ᠪᠠᠭᠠᠴᠤᠳ ᠬᠡᠦᠬᠡᠳ ᠤᠨ ᠢᠳᠡᠷᠡᠭᠦᠨ ᠢᠶᠠᠷ ᠥᠰᠦᠨ ᠪᠤᠶᠢᠵᠢᠬᠤ ᠳᠤ ᠠᠰᠢᠭᠲᠠᠶ ᠨᠥᠬᠦᠴᠡᠯ ᠢ ᠪᠤᠶ ᠪᠣᠯᠭᠠᠵᠤ ᠥᠭᠬᠦ ᠬᠡᠷᠡᠭᠲᠡᠶ ︵ᠥᠨᠥᠳᠦᠷ ᠤᠨ ᠶᠠᠷᠢᠶ᠎ᠠ︶
ᠨᠡᠶᠢᠲᠡᠯᠡᠭᠰᠡᠨ ᠴᠠᠭ᠄
2022/6/24
 ᠪᠠᠭᠠᠴᠤᠳ ᠬᠡᠦᠬᠡᠳ ᠤᠨ ᠢᠳᠡᠷᠡᠭᠦᠨ ᠢᠶᠠᠷ ᠥᠰᠦᠨ ᠪᠤᠶᠢᠵᠢᠬᠤ ᠳᠤ ᠠᠰᠢᠭᠲᠠᠶ ᠨᠥᠬᠦᠴᠡᠯ ᠢ ᠪᠤᠶ ᠪᠣᠯᠭᠠᠵᠤ ᠥᠭᠬᠦ ᠬᠡᠷᠡᠭᠲᠡᠶ ︵ᠥᠨᠥᠳᠦᠷ ᠤᠨ ᠶᠠᠷᠢᠶ᠎ᠠ︶        ︽ᠲᠠ ᠨᠠᠷ ᠤᠨ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠬᠡᠦᠬᠡᠳ ᠤᠨ ᠠᠵᠢᠯ ᠤᠨ ᠠᠵᠢᠯᠲᠠᠳ ᠲᠠᠢ ᠪᠦᠯᠬᠦᠮᠳᠡᠵᠦ᠂ ᠪᠠᠭᠠᠴᠤᠳ ᠬᠡᠦᠬᠡᠳ ᠤᠨ ᠦᠰᠦᠨ ᠪᠤᠶᠢᠵᠢᠯᠲᠠ ᠶᠢᠨ ᠵᠠᠮᠴᠢᠯᠠᠬᠴᠢ᠂ ᠪᠠᠭᠠᠴᠤᠳ ᠬᠡᠦᠬᠡᠳ ᠤᠨ ᠡᠷᠬᠡ ᠠᠰᠢᠭ ᠤᠨ ᠰᠠᠬᠢᠨ ᠬᠠᠮᠠᠭᠠᠯᠠᠭᠴᠢ᠂ ᠪᠠᠭᠠᠴᠤᠳ ᠬᠡᠦᠬᠡᠳ ᠤᠨ ᠢᠷᠡᠭᠡᠳᠦᠶ ᠶᠢᠨ ᠬᠦᠰᠡᠯ ᠮᠦᠷᠦᠭᠡᠳᠦᠯ ᠤᠨ ᠪᠡᠶᠡᠯᠡᠬᠦᠯᠦᠭᠴᠢ ᠪᠣᠯᠵᠣ᠂ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠵᠤ᠂ ᠪᠥᠬᠦ ᠲᠠᠯ᠎ᠠ ᠪᠠᠷ ᠬᠥᠭᠵᠢᠬᠦ ᠶᠢ ᠬᠠᠯᠠᠮᠵᠢᠯᠠᠨ ᠬᠦᠨᠳᠦᠳᠭᠡᠵᠦ ᠠᠬᠢᠭᠤᠯᠬᠤ ᠶᠢ ᠬᠦᠰᠡᠵᠦ ᠪᠠᠶᠢᠨ᠎ᠠ︾ ᠭᠡᠵᠦ ᠤᠷᠴᠢᠮᠬᠠᠨ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠪᠠᠭᠠᠴᠤᠳ ᠬᠡᠦᠬᠡᠳ ᠤᠨ ᠲᠥᠪ ᠪᠠᠶᠢᠭᠤᠯᠤᠭᠳᠠᠭᠰᠠᠨ 40 ᠵᠢᠯ ᠤᠨ ᠤᠢ ᠳᠤ ᠵᠠᠬᠢᠳᠠᠯ ᠢᠯᠡᠭᠡᠵᠦ ᠪᠠᠶᠠᠷ ᠬᠦᠷᠭᠡᠭᠰᠡᠨ ᠪᠥᠭᠡᠳ ︽6.1︾ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠥᠷᠭᠡᠨ ᠤᠯᠠᠨ ᠪᠠᠭᠠᠴᠤᠳ ᠬᠡᠦᠬᠡᠳ ᠲᠤ ᠪᠠᠶᠠᠷ ᠤᠨ ᠡᠳᠦᠷ ᠤᠨ ᠮᠡᠨᠳᠦᠴᠢᠯᠡᠯ ᠲᠡᠪᠰᠢᠭᠦᠯᠪᠡ᠃ ᠨᠢᠯᠬ᠎ᠠ ᠴᠢᠬᠢ ᠲᠣᠮᠣ ᠮᠣᠳᠣ ᠪᠣᠯᠵᠣ ᠪᠤᠶᠢᠵᠢᠬᠤ ᠳᠤ ᠰᠤᠷᠭᠠᠭᠤᠯᠢ᠂ ᠬᠡᠷ ᠪᠦᠯᠢ ᠶᠢᠨ ᠬᠠᠶᠢᠷ᠎ᠠ ᠬᠠᠯᠠᠮᠵᠢ ᠬᠡᠷᠡᠭ ᠲᠠᠢ ᠪᠥᠭᠡᠳ ᠪᠠᠰᠠ ᠪᠥᠬᠦ ᠨᠡᠶᠢᠭᠡᠮ ᠤᠨ ᠬᠠᠩᠭᠠᠬᠤ ᠬᠥᠷᠥᠰᠥ ᠰᠢᠷᠣᠶ ᠠᠴᠠ ᠰᠠᠯᠵᠤ ᠴᠢᠳᠠᠬᠤ ᠥᠬᠡᠶ ᠶᠤᠮ᠃ ᠤᠢᠢᠷ᠎ᠠ ᠶᠢᠨ ᠵᠢᠯ ᠠᠴᠠ ᠨᠠᠭᠠᠰᠢ ᠂ ᠪᠡᠶ᠎ᠡ ᠶᠢᠨ ᠲᠠᠮᠢᠷ ᠤᠨ ᠬᠢᠴᠢᠶᠡᠯ ᠢ ᠪᠦᠷᠢᠨ ᠭᠦᠢᠴᠡᠳ ᠬᠢᠵᠦ ︽ᠬᠡᠦᠬᠡᠳ ᠤᠳ ᠢ ᠭᠦᠶᠦᠯᠭᠡᠬᠦ ᠪᠤᠯᠤᠬᠰᠠᠨ︾ ᠠᠴᠠ ᠠᠪᠤᠭᠠᠳ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠬᠤ ᠬᠦᠷᠳᠡᠯ᠎ᠡ᠂ ︽ᠵᠠᠯᠠᠭᠤᠴᠤᠳ ᠪᠠᠭᠠᠴᠤᠳ ᠤᠨ ᠵᠠᠭᠪᠤᠷ︾ ᠢ ᠨᠡᠩ ᠤᠯᠠᠨ ᠰᠦᠯᠵᠢᠶᠡᠨ ᠤ ᠲᠠᠪᠴᠠᠩ ᠳᠤ ᠭᠠᠷᠭᠠᠬᠤ ᠶᠢ ᠠᠬᠢᠭᠤᠯᠬᠤ ᠠᠴᠠ ᠠᠪᠤᠭᠠᠳ ᠬᠥᠳᠡᠯᠮᠦᠷᠢ ᠶᠢᠨ ᠬᠥᠮᠦᠵᠢᠯ ᠢ ᠵᠠᠪᠠᠯ ᠰᠤᠷᠬᠤ ᠬᠢᠴᠢᠶᠡᠯ ᠳᠤ ᠣᠷᠣᠭᠤᠯᠬᠤ ᠬᠦᠷᠳᠡᠯ᠎ᠡ᠂ ᠠᠯᠢ ᠤᠯᠠᠨ ᠬᠦᠴᠦᠲᠡᠢ ᠠᠷᠭ᠎ᠠ ᠬᠡᠮᠵᠢᠶ᠎ᠡ ᠠᠪᠴᠤ᠂ ᠪᠡᠶ᠎ᠡ ᠮᠠᠬᠠᠪᠣᠳ ᠠᠴᠠ ᠰᠡᠳᠬᠢᠴᠡ ᠳᠤ ᠬᠦᠷᠬᠦ᠂ ᠰᠦᠯᠵᠢᠶᠡᠨ ᠲᠡᠭᠡᠷ᠎ᠡ ᠠᠴᠠ ᠰᠦᠯᠵᠢᠶᠡᠨ ᠤ ᠭᠠᠳᠠᠨ᠎ᠠ ᠬᠦᠷᠬᠦ ᠪᠣᠰᠤᠭ᠎ᠠ ᠴᠤᠬᠴᠠᠳᠤ ᠬᠠᠮᠠᠭᠠᠯᠠᠯᠳᠠ ᠶᠢ ᠪᠤᠢ ᠪᠤᠯᠭᠠᠵᠤ᠂ ᠬᠡᠦᠬᠡᠳ ᠨᠢᠭᠡᠪᠦᠷᠢ ᠳᠤ ᠡᠷᠡᠭᠦᠯ ᠴᠢᠭᠢᠷᠠᠭ᠂ ᠪᠠᠶᠠᠷ ᠪᠠᠶᠠᠰᠤᠯ ᠲᠠᠢ᠂ ᠬᠠᠯᠠᠭᠤᠨ ᠲᠤᠯᠠᠭᠠᠬᠠᠨ ᠪᠠᠭ᠎ᠠ ᠨᠠᠰᠤᠨ ᠤ ᠴᠠᠭ ᠮᠥᠴᠡ ᠶᠢ ᠡᠳ᠋ᠯᠡᠭᠦᠯᠦᠭᠰᠡᠨ ᠪᠠᠶᠢᠨ᠎ᠠ᠃ ᠥᠨᠥᠳᠦᠷ᠂ ᠬᠡᠦᠬᠡᠳ ᠤᠨ ᠦᠰᠦᠨ ᠪᠤᠶᠢᠵᠢᠬᠤ ᠣᠷᠴᠢᠨ ᠲᠣᠭᠤᠷᠢᠨ ᠪᠠ ᠨᠥᠬᠦᠴᠡᠯ ᠨᠠᠩ ᠳᠠᠪᠠᠭᠤᠯᠢᠭ ᠪᠣᠯᠵᠠᠢ᠃ ᠶᠡᠷᠦᠩᠬᠡᠢ ᠱᠦᠵᠢ ᠰᠢ ᠶᠢᠨ ᠫᠢᠩ᠄ ︽ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ᠂ ᠪᠦᠬᠦ ᠨᠡᠶᠢᠭᠡᠮ ᠢᠶᠠᠷ ᠢᠶᠠᠨ ᠪᠠᠭᠠᠴᠤᠳ ᠬᠡᠦᠬᠡᠳ ᠢ ᠬᠠᠯᠠᠮᠵᠢᠯᠠᠨ ᠬᠠᠶᠢᠷᠠᠯᠠᠵᠤ᠂ ᠪᠠᠭᠠᠴᠤᠳ ᠬᠡᠦᠬᠡᠳ ᠤᠨ ᠢᠳᠡᠷᠡᠭᠦᠨ ᠢᠶᠠᠷ ᠦᠰᠦᠨ ᠪᠤᠶᠢᠵᠢᠬᠤ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ︾ ᠭᠡᠵᠦ ᠴᠢᠬᠤᠯᠠᠴᠢᠯᠠᠪᠠ᠃ ᠰᠤᠷᠭᠠᠭᠤᠯᠢ᠂ ᠭᠡᠷ ᠪᠦᠯᠢ᠂ ᠨᠡᠶᠢᠭᠡᠮ ᠢᠶᠠᠷ ᠢᠶᠠᠨ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠪᠠᠭᠠᠴᠤᠳ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠰᠡᠳᠬᠢᠯ ᠲᠠᠯᠪᠢᠨ ᠬᠠᠯᠠᠮᠵᠢᠯᠠᠪᠠᠯ ᠯᠠᠪᠲᠠᠢ ᠬᠡᠦᠬᠡᠳ ᠤᠳ ᠤᠨ ᠢᠳᠡᠷᠡᠭᠦᠨ ᠢᠶᠠᠷ ᠦᠰᠦᠨ ᠪᠤᠶᠢᠵᠢᠬᠤ ᠳᠤ ᠬᠦᠴᠦᠨ ᠴᠢᠳᠠᠯ ᠢᠶᠠᠨ ᠡᠷᠬᠦᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠵᠦ ᠴᠢᠳᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号