤᠭᠳᠠᠬᠤ ᠶᠢ ᠦᠨᠡᠨ | ᠬᠦ ᠪᠠᠲᠤᠯᠠᠬᠤ ᠬᠡᠷᠡᠭᠲᠡᠢ ᠭᠡᠪᠡ᠃ | ᠣᠳᠣᠬᠠᠨ ᠳᠤ ᠠᠵᠤ ᠠᠬᠤᠶ ᠪᠠᠭᠤᠷᠠᠬᠤ ᠳᠠᠷᠤᠯᠲᠠ ᠦᠷᠭᠦᠯᠵᠢᠯᠡᠨ ᠨᠡᠮᠡᠭᠳᠡᠵᠦ᠂ ᠮᠠᠰᠢ ᠣᠯᠠᠨ ᠵᠠᠬ᠎ᠠ | ᠳᠡᠯᠭᠡᠭᠦᠷ ᠤᠨ ᠪᠡᠶᠡᠴᠢ ᠴᠣᠭᠴᠠ ᠮᠠᠰᠢ ᠬᠦᠴᠢᠷᠲᠡᠶ ᠪᠠᠶᠢᠨ᠎ᠠ᠃ ᠡᠭᠦᠨ ᠳᠤ ᠴᠢᠭᠯᠡᠭᠦᠯᠦᠨ᠂ ᠬᠤᠷᠠᠯ ᠠᠴᠠ ᠵᠢᠭᠠᠵᠦ | ᠭᠠᠷᠭᠠᠭᠰᠠᠨ ᠨᠢ᠂ ᠬᠥᠭᠵᠢᠯᠲᠡ ᠪᠣᠯ ᠮᠠᠨ ᠤ ᠤᠯᠤᠰ ᠤᠨ ᠠᠯᠢᠪᠠ ᠠᠰᠠᠭᠤᠳᠠᠯ ᠢ ᠰᠢᠢᠳᠪᠦᠷᠢᠯᠡᠬᠦ ᠰᠠᠭᠤᠷᠢ ᠪᠠ | ᠵᠠᠩᠭᠢᠯᠠᠭ᠎ᠠ ᠪᠣᠯᠤᠨ᠎ᠠ᠃ ︽ᠨᠡᠮᠡᠭᠳᠡᠯ ᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ | ᠡᠭᠦᠨ ᠠᠴᠠ ᠡᠮᠦᠨ᠎ᠡ ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ | ᠨᠢᠭᠡᠨᠲᠡ ᠣᠯᠠᠨ ᠵᠥᠢᠯ ᠤᠨ ᠠᠷᠭ᠎ᠠ ᠬᠡᠮᠵᠢᠶ᠎ᠡ ᠶᠢ ᠪᠠᠶᠢᠷᠢᠯᠠᠭᠤᠯᠤᠭᠰᠠᠨ ᠶᠤᠮ᠃ ᠲᠣᠰ ᠤᠳᠠᠭ᠎ᠠ ᠶᠢᠨ ᠬᠤᠷᠠᠯ ᠠᠴᠠ | ᠠᠯᠢ ᠣᠯᠠᠨ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠪᠠᠶᠢᠷᠢᠯᠠᠭᠤᠯᠵᠤ᠂ ᠲᠥᠷᠥ ᠶᠢᠨ ᠪᠣᠳᠣᠯᠭ᠎ᠠ ᠶᠢᠨ ᠬᠦᠴᠦᠨ | ᠪᠠ ᠡᠷᠴᠢᠮ ᠢ ᠢᠯᠡᠷᠡᠭᠦᠯᠵᠦ᠂ ᠠᠵᠤ ᠠᠬᠤᠶ ᠶᠢᠨ ᠶᠡᠭᠡ ᠲᠠᠯ᠎ᠠ ᠶᠢ ᠲᠤᠭᠲᠠᠪᠤᠷᠢᠵᠢᠭᠤᠯᠬᠤ ᠪᠠᠷ ᠬᠦᠴᠦᠯᠡᠪᠡ︾ ᠭᠡᠵᠡᠶ | ᠃ | ᠬᠤᠷᠠᠯ ᠠᠴᠠ 6 ᠲᠠᠯ᠎ᠠ ᠶᠢᠨ 33 ᠵᠥᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠲᠣᠭᠲᠠᠪᠠ᠂ | ᠡᠭᠦᠨ ᠳᠤ ᠭᠤᠤᠯᠳᠠᠭᠤ᠄ | ᠨᠢᠭᠡ ᠳᠤ ᠡᠳ᠋ ᠤᠨ ᠵᠠᠰᠠᠭ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ᠃ ᠵᠠᠬ᠎ᠠ ᠳᠡᠯᠭᠡᠭᠦᠷ ᠤᠨ | ᠭᠤᠤᠯ ᠴᠣᠭᠴᠠ ᠶᠢ ᠬᠦᠴᠦᠯᠡᠨ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠬᠦᠴᠦᠯᠡᠨ ᠲᠤᠭᠲᠠᠪᠤᠷᠢᠵᠢᠭᠤᠯᠤᠨ᠎ᠠ | ᠃ | ᠬᠤᠶᠠᠷ ᠲᠤ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ᠃ | ᠭᠤᠷᠪᠠ ᠳᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠤᠨ᠎ᠠ᠃ | ᠲᠦᠷᠪᠡ ᠳᠤ ᠬᠡᠷᠡᠭᠯᠡᠭᠡ ᠶᠢ ᠠᠬᠢᠭᠤᠯᠬᠤ ᠪᠠ ᠪᠦᠲᠦᠮᠵᠢᠲᠡᠢ ᠪᠡᠯᠡ ᠣᠷᠣᠭᠤᠯᠤᠯᠲᠠ ᠬᠢᠨ᠎ᠡ᠃ | ᠲᠠᠪᠤ ᠳᠤ ᠡᠨᠧᠷᠭᠢ ᠶᠢᠨ ᠠᠮᠤᠷ ᠲᠦᠪᠰᠢᠨ ᠢ ᠪᠠᠲᠤᠯᠠᠨ᠎ᠠ᠃ | ᠵᠢᠷᠭᠤᠭ᠎ᠠ ᠳᠤ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠨ᠎ᠠ᠃ | |