ᠭᠦᠸᠧ ᠲᠢᠶᠠᠨ ᠪᠦᠦ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠪᠡ
ᠨᠡᠶᠢᠲᠡᠯᠡᠭᠰᠡᠨ ᠴᠠᠭ᠄
2023/1/5
 
    ᠪᠥᠬᠦ ᠬᠤᠲᠠ ᠶᠢᠨ ᠬᠤᠶᠠᠷ ᠬᠤᠷᠠᠯ ᠤᠨ ᠬᠤᠭᠤᠴᠠᠭᠠᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠪᠡ᠃ ᠲᠡᠷᠡ ᠢᠯᠡᠷᠬᠡᠶᠢᠯᠡᠬᠦ ᠳᠡᠭᠡᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠴᠤ᠂ ᠬᠥᠮᠥᠰ ᠤᠨ ᠰᠡᠳᠬᠢᠯ ᠢ ᠲᠤᠶᠢᠯ ᠢᠶᠠᠷ ᠳᠣᠭᠳᠣᠯᠤᠭᠤᠯᠵᠤ᠂ ᠢᠯᠡᠳᠬᠡᠯ ᠳᠤ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ᠂ ᠰᠢᠨ᠎ᠡ ᠶᠢ ᠡᠭᠦᠳᠦᠨ ᠡᠷᠡᠯᠬᠡᠭᠯᠡᠨ ᠤᠷᠤᠭᠰᠢᠯᠠᠬᠤ ᠠᠵᠢᠯ ᠤᠨ ᠦᠨᠳᠦᠰᠦᠨ ᠬᠥᠭ ᠠᠶᠠᠰ ᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠠᠭᠤᠯᠭ᠎ᠠ ᠶᠢᠨ ᠲᠠᠯ᠎ᠠ ᠠᠴᠠ ᠠᠪᠴᠤ ᠦᠵᠡᠪᠡᠯ᠂ ᠠᠮᠵᠢᠯᠲᠠ ᠪᠠᠨ ᠳ᠋ᠦᠩᠨᠡᠬᠦ ᠳᠤ ᠦᠨᠡᠨ ᠠᠴᠠ ᠵᠥᠪ ᠢ ᠡᠷᠢᠵᠦ᠂ ᠠᠵᠢᠯ ᠤᠨ ᠲᠣᠬᠢᠷᠠᠭᠤᠯᠤᠯᠲᠠ  ᠨᠢ ᠲᠦᠩᠯᠢᠶᠣᠣ ᠶᠢᠨ ᠪᠣᠳᠠᠲᠤ ᠪᠠᠶᠢᠳᠠᠯ ᠲᠠᠢ ᠨᠡᠶᠢᠴᠡᠵᠦ᠂ ᠮᠡᠳᠡᠭᠦᠯᠦᠯᠲᠡ ᠶᠢᠨ ᠪᠦᠬᠦᠯᠢ ᠴᠣᠭᠴᠠ ᠶᠢᠨ ᠪᠦᠲᠦᠴᠡ ᠨᠢ ᠰᠢᠨ᠎ᠡ᠂ ᠠᠭᠤᠯᠭ᠎ᠠ ᠨᠢ ᠰᠢᠨ᠎ᠡ᠂ ᠣᠶᠢᠯᠠᠭᠠᠭᠳᠠᠬᠤᠨ ᠨᠢ ᠰᠢᠨ᠎ᠡ᠂ ᠬᠠᠷᠠᠯᠲᠠ ᠨᠢ ᠰᠢᠨ᠎ᠡ ᠪᠠᠶᠢᠵᠤ᠂ ᠭᠠᠵᠠᠷ ᠪᠣᠯᠭᠠᠨ ᠳᠤ ᠵᠣᠷᠢᠭᠲᠠᠢ ᠪᠠᠷ ᠤᠷᠤᠭᠰᠢᠯᠠᠨ ᠳᠠᠪᠰᠢᠬᠤ ᠵᠣᠷᠢᠭ ᠰᠠᠨᠠᠭᠠᠨ ᠤ ᠳᠦᠷᠰᠦ ᠪᠠᠶᠢᠳᠠᠯ ᠪᠠ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠭᠰᠠᠨ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠢᠯᠡᠷᠡᠭᠦᠯᠵᠦ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃    ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠢᠨ ᠡᠨᠡ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠣᠣᠷᠠᠬᠢ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃    ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠥᠷᠭᠡᠳᠬᠡᠨ᠎ᠡ᠃︽ᠠᠵᠤ ᠦᠢᠯᠡᠳᠪᠦᠷᠢ ᠶᠢ ᠬᠦᠴᠦᠷᠬᠡᠭᠵᠢᠭᠦᠯᠬᠦ︾ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠨᠢᠭᠡ ᠲᠠᠯ᠎ᠠ ᠪᠠᠷ ᠬᠠᠳᠠᠭᠠᠯᠠᠯᠲᠠ ᠶᠢᠨ ᠬᠡᠮᠵᠢᠶ᠎ᠡ ᠶᠢ ᠥᠷᠭᠡᠳᠬᠡᠬᠦ ᠶᠢ ᠠᠳᠬᠤᠵᠤ᠂ ᠨᠢᠭᠡ ᠲᠠᠯ᠎ᠠ ᠪᠠᠷ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠦᠨ ᠣᠷᠣᠭᠤᠯᠬᠤ ᠶᠢ ᠠᠳᠬᠤᠵᠤ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠯᠬᠢᠶ᠎ᠡ ᠶᠢ ᠪᠠᠶᠢᠭᠤᠯᠬᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠨ᠂ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ᠂ ᠦᠷᠳᠡᠭ ᠤᠨ ᠬᠡᠯᠬᠢᠶ᠎ᠡ ᠶᠢᠨ ᠳᠤᠮᠳᠠ ᠳᠡᠭᠡᠳᠦ ᠲᠡᠰ ᠲᠡᠶᠢᠰᠢ ᠲᠠᠪᠰᠢᠬᠤ ᠶᠢ ᠲᠦᠯᠬᠢᠨ ᠠᠬᠢᠭᠤᠯᠵᠤ᠂ ᠠᠵᠤ ᠠᠬᠤᠢ ᠶᠢᠨ ᠨᠡᠮᠡᠭᠳᠡᠯ ᠤᠨ ᠰᠠᠭᠤᠷᠢ ᠴᠢᠯᠠᠭᠤ ᠶᠢ ᠪᠠᠬᠢᠵᠢᠭᠦᠯᠦᠨ᠎ᠡ᠃ᠡᠭᠦᠨ ᠤ ᠬᠠᠮᠲᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠥᠲᠥᠯᠥᠨ ᠵᠢᠯᠤᠭᠤᠳᠴᠤ᠂ ᠰᠢᠨ᠎ᠡ ᠪᠠᠷ ᠪᠣᠶ ᠪᠣᠯᠤᠭᠰᠠᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠭᠤᠷᠪᠠᠨ ᠠᠵᠤ ᠦᠢᠯᠡᠰ ᠤᠨ ᠨᠠᠩ ᠥᠨᠳᠥᠷ ᠬᠢᠷᠢ ᠲᠦᠪᠰᠢᠨ ᠳᠡᠭᠡᠷ᠎ᠡ ᠬᠠᠮᠵᠢᠯᠴᠠᠨ ᠬᠥᠭᠵᠢᠬᠦ ᠶᠢ ᠴᠢᠷᠮᠠᠶᠢᠨ ᠪᠡᠶᠡᠯᠡᠭᠦᠯᠦᠨ᠎ᠡ᠃    ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠷᠬᠦᠭᠦᠯᠲᠦ ᠡᠯᠡᠰᠦ᠂ ᠴᠢᠯᠠᠭᠤᠨ ᠲᠣᠰᠣᠨ ᠤ ᠬᠠᠭᠠᠷᠠᠯ ᠤᠨ ᠡᠯᠡᠰᠦ᠂ ᠬᠡᠲᠦ ᠴᠠᠭᠠᠨ ᠡᠯᠡᠰᠦ᠂ ᠴᠢᠳᠬᠤᠯᠲᠠ ᠶᠢᠨ ᠡᠯᠡᠰᠦ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠴᠢᠭᠯᠡᠯ ᠤᠨ ᠲᠣᠭᠤᠷᠢᠨ ᠳᠤ᠂ ᠴᠠᠬᠢᠭᠤᠷ ᠡᠯᠡᠰᠦᠨ ᠤ ᠰᠢᠨ᠎ᠡ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ︔ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠲᠠᠶᠢᠴᠢᠯᠠᠵᠤ᠂ ᠪᠣᠬᠢᠷᠳᠤᠯ ᠦᠭᠡᠢ ᠴᠠᠬᠢᠯᠭᠠᠨ ᠤ ᠰᠢᠭᠤᠳ ᠬᠠᠩᠭᠠᠯᠭ᠎ᠠ + ᠨᠡᠮᠡᠭᠳᠡᠯ ᠤᠨ ᠬᠡᠮᠵᠢᠶ᠎ᠡ ᠪᠠᠷ ᠲᠣᠣᠷ ᠲᠣᠬᠢᠷᠠᠭᠤᠯᠬᠤ + ᠳᠣᠣᠷᠠᠳᠤ ᠤᠷᠤᠰᠬᠠᠯ ᠤᠨ ᠠᠵᠤ ᠦᠢᠯᠡᠰ ᠤᠨ︽N+1+N︾ᠠᠵᠤ ᠦᠢᠯᠡᠰ ᠤᠨ ᠪᠦᠲᠦᠴᠡ ᠶᠢ ᠪᠠᠶᠢᠭᠤᠯᠵᠤ᠂ ᠠᠵᠤ ᠦᠢᠯᠡᠳᠪᠦᠷᠢ ᠶᠢᠨ ᠴᠠᠬᠢᠯᠭᠠᠨ ᠤ ᠦᠨ᠎ᠡ ᠶᠢ ᠪᠠᠭᠤᠷᠠᠭᠤᠯᠵᠤ᠂ ᠦᠢᠯᠡᠳᠪᠦᠷᠢᠯᠡᠯ ᠤᠨ ᠡᠯᠧᠮᠧᠨ᠋ᠲ ᠤᠨ ᠥᠪᠡᠷ ᠤᠨ ᠦᠷᠳᠡᠭ ᠤᠨ ᠬᠤᠲᠣᠭᠤᠷ ᠭᠠᠵᠠᠷ ᠢ ᠴᠣᠭᠴᠠᠯᠠᠨ᠎ᠠ︔ᠠᠯᠠᠰᠢᠨ ᠦᠬᠡᠷ ᠤᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠦ᠋ ᠮᠢᠬ᠎ᠠ ᠶᠢ ᠵᠡᠷᠭᠡᠪᠡᠷ ᠬᠡᠷᠡᠭᠯᠡᠬᠦ ᠠᠵᠢᠯ ᠢ ᠰᠠᠶᠢᠲᠤᠷ ᠬᠢᠵᠦ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ︔ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ ᠪᠥᠬᠦ ᠲᠠᠯ᠎ᠠ ᠪᠠᠷ ᠴᠢᠩᠭᠠᠳᠬᠠᠵᠤ ᠂ ᠡᠮ ᠡᠮᠨᠡᠯᠭᠡ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ᠂ ᠦᠢᠯᠡᠳᠪᠦᠷᠢᠯᠡᠯ ᠢᠶᠠᠨ ᠬᠤᠪᠢᠷᠠᠭᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠭᠠᠷᠤᠯᠲᠠ ᠪᠠᠨ ᠨᠡᠮᠡᠭᠳᠡᠭᠦᠯᠦᠨ ᠴᠢᠳᠠᠪᠤᠷᠢ ᠪᠠᠨ ᠥᠷᠭᠡᠳᠬᠡᠬᠦ ᠶᠢ ᠵᠢᠯᠤᠭᠤᠳᠴᠤ᠂ ᠣᠲᠣ ᠦᠶ᠎ᠡ ᠶᠢᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ︔ᠪᠡᠶ᠎ᠡ ᠶᠢᠨ ᠲᠠᠮᠢᠷ᠂ ᠰᠣᠶᠣᠯ᠂ ᠵᠢᠭᠤᠯᠴᠢᠯᠠᠯ ᠭᠤᠷᠪᠠᠨ ᠲᠠᠯ᠎ᠠ ᠶᠢ ᠠᠭᠤᠰᠤᠯᠴᠠᠭᠤᠯᠤᠨ᠂ ᠰᠣᠯᠪᠢᠴᠠᠨ ᠨᠡᠪᠴᠢᠭᠦᠯᠬᠦ ᠶᠢ ᠪᠠᠷᠢᠮᠲᠠᠯᠠᠵᠤ᠂ ᠠᠭᠤᠯᠤᠭᠳᠠᠬᠤᠨ᠂ ᠠᠭᠤᠯᠬᠤᠨ ᠨᠢ ᠴᠥᠮ ᠮᠠᠰᠢ ᠡᠯᠪᠡᠭ ᠪᠠᠶᠠᠯᠢᠭ ᠰᠢᠨ᠎ᠡ ᠠᠵᠤ ᠦᠢᠯᠡᠰ ᠤᠨ ᠬᠡᠯᠪᠡᠷᠢ ᠪᠠᠶᠢᠳᠠᠯ ᠢ ᠪᠣᠶ ᠪᠣᠯᠭᠠᠨ᠎ᠠ᠃ᠳᠠᠯᠠᠨ ᠬᠥᠬᠡ ᠭᠤᠤ ᠶᠢᠨ ᠵᠢᠭᠤᠯᠴᠢᠯᠠᠯ ᠤᠨ 5A ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠪᠠ ᠼᠤᠤ ᠭᠠᠨ ᠡᠯᠡᠰᠦᠨ ᠴᠥᠯ ᠤᠨ 4A ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠲᠦᠷᠭᠡᠳᠬᠡᠵᠦ᠂ ᠲᠦᠩᠯᠢᠶᠣᠣ ᠬᠤᠲᠠ ᠶᠢᠨ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠤᠷ ᠤᠨ ᠴᠤᠭᠯᠠᠭᠠᠨ ᠢ ᠰᠠᠶᠢᠲᠤᠷ ᠡᠷᠭᠢᠯᠡᠵᠦ᠂ ᠰᠣᠶᠣᠯ ᠤᠨ ᠵᠢᠭᠤᠯᠴᠢᠯᠠᠯ ᠤᠨ ᠪᠥᠬᠦ ᠬᠡᠯᠬᠢᠶ᠎ᠡ ᠶᠢᠨ ᠬᠡᠷᠡᠭᠯᠡᠭᠡᠨ ᠤ ᠰᠡᠷᠭᠦᠯᠲᠡ ᠶᠢ ᠳᠠᠶᠢᠴᠢᠯᠠᠨ᠎ᠠ᠃    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃︽ᠪᠥᠬᠦ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠰᠢᠯᠢᠳᠡᠭ ᠪᠣᠯᠬᠤ ᠪᠠᠷ ᠴᠢᠷᠮᠠᠶᠢᠬᠤ ᠣᠨ︾ ᠤ ᠲᠤᠰᠬᠠᠢ ᠠᠵᠢᠯᠯᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠳᠡᠭᠡᠳᠦ ᠱᠠᠲᠤᠨ ᠤ ᠨᠡᠶᠢᠲᠡᠯᠡᠭᠰᠡᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠳᠤ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠢᠳᠡᠷᠡᠭᠦᠨ ᠢᠶᠠᠷ ᠦᠰᠦᠨ ᠪᠣᠶᠢᠵᠢᠬᠤ ᠶᠢ ᠲᠡᠳᠬᠦᠨ ᠳᠡᠮᠵᠢᠵᠦ᠂ ᠴᠢᠨᠠᠷ ᠰᠠᠶᠢᠲᠠᠢ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号