ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠰᠤᠭᠠᠢ ︵ᠠᠷᠠᠳ ᠤᠨ ᠶᠠᠷᠢᠶᠠᠨ ᠤ ᠲᠠᠪᠴᠠᠩ︶
ᠨᠡᠶᠢᠲᠡᠯᠡᠭᠰᠡᠨ ᠴᠠᠭ᠄
2022/7/26
     ︽ᠮᠠᠨ ᠤ ᠤᠯᠤᠰ ᠪᠣᠯ ᠨᠢᠭᠡᠳᠦᠭᠰᠡᠨ ᠣᠯᠠᠨ ᠦᠨᠳᠦᠰᠦᠲᠡᠨ ᠲᠠᠢ ᠤᠯᠤᠰ ᠮᠥᠨ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠ ᠪᠣᠯ ᠮᠠᠨ ᠤ ᠤᠯᠤᠰ ᠤᠨ ᠨᠢᠭᠡᠨ ᠢᠯᠡᠷᠬᠡᠶ ᠣᠨᠴᠠᠯᠢᠭ ᠮᠥᠨ︾ ᠭᠡᠵᠦ ᠵᠢᠭᠠᠵᠤ ᠭᠠᠷᠭᠠᠵᠤ᠂ ︽ᠮᠠᠨ ᠤ ᠦᠨᠳᠦᠰᠦᠲᠡᠨ ᠤ ᠤᠨᠤᠯ ᠪᠠ ᠲᠦᠷᠦ ᠶᠢᠨ ᠪᠤᠳᠤᠯᠭ᠎ᠠ ᠪᠣᠯ ᠰᠠᠶᠢᠨ ᠪᠦᠭᠡᠳ ᠲᠤᠰᠠᠲᠠᠶ ᠶᠤᠮ︾ ᠭᠡᠵᠦ ᠴᠢᠬᠤᠯᠠᠴᠢᠯᠠᠵᠤ᠂ ︽ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ᠂ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ︾ ᠭᠡᠵᠦ ᠲᠤᠩᠬᠠᠬᠯᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ︾ ᠭᠡᠵᠦ ᠱᠠᠭᠠᠷᠳᠠᠪᠠ ᠁ ᠤᠢᠢᠷ᠎ᠠ ᠳᠤ ᠶᠡᠷᠦᠩᠬᠡᠢ ᠱᠦᠵᠢ ᠰᠢ ᠶᠢᠨ ᠫᠢᠩ ᠰᠢᠨᠵᠢᠶᠠᠩ ᠳᠤ ᠰᠢᠨᠵᠢᠯᠡᠨ ᠪᠠᠶᠢᠴᠠᠭᠠᠬᠤ ᠳᠠᠭᠠᠨ᠂ ᠪᠠᠶᠢᠯᠳᠤᠬᠤ ᠪᠤᠳᠤᠯᠭ᠎ᠠ ᠶᠢᠨ ᠦᠨᠳᠦᠷᠴᠡ᠂ ᠪᠦᠬᠦ ᠲᠠᠯ᠎ᠠ ᠶᠢᠨ ᠬᠠᠷᠠᠭᠠᠰᠤ ᠠᠴᠠ ᠰᠢᠨᠵᠢᠶᠠᠩ ᠤᠨ ᠠᠵᠢᠯ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠲᠤᠬᠠᠢ ᠠᠯᠢ ᠣᠯᠠᠨ ᠴᠢᠬᠤᠯᠠ ᠵᠢᠭᠠᠪᠤᠷᠢ ᠦᠭᠴᠦ᠂ ᠡᠬᠡ ᠤᠯᠤᠰ ᠤᠨ ᠰᠢᠨᠵᠢᠶᠠᠩ ᠢ ᠤᠯᠠᠮ ᠠᠴᠠ ᠤᠯᠠᠮ ᠦᠵᠡᠰᠭᠦᠯᠡᠩᠳᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠳᠤ ᠴᠢᠭᠯᠡᠯ ᠲᠣᠭᠲᠠᠭᠠᠨ ᠠᠶᠠᠯᠠᠯ ᠢ ᠵᠠᠯᠠᠵᠤ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠢ ᠲᠠᠰᠤᠷᠠᠯᠲᠠ ᠦᠭᠡᠢ ᠪᠠᠬᠢᠵᠢᠭᠦᠯᠬᠦ ᠳᠤ ᠬᠦᠴᠦᠨ ᠴᠢᠳᠠᠯ ᠢ ᠨᠢᠬᠳᠠᠷᠠᠭᠤᠯᠤᠨ ᠦᠭᠪᠡ᠃      ᠦᠨᠳᠦᠰᠦᠲᠡᠨ ᠤ ᠪᠦᠯᠬᠦᠮᠳᠡᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ ᠮᠥᠨ᠃ ᠳᠤᠮᠳᠠᠳᠤ ᠤᠯᠤᠰ ᠤᠨ ᠲᠡᠦᠬᠡ ᠪᠣᠯ ᠳᠠᠷᠤᠢ ᠦᠨᠳᠦᠰᠦᠲᠡᠨ ᠨᠦᠭᠦᠳ ᠠᠭᠤᠰᠤᠯᠴᠠᠵᠤ ᠤᠯᠠᠨ ᠡᠰᠢᠲᠦ ᠨᠢᠭᠡ ᠴᠤᠬᠴᠠ ᠪᠤᠯᠤᠨ ᠪᠦᠷᠢᠯᠳᠦᠭᠰᠡᠨ ᠳᠤᠮᠳᠠᠳᠤ ᠶᠢᠨ ᠦᠨᠳᠦᠰᠦᠲᠡᠨ ᠤ ᠲᠡᠦᠬᠡ ᠮᠥᠨ᠂ ᠦᠨᠳᠦᠰᠦᠲᠡᠨ ᠨᠦᠭᠦᠳ ᠤᠨ ᠬᠠᠮᠲᠤ ᠪᠠᠷ ᠴᠣᠭᠴᠠᠯᠠᠨ ᠪᠠᠶᠢᠭᠤᠯᠵᠤ᠂ ᠬᠥᠭᠵᠢᠭᠦᠯᠵᠦ᠂ ᠪᠠᠬᠢᠵᠢᠭᠦᠯᠵᠦ ᠨᠢᠭᠡᠳᠦᠭᠰᠡᠨ ᠠᠭᠤᠤ ᠶᠡᠭᠡ ᠡᠭᠡ ᠤᠯᠤᠰ ᠤᠨ ᠲᠡᠦᠬᠡ ᠮᠥᠨ᠃ ᠥᠷᠭᠡᠨ ᠠᠭᠤᠳᠠᠮ ᠨᠤᠲᠤᠭ ᠳᠡᠪᠢᠰᠬᠡᠷ ᠢ ᠦᠨᠳᠦᠰᠦᠲᠡᠨ ᠨᠦᠭᠦᠳ ᠬᠠᠮᠲᠤ ᠪᠠᠷ ᠨᠡᠭᠡᠭᠡᠵᠦ᠂ ᠥᠨᠢ ᠤᠳᠠᠭᠠᠨ ᠲᠡᠦᠬᠡ ᠶᠢ ᠦᠨᠳᠦᠰᠦᠲᠡᠨ ᠨᠦᠭᠦᠳ ᠬᠠᠮᠲᠤ ᠪᠠᠷ ᠪᠢᠴᠢᠭᠯᠡᠵᠦ᠂ ᠭᠡᠷᠡᠯ ᠰᠠᠴᠤᠷᠠᠩᠭᠤᠢ ᠰᠣᠶᠣᠯ ᠢ ᠦᠨᠳᠦᠰᠦᠲᠡᠨ ᠨᠦᠭᠦᠳ ᠬᠠᠮᠲᠤ ᠪᠠᠷ ᠡᠭᠦᠳᠴᠦ᠂ ᠠᠭᠤᠤ ᠶᠡᠭᠡ ᠵᠣᠷᠢᠭ ᠰᠠᠨᠠᠭ᠎ᠠ ᠶᠢ ᠦᠨᠳᠦᠰᠦᠲᠡᠨ ᠨᠦᠭᠦᠳ ᠬᠠᠮᠲᠤ ᠪᠠᠷ ᠪᠤᠶᠢᠵᠢᠭᠤᠯᠪᠡ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠤᠷᠤᠭᠠᠳ ᠦᠨᠳᠦᠰᠦᠲᠡᠨ ᠨᠦᠭᠦᠳ ᠤᠨ ᠨᠡᠶᠢᠭᠡᠮ ᠤᠨ ᠠᠮᠢᠳᠤᠷᠠᠯ ᠳᠤᠮᠳᠠᠬᠢ ᠨᠢᠭᠲᠠ ᠬᠠᠷᠢᠯᠴᠠᠭᠠᠨ ᠤ ᠥᠷᠭᠡᠴᠡ ᠪᠠ ᠭᠦᠨᠴᠡ ᠤᠷᠢᠳ ᠡᠮᠦᠨ᠎ᠡ ᠪᠠᠶᠢᠭ᠎ᠠ ᠦᠭᠡᠢ ᠬᠡᠮᠵᠢᠶᠡᠨ ᠳᠤ ᠬᠦᠷᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠴᠤ ᠥᠩᠭᠡᠷᠡᠭᠰᠡᠨ ᠤ ᠠᠯᠢ ᠴᠤ ᠦᠶ᠎ᠡ ᠠᠴᠠ ᠨᠡᠩ ᠴᠢᠩᠭᠠᠷᠠᠪᠠ᠃      ᠮᠠᠨ ᠤ ᠤᠯᠤᠰ ᠪᠣᠯ ᠨᠢᠭᠡᠳᠦᠭᠰᠡᠨ ᠤᠯᠠᠨ ᠦᠨᠳᠦᠰᠦᠲᠡᠨ ᠲᠠᠢ ᠤᠯᠤᠰ ᠮᠥᠨ᠂ ᠦᠨᠳᠦᠰᠦᠲᠡᠨ ᠤ ᠠᠵᠢᠯ ᠨᠢ ᠶᠡᠭᠡ ᠲᠠᠯ᠎ᠠ ᠳᠤ ᠬᠤᠯᠪᠣᠭᠳᠠᠵᠤ ᠪᠠᠶᠢᠳᠠᠭ᠃ ᠨᠠᠮ ᠨᠢ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠪᠠ᠃ ᠨᠠᠮ ᠨᠢ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠢ ᠳᠤᠮᠳᠠᠳᠤ ᠤᠯᠤᠰ ᠤᠨ ᠦᠨᠳᠦᠰᠦᠲᠡᠨ ᠤ ᠠᠰᠠᠭᠤᠳᠠᠯ ᠤᠨ ᠪᠣᠳᠠᠲᠤ ᠪᠠᠶᠢᠳᠠᠯ ᠲᠠᠢ ᠪᠦᠲᠦᠭᠡᠯᠴᠢ ᠪᠠᠷ ᠤᠶᠠᠯᠳᠤᠭᠤᠯᠵᠤ᠂ ᠦᠨᠳᠦᠰᠦᠲᠡᠨ ᠤ ᠡᠷᠬᠡ ᠲᠡᠭᠰᠢ᠂ ᠦᠨᠳᠦᠰᠦᠲᠡᠨ ᠤ ᠪᠦᠯᠬᠦᠮᠳᠡᠯ ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ᠂ ᠦᠨᠳᠦᠰᠦᠲᠡᠨ ᠨᠦᠭᠦᠳ ᠬᠠᠮᠲᠤ ᠪᠠᠷ ᠴᠡᠴᠡᠭᠯᠡᠨ ᠬᠥᠭᠵᠢᠬᠦ ᠪᠠᠷ ᠭᠤᠣᠯ ᠠᠭᠤᠯᠭ᠎ᠠ ᠪᠣᠯᠭᠠᠭᠰᠠᠨ ᠦᠨᠳᠦᠰᠦᠲᠡᠨ ᠤ ᠤᠨᠤᠯ ᠪᠠ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠦᠨᠳᠦᠰᠦᠲᠡᠨ ᠨᠦᠭᠦᠳ ᠨᠡᠶᠢᠭᠡᠮ ᠵᠢᠷᠤᠮᠲᠤ ᠪᠠᠶᠢᠭᠤᠯᠤᠯ ᠤᠨ ᠳᠣᠣᠷ᠎ᠠ ᠵᠢᠩᠬᠢᠨᠢ ᠤᠳᠬ᠎ᠠ ᠠᠭᠤᠯᠭ᠎ᠠ ᠳᠡᠭᠡᠷᠡᠬᠢ ᠡᠷᠬᠡ ᠲᠡᠭᠰᠢ ᠪᠦᠯᠬᠦᠮᠳᠡᠯ ᠲᠠᠪᠰᠢᠯᠳᠠ ᠶᠢ ᠪᠡᠶᠡᠯᠡᠭᠦᠯᠪᠡ᠃ ᠶᠠᠭ ᠶᠡᠷᠦᠩᠬᠡᠢ ᠱᠦᠵᠢ ᠰᠢ ᠶᠢᠨ ᠫᠢᠩ ᠤᠨ ᠬᠦᠨ ᠭᠦᠨᠵᠡᠭᠡᠢ ᠵᠢᠭᠠᠵᠤ ᠭᠠᠷᠭᠠᠭᠰᠠᠨᠴᠢᠯᠠᠨ᠄ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠬᠤ ᠪᠣᠯ ᠰᠢᠨ᠎ᠡ ᠪᠠᠶᠢᠳᠠᠯ ᠳᠣᠣᠷ᠎ᠠ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠪᠠᠲᠤ ᠡᠵᠡᠮᠳᠡᠬᠦ ᠵᠥᠪ ᠤᠯᠤᠰ ᠲᠦᠷᠦ ᠶᠢᠨ ᠴᠢᠭᠯᠡᠯ ᠮᠥᠨ᠃ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠣᠨᠣᠯ ᠢ ᠲᠠᠰᠤᠷᠠᠯᠲᠠ ᠥᠬᠡᠶ ᠪᠠᠶᠠᠯᠢᠭᠵᠢᠭᠤᠯᠤᠨ ᠬᠥᠭᠵᠢᠭᠦᠯᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠪᠠᠯ ᠰᠠᠶ᠋ᠢ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠤᠯᠤᠰ ᠤᠨ ᠨᠢᠭᠡᠳᠦᠯ ᠢ ᠨᠠᠩ ᠰᠠᠶᠢᠲᠤᠷ ᠬᠠᠮᠠᠭᠠᠯᠠᠵᠤ ᠴᠢᠳᠠᠨ᠎ᠠ᠃       ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯ ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠬᠤ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠡᠷᠬᠡᠪᠰᠢ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ᠭᠤᠣᠯ ᠰᠢᠵᠢᠮ ᠢ ᠴᠢᠩᠭ᠎ᠠ ᠠᠳᠬᠤᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠣᠷᠣᠨ ᠵᠠᠢ᠂ ᠰᠣᠶᠣᠯ᠂ ᠠᠵᠤ ᠠᠬᠤᠢ᠂ ᠨᠡᠶᠢᠭᠡᠮ᠂ ᠰᠡᠳᠬᠢᠴᠡ ᠵᠡᠷᠭᠡ ᠲᠠᠯ᠎ᠠ ᠪᠠᠷ ᠪᠦᠬᠦ ᠲᠠᠯ᠎ᠠ ᠪᠠᠷ ᠠᠭᠤᠰᠤᠯᠴᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠲᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ᠃ ᠰᠣᠶᠣᠯ ᠤᠨ ᠮᠡᠳᠡᠷᠡᠭᠦᠢ ᠪᠣᠯ ᠬᠠᠮᠤᠭ ᠤᠨ ᠭᠦᠨ ᠳᠠᠪᠬᠤᠷᠭ᠎ᠠ ᠶᠢᠨ ᠮᠡᠳᠡᠷᠡᠭᠦᠢ ᠮᠥᠨ᠃ ᠲᠡᠦᠬᠡ ᠰᠣᠶᠣᠯ ᠤᠨ ᠲᠤᠬᠠᠢ ᠲᠠᠨᠢᠨ ᠮᠡᠳᠡᠷᠡᠭᠦᠢ ᠪᠠᠨ ᠲᠥᠪ ᠪᠣᠯᠭᠠᠵᠤ᠂ ᠵᠥᠪ ᠤᠯᠤᠰ ᠣᠷᠣᠨ ᠤ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠵᠤ᠂ ᠠᠭᠤᠤ ᠶᠡᠭᠡ ᠡᠬᠡ ᠣᠷᠣᠨ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠲᠠᠨᠢᠯᠲᠠ ᠪᠠᠨ ᠴᠢᠩᠭᠠᠳᠬᠠᠵᠤ᠂ ᠳᠤᠮᠳᠠᠳᠤ ᠤᠯᠤᠰ ᠤᠨ ᠰᠡᠳᠬᠢᠯ᠂ ᠳᠤᠮᠳᠠᠳᠤ ᠶᠢᠨ ᠰᠦᠭ ᠰᠦᠨᠡᠰᠦ ᠶᠢ ᠪᠠᠳᠤᠳᠬᠠᠪᠠᠯ ᠰᠠᠶ᠋ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ ᠴᠢᠳᠠᠨ᠎ᠠ᠃ ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠪᠦᠲᠦᠭᠡᠨ ᠪᠠᠶᠢᠭᠤᠯᠵᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠨ ᠪᠠᠶᠢᠭᠤᠯᠵᠤ᠂ ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠪᠡᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠯᠠᠪᠲᠠᠢ ᠪᠠᠲᠤ ᠪᠠᠬᠢ ᠪᠣᠯᠭᠠᠵᠤ ᠴᠢᠳᠠᠨ᠎ᠠ᠃       ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠠᠨ ᠡᠰᠢᠲᠦ ᠨᠢᠭᠡ ᠴᠤᠬᠴᠠᠵᠢᠬᠰᠠᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ᠂ ᠨᠢᠭᠡ ᠰᠡᠳᠬᠢᠯ ᠨᠢᠭᠡ ᠵᠣᠷᠢᠭ᠂ ᠨᠢᠭᠡ ᠰᠡᠳᠬᠢᠯ ᠨᠢᠭᠡ ᠴᠢᠭᠯᠡᠯ ᠲᠠᠢ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠶᠠᠭ ᠳᠤᠮᠳᠠᠳᠤ ᠶᠢᠨ ᠬᠦᠰᠡᠯ ᠵᠡᠬᠦᠳᠦ ᠶᠢ ᠰᠡᠳᠬᠢᠯ ᠨᠢᠭᠡᠳᠦᠨ ᠬᠠᠮᠲᠤ ᠪᠠᠷ ᠪᠡᠶᠡᠯᠡᠬᠦᠯᠬᠦ ᠴᠤ᠋ ᠰᠢᠨ᠎ᠡ ᠬᠠᠭᠤᠳᠠᠰᠤ ᠶᠢ ᠪᠢᠴᠢᠭᠯᠡᠵᠦ ᠪᠠᠶᠢᠨ᠎ᠠ᠃ ︽ᠦᠨᠳᠦᠰᠦᠲᠡᠨ ᠨᠦᠭᠦᠳ ᠶᠡᠭᠡ ᠪᠠᠷ ᠪᠦᠯᠬᠦᠮᠳᠡᠭᠰᠡᠨ ᠲᠤᠮᠳᠠᠳᠤ ᠤᠯᠤᠰ ᠯᠠᠪᠲᠠᠢ ᠬᠠᠨᠳᠤᠭᠰᠠᠨ ᠵᠦᠭ ᠲᠤ ᠢᠯᠠᠭᠳᠠᠰᠢ ᠦᠭᠡᠢ ᠶᠤᠮ᠂ ᠯᠠᠪᠲᠠᠢ ᠭᠡᠭᠡᠨ ᠰᠠᠷᠠᠭᠤᠯ ᠢᠷᠡᠭᠡᠳᠦᠢ ᠲᠠᠢ ᠶᠤᠮ᠂ ᠪᠢᠳᠡᠨ ᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠯᠠᠪᠲᠠᠢ ᠢᠯᠠᠯᠲᠠ ᠲᠠᠢ ᠪᠠᠷ ᠪᠡᠶᠡᠯᠡᠭᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠯᠠᠪᠲᠠᠢ ᠬᠦᠷᠴᠦ ᠢᠷᠡᠬᠦ ᠶᠤᠮ︾᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号