| | 7 ᠳ᠋ᠤᠭᠠᠷ ᠰᠠᠷ᠎ᠠ ᠶᠢᠨ 26 ᠤ ᠡᠳᠦᠷ᠂ ᠲᠤᠮᠳᠠᠳᠦ ᠤᠯᠤᠰ ᠤᠨ ᠴᠠᠭ ᠠᠭᠤᠷ ᠤᠨ ᠲᠤᠪᠴᠢᠶ᠎ᠠ ᠶᠢᠨ ᠴᠠᠭ | ᠠᠭᠤᠷ ᠤᠨ ᠤᠬᠠᠭᠤᠯᠭ᠎ᠠ ᠬᠢᠭᠡᠳ ᠰᠢᠨᠵᠢᠯᠡᠭᠦ ᠤᠬᠠᠭᠠᠨ ᠢ ᠲᠦᠭᠡᠮᠡᠯᠵᠢᠭᠦᠯᠬᠦ ᠲᠦᠪ᠂ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎ᠠ᠂ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ᠂ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠰᠢᠨᠵᠢᠯᠡᠭᠡᠨ ᠤ | ᠨᠡᠶᠢᠭᠡᠮᠯᠢᠭ᠂ ᠪᠤᠭᠤᠳᠦ ᠬᠤᠲᠠ ᠶᠢᠨ ᠠᠷᠠᠳ ᠤᠨ ᠵᠠᠰᠠᠭ ᠤᠨ ᠤᠷᠳᠤᠨ ᠠᠴᠠ ᠬᠠᠮᠲᠤᠷᠠᠨ ᠡᠷᠬᠢᠯᠡᠭᠰᠡᠨ 2022 | ᠤᠨ ᠤ ︽ᠮᠢᠩᠭᠠᠨ ᠰᠢᠶᠠᠩ ᠲᠦᠮᠡᠨ ᠲᠤᠰᠬᠤᠨ ᠳᠤ ᠴᠠᠭ ᠠᠭᠤᠷ ᠤᠨ ᠰᠢᠨᠵᠢᠯᠡᠭᠦ ᠤᠬᠠᠭᠠᠨ ᠢ ᠲᠦᠭᠡᠮᠡᠯᠵᠢᠭᠦᠯᠬᠦ | ᠲᠠᠯ᠎ᠠ ᠨᠤᠳᠤᠭ ᠤᠨ ᠠᠶᠠᠯᠠᠯ︾ ᠤᠨ ᠠᠵᠢᠯᠯᠠᠭ᠎ᠠ ᠪᠤᠭᠤᠳᠦ ᠬᠤᠲᠠ ᠶᠢᠨ ᠭᠦᠶᠠᠩ ᠰᠢᠶᠠᠨ ᠳᠤ ᠡᠬᠢᠯᠡᠪᠡ᠃ ︽ | ᠮᠢᠩᠭᠠᠨ ᠰᠢᠶᠠᠩ ᠲᠦᠮᠡᠨ ᠲᠤᠰᠬᠤᠨ ᠳᠤ ᠴᠠᠭ ᠠᠭᠤᠷ ᠤᠨ ᠰᠢᠨᠵᠢᠯᠡᠭᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ︾ | ᠪᠤᠯ ᠲᠤᠮᠳᠠᠳᠦ ᠤᠯᠤᠰ ᠤᠨ ᠴᠠᠭ ᠠᠭᠤᠷ ᠤᠨ ᠲᠤᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ | ᠳᠤᠮᠳᠠᠳᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠪᠦᠬᠦ ᠤᠯᠤᠰ ᠤᠨ ᠬᠡᠪᠴᠢᠶᠡᠨ ᠳᠤ | ᠦᠷᠨᠢᠬᠦᠯᠵᠤ ᠪᠡᠶᠢᠭ᠎ᠠ ᠲᠤᠮᠤ ᠬᠡᠯᠪᠡᠷᠢ ᠶᠢᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯᠯᠠᠭ᠎ᠠ ᠮᠥᠨ᠂ ︽ᠴᠠᠭ | ᠠᠭᠤᠷ ᠤᠨ ᠭᠠᠮᠰᠢᠭ ᠢ ᠰᠡᠷᠭᠡᠶᠢᠯᠡᠨ᠂ ᠭᠠᠮᠰᠢᠭ ᠢ ᠪᠠᠭᠠᠰᠬᠠᠬᠤ ᠶᠢ ᠤᠬᠠᠭᠤᠯᠬᠤ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠠᠵᠢᠯᠯᠠᠭ᠎ᠠ︾ ᠪᠤᠯ ᠮᠠᠨ ᠤ ᠤᠷᠤᠨ ᠤ ᠲᠦᠷᠪᠡᠨ ᠵᠢᠯ ᠳᠠᠷᠠᠭᠠᠯᠠᠨ ᠦᠷᠨᠢᠭᠦᠯᠦᠭᠰᠡᠨ ᠤᠨᠴᠠᠯᠢᠭ | ᠪᠦᠬᠦᠢ ᠨᠡᠷᠡᠲᠦ ᠲᠡᠮᠳᠡᠭᠲᠦ ᠠᠵᠢᠯᠯᠠᠭ᠎ᠠ ᠪᠤᠯᠤᠨ᠎ᠠ᠃ ᠠᠵᠢᠯᠯᠡᠭᠠᠠ ᠤ ᠶᠠᠪᠤᠴᠠ ᠳᠤ᠂ ᠡᠯ᠎ᠡ ᠰᠠᠯᠠᠭ᠎ᠠ ᠮᠦᠴᠢᠷ ᠤᠨ | ᠰᠢᠨᠵᠢᠯᠡᠭᠦ ᠤᠬᠠᠭᠠᠨ ᠢ ᠲᠦᠭᠡᠮᠡᠯᠵᠢᠭᠦᠯᠬᠦ ᠲᠡᠷᠭᠡ᠂ ᠴᠠᠭ ᠠᠭᠤᠷ ᠤᠨ ᠰᠢᠯᠵᠢᠮᠡᠯ ᠦᠷᠳᠡᠭᠡ᠂ ᠬᠦᠮᠦᠨ ᠤ | ᠬᠦᠴᠦᠨ ᠢᠶᠠᠷ ᠪᠤᠷᠤᠭᠠᠨ ᠤᠷᠤᠭᠤᠯᠬᠤ ᠠᠵᠢᠯᠯᠠᠭᠠᠨ ᠤ ᠲᠦᠬᠦᠭᠡᠷᠤᠮᠵᠢ ᠶᠢ ᠳᠡᠯᠭᠡᠨ ᠦᠵᠡᠭᠦᠯᠬᠦ᠂ ᠦᠵᠡᠭᠦᠯᠭᠡ ᠶᠢᠨ | ᠰᠠᠮᠪᠠᠷ᠎ᠠ ᠭᠠᠷᠭᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ | ᠲᠠᠯᠠᠪᠤᠷ ᠲᠤ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠬᠦᠮᠦᠰ ᠲᠤ ᠡᠯ᠎ᠡ ᠵᠦᠢᠯ ᠤᠨ ᠴᠠᠭ ᠠᠭᠤᠷ ᠤᠨ | ᠭᠠᠮᠰᠢᠭ ᠵᠢᠴᠢ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ ᠶᠡᠷᠦ ᠶᠢᠨ ᠮᠡᠳᠡᠯᠭᠡ ᠶᠢ ᠲᠠᠨᠢᠯᠴᠡᠭᠤᠯᠳᠠᠭ᠃ | | ᠢᠷᠡᠯᠳᠠ᠄ ᠦᠪᠣᠷ ᠮᠣᠩᠭᠤᠯ ᠤᠨ ᠮᠣᠩᠭᠤᠯ ᠷᠠᠳᠢᠣ᠋ |