ᠡᠮᠨᠡᠯᠭᠡ ᠳᠤ ᠬᠡᠷᠡᠭᠯᠡᠬᠦ ᠬᠦᠴᠢᠯᠲᠥ᠋ᠷᠥᠭᠴᠢ ᠦᠢᠯᠡᠳᠬᠦ ᠮᠠᠰᠢᠨ ᠢ ᠦᠨ᠎ᠡ ᠲᠥᠯᠥᠪᠦᠷᠢ ᠥᠬᠡᠶ ᠪᠠᠷ ᠲᠦᠮᠡ ᠭᠠᠷᠤᠶ ᠬᠠᠩᠭᠠᠪᠡ︕
ᠨᠡᠶᠢᠲᠡᠯᠡᠭᠰᠡᠨ ᠴᠠᠭ᠄
2023/1/28
    ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠵᠡᠷᠭᠡ ᠰᠠᠯᠠᠭ᠎ᠠ ᠮᠥᠴᠢᠷ ᠨᠢ ᠦᠢᠯᠡᠳᠪᠦᠷᠢᠯᠡᠬᠦ ᠠᠵᠤ ᠠᠬᠤᠶᠢᠯᠠᠯ ᠲᠠᠢ ᠬᠠᠮᠲᠤᠷᠠᠨ ᠪᠥᠬᠦ ᠤᠯᠤᠰ ᠤᠨ 832 ᠶᠠᠳᠠᠭᠤ ᠠᠴᠠ ᠠᠩᠭᠢᠵᠢᠷᠠᠭᠤᠯᠬᠤ ᠰᠢᠶᠠᠨ ᠳᠤ ᠡᠮᠨᠡᠯᠭᠡ ᠳᠤ ᠬᠡᠷᠡᠭᠯᠡᠬᠦ ᠬᠦᠴᠢᠯᠲᠥ᠋ᠷᠥᠭᠴᠢ ᠦᠢᠯᠡᠳᠬᠦ ᠮᠠᠰᠢᠨ ᠢ ᠦᠨ᠎ᠡ ᠲᠥᠯᠥᠪᠦᠷᠢ ᠥᠬᠡᠶ ᠪᠠᠷ 1 ᠲᠦᠮᠡ ᠭᠠᠷᠤᠶ ᠬᠠᠩᠭᠠᠵᠤ ᠥᠭᠪᠡ    ᠰᠤᠷᠪᠤᠯᠵᠢᠯᠠᠭᠴᠢ 14 ᠤ ᠡᠳᠦᠷ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠵᠢᠶᠠᠩᠰᠦ ᠶᠢᠨ ᠢᠦᠶ ᠶᠤᠸᠠᠢ ᠡᠮᠴᠢᠯᠡᠭᠡᠨ ᠤ ᠲᠥᠬᠦᠭᠡᠷᠦᠮᠵᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠵᠣᠬᠢᠶᠠᠨ ᠪᠠᠶᠢᠭᠤᠯᠵᠤ᠂ ᠪᠥᠬᠦ ᠤᠯᠤᠰ ᠤᠨ 832 ᠶᠠᠳᠠᠭᠤ ᠠᠴᠠ ᠠᠩᠭᠢᠵᠢᠷᠠᠭᠤᠯᠬᠤ ᠰᠢᠶᠠᠨ ᠳᠤ ᠡᠮᠴᠢᠯᠡᠭᠡᠨ ᠳᠤ ᠬᠡᠷᠡᠭᠯᠡᠬᠦ ᠬᠦᠴᠢᠯᠲᠥ᠋ᠷᠥᠭᠴᠢ ᠦᠢᠯᠡᠳᠬᠦ ᠮᠠᠰᠢᠨ ᠢ ᠦᠨ᠎ᠡ ᠲᠥᠯᠥᠪᠦᠷᠢ ᠥᠬᠡᠶ ᠪᠠᠷ 1 ᠲᠦᠮᠡ ᠭᠠᠷᠤᠶ ᠬᠠᠩᠭᠠᠵᠤ᠂ ᠶᠠᠳᠠᠭᠤ ᠠᠴᠠ ᠠᠩᠭᠢᠵᠢᠷᠠᠭᠤᠯᠬᠤ ᠰᠢᠶᠠᠨ ᠤ 11534 ᠰᠢᠶᠠᠩ ᠪᠠᠯᠭᠠᠰᠤ ᠶᠢ ᠬᠠᠮᠤᠷᠴᠡᠢ᠃ ᠣᠳᠣᠬᠠᠨ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠨᠢᠭᠡᠨᠲᠡ ᠵᠢᠶᠠᠩᠰᠦ ᠶᠢᠨ ᠢᠦᠶ ᠶᠤᠸᠠᠢ ᠡᠮᠴᠢᠯᠡᠭᠡᠨ ᠤ ᠲᠥᠬᠦᠭᠡᠷᠦᠮᠵᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠵᠣᠬᠢᠶᠠᠨ ᠪᠠᠶᠢᠭᠤᠯᠵᠤ ᠡᠯ᠎ᠡ ᠶᠠᠳᠠᠭᠤ ᠠᠴᠠ ᠠᠩᠭᠢᠵᠢᠷᠠᠭᠤᠯᠬᠤ ᠰᠢᠶᠠᠨ ᠳᠤ ᠵᠠᠯᠭᠠᠭ᠎ᠠ ᠪᠠᠷ ᠪᠠᠷᠠᠭ᠎ᠠ ᠶᠠᠪᠤᠭᠤᠯᠵᠤ ᠪᠤᠢ᠂ ᠵᠢᠱᠢᠯᠲᠡ ᠪᠠᠷ 15 ᠤ ᠡᠳᠦᠷ ᠠᠴᠠ ᠡᠮᠦᠨ᠎ᠡ ᠪᠦᠬᠦᠨ ᠢ ᠬᠦᠷᠭᠡᠵᠦ ᠳᠠᠭᠤᠰᠬᠠᠬᠤ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号