ᠨᠢᠬᠡᠨ‌ᠡᠷᠡᠭᠲᠡᠶ ᠬᠦᠯᠲᠡᠬᠦᠷ ᠲᠤ ᠰᠤᠶᠢᠬᠰᠠᠨ ᠬᠠᠷ᠎ᠠ ᠴᠠᠢ ᠶᠢ ᠨᠢᠭᠡ ᠯᠡ ᠠᠮᠢᠰᠬᠤᠭ᠎ᠠ ᠪᠠᠷ ᠤᠤᠭᠤᠵᠤ ᠴᠢᠰᠤ ᠪᠠᠷ ᠪᠥᠭᠡᠯᠵᠢᠪᠡ
ᠨᠡᠶᠢᠲᠡᠯᠡᠭᠰᠡᠨ ᠴᠠᠭ᠄
2022/7/26
    7 ᠰᠠᠷ᠎ᠠ ᠶᠢᠨ 19 ᠤ ᠡᠳᠦᠷ᠂ ᠬᠠᠷᠠᠮᠥ᠋ᠷᠡᠨ ᠤ ᠬᠠᠷᠪᠢᠨ ᠬᠤᠲᠠ ᠶᠢᠨ ᠨᠢᠭᠡᠨ ᠡᠷᠡᠭᠲᠡᠶ ᠬᠦᠯᠲᠡᠬᠦᠷ ᠲᠤ ᠰᠤᠶᠢᠬᠰᠠᠨ ᠬᠠᠷ᠎ᠠ ᠴᠠᠢ ᠶᠢ ᠨᠢᠭᠡ ᠯᠡ ᠠᠮᠢᠰᠬᠤᠭ᠎ᠠ ᠪᠠᠷ ᠤᠤᠭᠤᠵᠤ ᠪᠠᠷᠠᠭᠰᠠᠨ ᠤ ᠳᠠᠷᠠᠭ᠎ᠠ ᠭᠡᠨᠡᠳᠲᠡ ᠴᠢᠰᠤ ᠪᠠᠷ ᠪᠥᠭᠡᠯᠵᠢᠪᠡ᠂ ᠡᠨᠡ ᠶᠠᠮᠠᠷ ᠤᠴᠢᠷ ᠪᠣᠯᠪᠠ︖ ᠬᠠᠷᠪᠢᠨ ᠤ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠳᠤ ᠡᠮᠨᠡᠯᠭᠡ ᠶᠢᠨ ᠬᠤᠷᠢᠶᠠᠨ ᠤ ᠪᠠᠴᠢᠮ ᠡᠮᠨᠡᠬᠦ ᠲᠠᠰᠤᠭ ᠤᠨ ᠰᠤᠪᠢᠯᠠᠭᠴᠢ ᠶᠢᠨ ᠳᠠᠷᠤᠭ᠎ᠠ ᠮᠠ ᠱᠧᠩ ᠨᠠᠨ ᠬᠡᠯᠡᠬᠦ ᠳᠡᠭᠡᠨ ᠄ ᠲᠠᠪᠠᠭᠤ ᠴᠤ ᠲᠦᠷᠭᠡᠨ ᠲᠤᠤᠷ᠎ᠠ ᠪᠠᠨ ᠡᠮᠨᠡᠬᠦᠯᠦᠭᠰᠡᠨ ᠳᠡᠭᠡᠨ ᠪᠤᠯᠵᠠᠢ᠂ ᠬᠡᠷᠪᠡ ᠲᠡᠶᠢᠮᠦ ᠪᠢᠰᠢ ᠪᠣᠯ ᠡᠪᠡᠳᠴᠢᠲᠡᠨ ᠠᠮᠢ ᠨᠠᠰᠤᠨ ᠤ ᠠᠶᠤᠯ ᠲᠠᠢ ᠪᠠᠶᠢᠵᠤ ᠮᠡᠳᠡᠨ᠎ᠡ ᠭᠡᠪᠡ᠃ ᠬᠠᠷᠪᠢᠨ ᠤ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠳᠤ ᠨᠢᠭᠡᠳᠦᠭᠡᠷ ᠡᠮᠨᠡᠯᠭᠡ ᠶᠢᠨ ᠬᠤᠷᠢᠶᠠᠨ ᠤ ᠰᠢᠩᠭᠡᠭᠡᠯᠲᠡ ᠶᠢᠨ ᠳᠣᠲᠣᠷ ᠰᠠᠯᠠᠭᠠᠨ ᠤ ᠳᠡᠳ᠋ ᠡᠷᠬᠢᠯᠡᠭᠴᠢ᠂ ᠫᠷᠤᠹᠧᠰᠰᠤᠷ ᠮᠠ ᡁᠢ ᠪᠢᠨ ᠬᠡᠯᠡᠬᠦ ᠳᠡᠭᠡᠨ᠄ ᠬᠤᠳᠣᠭᠤᠳᠣᠨ ᠠᠮᠠᠰᠠᠷ ᠤᠷᠠᠭᠳᠠᠭᠰᠠᠨ ᠠᠴᠠ ᠪᠣᠯᠵᠣ ᠳᠡᠭᠡᠳᠤ ᠰᠢᠩᠭᠡᠭᠡᠯᠲᠡ ᠶᠢᠨ ᠵᠠᠮ ᠠᠴᠠ ᠴᠢᠰᠤ ᠭᠠᠷᠤᠭᠰᠠᠨ ᠴᠢᠨᠠᠷᠲᠠᠶ ᠮᠠᠨᠠᠷᠠᠯ ᠡᠭᠦᠰᠴᠦ᠂ ᠪᠥᠭᠡᠯᠵᠢᠬᠦ ᠶᠠᠪᠤᠴᠠ ᠳᠤ ᠤᠯᠠᠭᠠᠨ ᠬᠤᠭᠤᠯᠠᠶ ᠪᠠ ᠬᠤᠳᠣᠭᠤᠳᠣᠨ ᠤ ᠵᠠᠯᠭᠠᠯᠳᠤᠭᠰᠠᠨ ᠬᠡᠰᠡᠭ ᠤᠨ ᠰᠠᠯᠢᠰᠤᠲᠤ ᠪᠦᠷᠬᠦᠪᠴᠢ ᠤᠷᠠᠭᠳᠠᠵᠤ᠂ ᠴᠢᠰᠤ ᠭᠠᠷᠬᠤ ᠬᠡᠮᠵᠢᠶ᠎ᠡ ᠶᠡᠭᠡ ᠪᠣᠯᠬᠤ ᠳᠤ ᠬᠦᠷᠪᠡᠯ ᠴᠢᠰᠤ ᠪᠠᠷ ᠪᠥᠭᠡᠯᠵᠢᠬᠦ ᠡᠪᠡᠳᠴᠢᠨ ᠤ ᠪᠠᠶᠢᠳᠠᠯ ᠨᠡᠯᠢᠶᠡᠳ ᠠᠶᠤᠯᠲᠠᠶ ᠪᠠᠶᠢᠳᠠᠭ ᠭᠡᠪᠡ᠃ ᠡᠮᠴᠢ ᠰᠤᠪᠢᠯᠠᠭᠴᠢ ᠨᠢᠭᠡ ᠲᠠᠯ᠎ᠠ ᠪᠠᠷ ᠡᠪᠡᠳᠴᠢᠲᠡᠨ ᠳᠤ ᠴᠢᠰᠤ ᠶᠡᠭᠦᠯᠡᠵᠦ ᠨᠢᠭᠡ ᠲᠠᠯ᠎ᠠ ᠪᠠᠷ ᠪᠠᠴᠢᠮ ᠮᠡᠰᠡ ᠵᠠᠰᠠᠯ ᠬᠢᠵᠦ ᠴᠢᠰᠤ ᠭᠠᠷᠬᠤ ᠡᠬᠢ ᠰᠤᠷᠪᠤᠯᠵᠢ ᠶᠢ ᠣᠯᠵᠤ ᠵᠠᠰᠠᠭᠰᠠᠨ ᠲᠤᠯᠠ ᠠᠮᠢ ᠨᠠᠰᠤᠨ ᠤ ᠠᠶᠤᠯ ᠠᠴᠠ ᠬᠡᠯᠳᠦᠷᠢᠪᠡ᠃ ᠡᠮᠴᠢ ᠰᠠᠨᠠᠭᠤᠯᠬᠤ ᠳᠠᠭᠠᠨ᠄ ᠵᠣᠨ ᠤ ᠤᠯᠠᠷᠢᠯ ᠤᠨ ᠠᠭᠠᠭᠢᠮ᠎ᠠ ᠬᠠᠯᠠᠭᠤᠨ ᠳᠤ ᠬᠥᠮᠦᠰ ᠬᠦᠢᠲᠡᠨ ᠤᠮᠳᠠᠭᠠᠨ ᠬᠦᠢᠲᠡᠨ ᠢᠳᠡᠭᠡᠨ ᠳᠤ ᠳᠤᠷᠠᠲᠠᠶ ᠪᠠᠶᠢᠳᠠᠭ᠂ ᠡᠨᠡ ᠨᠢ ᠶᠠᠭ ᠰᠢᠩᠭᠡᠭᠡᠯᠲᠡ ᠶᠢᠨ ᠵᠠᠮ ᠳᠤ ᠰᠡᠳᠦᠯᠲᠡ ᠥᠭᠴᠦ᠂ ᠬᠤᠳᠣᠭᠤᠳᠣᠨ ᠤ ᠠᠮᠠᠰᠠᠷ ᠤᠷᠠᠭᠳᠠᠵᠤ ᠶᠡᠭᠡ ᠪᠠᠷ ᠴᠢᠰᠤ ᠭᠠᠷᠬᠤ ᠪᠠᠶᠢᠳᠠᠯ ᠭᠠᠷᠳᠠᠭ᠃ ᠡᠨᠡ ᠨᠢ ᠠᠮᠢ ᠨᠠᠰᠤᠨ ᠳᠤ ᠠᠶᠤᠯᠲᠠᠢ᠂ ᠵᠠᠪᠠᠯ ᠬᠢᠴᠢᠶᠡᠬᠦ ᠬᠡᠷᠡᠭᠲᠡᠢ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号