| | ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠳᠤ ᠱᠤᠩᠬᠤᠷ ᠤᠨ ᠴᠤᠬᠯᠠᠭᠠᠨ᠂ ᠬᠤᠷᠴᠢᠨ ᠤ ᠮᠤᠩᠭᠤᠯ | ᠦᠯᠦᠭᠡᠢ᠂ ᠮᠤᠩᠭᠤᠯ ᠰᠢᠳᠠᠷ᠎ᠠ᠂ ᠮᠤᠷᠢᠨ ᠬᠤᠭᠤᠷ ᠦᠢᠯᠡᠳᠬᠦ ᠤᠷ᠎ᠠ ᠮᠡᠷᠭᠡᠵᠢᠯ᠂ ᠰᠡᠩᠭᠡᠷᠢᠨᠴᠢᠨ ᠸᠠᠩ ᠤᠨ | ᠤᠷᠳᠤᠨ ᠤ ᠡᠷᠳᠡᠨ ᠤ ᠬᠦᠭᠵᠢᠮ᠂ ᠮᠤᠩᠭᠤᠯ ᠦᠨᠳᠦᠰᠦᠳᠡᠨ ᠤ ᠪᠦᠬᠡ᠂ ᠮᠤᠩᠭᠤᠯ ᠵᠢᠷᠤᠭ᠎ᠠ ᠮᠤᠷᠢ ᠶᠢ ᠳᠠᠰᠬᠠᠨ | ᠰᠤᠷᠭᠠᠬᠤ ᠤᠷ᠎ᠠ ᠮᠡᠷᠭᠡᠵᠢᠯ᠂ ᠴᠠᠭᠠᠨ ᠢᠳᠡᠭᠡᠨ ᠦᠢᠯᠡᠳᠴᠦ ᠪᠤᠯᠪᠠᠰᠤᠷᠠᠭᠤᠯᠬᠤ ᠤᠷ᠎ᠠ ᠮᠡᠷᠭᠡᠵᠢᠯ ᠂ ᠦ᠋ ᠦᠳᠡᠩ | ᠪᠠᠶᠢᠭᠠᠭᠠᠯᠢᠭ ᠪᠦᠯᠦᠭ ᠤᠨ ᠨᠢᠢᠮᠠᠨ ᠬᠦᠯᠢᠯ ᠤᠨ ᠨᠢᠳᠤᠷᠭᠠᠨ ᠡᠷᠳᠡᠮ ᠵᠡᠷᠭᠡ ᠠᠷᠪᠠᠨ ᠲᠤᠯᠤᠭᠠᠨ ᠲᠦᠷᠦᠯ ᠤᠨ | ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠪᠠᠶᠢᠵᠦ᠂ ᠠᠭᠤᠯᠭ᠎ᠠ ᠨᠢ | ᠤᠯᠠᠮᠵᠢᠯᠠᠯᠳᠤ ᠵᠠᠩ ᠦᠢᠯᠡ᠂ ᠠᠮᠢᠳᠤᠷᠠᠯ ᠤᠨ ᠬᠡᠷᠡᠭᠰᠡᠯ᠂ ᠵᠤᠭ᠎ᠠ ᠴᠡᠩᠭᠡᠯ ᠤᠨ ᠲᠤᠨᠤᠭ ᠲᠦᠬᠦᠭᠡᠷᠦᠮᠵᠢ᠂ | ᠪᠡᠶ᠎ᠡ ᠶᠢᠨ ᠲᠠᠮᠢᠷ ᠤᠨ ᠬᠦᠳᠡᠯᠭᠡᠭᠡᠨ ᠪᠠ ᠢᠳᠡᠭᠡᠨ ᠦᠢᠯᠡᠳᠬᠦ ᠵᠡᠷᠭᠡ ᠤᠯᠠᠨ ᠲᠠᠯ᠎ᠠ ᠶᠢ ᠬᠠᠮᠤᠷᠴᠠᠢ᠃ ᠡᠲᠡᠭᠡᠷ | ᠪᠣᠳᠠᠰ ᠤᠨ ᠪᠤᠰᠤ ᠰᠣᠶᠣᠯ ᠤᠨ ᠦᠨᠡᠲᠦ ᠡᠷᠳᠡᠨᠢ ᠨᠢ ᠬᠤᠷᠴᠢᠨ ᠤ ᠠᠷᠠᠳ ᠲᠦᠮᠡᠨ ᠤ ᠠᠮᠢᠳᠤᠷᠠᠯ ᠤᠨ ᠠᠷᠭ᠎ᠠ | ᠮᠠᠶ᠋ᠢᠭ ᠪᠠ ᠥᠷᠲᠡᠭ ᠤᠨ ᠦᠵᠡᠯᠲᠡ ᠶᠢ ᠳᠡᠯᠭᠡᠨ ᠦᠵᠡᠭᠦᠯᠵᠦ ᠪᠠᠶᠢᠭ᠎ᠠ ᠪᠥᠭᠡᠳ ᠪᠠᠰᠠ ᠴᠤ ᠳᠤᠮᠳᠠᠳᠤ ᠶᠢᠨ | ᠦᠨᠳᠦᠰᠦᠲᠡᠨ ᠤ ᠡᠷᠬᠢᠮ ᠨᠠᠨᠳᠢᠨ ᠣᠶᠤᠨ ᠰᠠᠨᠠᠭᠠᠨ ᠤ ᠥᠪ ᠬᠥᠷᠥᠩᠭᠡ ᠪᠤᠯᠬᠤ ᠶᠤᠮ ᠃ | ᠰᠡᠩᠭᠡᠷᠢᠨᠴᠢᠨ ᠸᠠᠩ ᠤᠨ ᠬᠤᠷᠤᠭ᠎ᠠ ᠶᠢᠨ ᠡᠷᠳᠡᠨ ᠤ ᠬᠦᠭᠵᠢᠮ | ᠰᠡᠩᠭᠡᠷᠢᠨᠴᠢᠨ ᠸᠠᠩ ᠤᠨ ᠣᠷᠳᠣᠨ ᠤ ᠡᠷᠳᠡᠨ ᠤ ᠬᠦᠭᠵᠢᠮ ᠪᠣᠯ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠵᠠᠰᠠᠭ ᠸᠠᠩ ᠤᠨ ᠣᠷᠳᠣᠨ ᠤ ᠲᠡᠦᠬᠡᠨ ᠳᠡᠭᠡᠷ᠎ᠡ ᠬᠡᠷᠡᠭᠯᠡᠵᠦ ᠪᠠᠶᠢᠬᠰᠠᠨ ᠪᠥᠭᠡᠳ ᠤᠯᠠᠮᠵᠢᠯᠠᠵᠤ | ᠢᠷᠡᠭᠰᠡᠨ ᠳᠠᠭᠤᠤ ᠬᠥᠭᠵᠢᠮ ᠤᠨ ᠬᠡᠯᠪᠡᠷᠢ ᠪᠠᠶᠢᠵᠤ᠂ ᠣᠷᠣᠨ ᠨᠤᠲᠤᠭ ᠤᠨ ᠴᠢᠨᠠᠷᠲᠠᠶ ᠬᠥᠭᠵᠢᠮ ᠳᠤ | ᠬᠠᠷᠢᠶᠠᠯᠠᠭᠳᠠᠨ᠎ᠠ᠃ | | ᠠᠷᠪᠠᠨ ᠳᠣᠯᠣᠳᠤᠭᠠᠷ ᠵᠠᠭᠤᠨ ᠤ ᠳᠡᠭᠡᠳᠦ ᠦᠶ᠎ᠡ ᠳᠤ ᠬᠤᠷᠴᠢᠨ ᠠᠶᠢᠮᠠᠬᠴᠤᠳ ᠨᠡᠭᠦᠳᠡᠯ ᠤᠨ ᠪᠠᠢᠳᠠᠯ ᠳᠤ | ᠪᠠᠢᠵᠤ᠂ ᠲᠠᠬᠢᠯᠭ᠎ᠠ ᠵᠡᠷᠭᠡ ᠠᠵᠢᠯᠯᠠᠭ᠎ᠠ ᠶᠢ ᠪᠦᠷ ᠪᠥᠭᠡ ᠢᠳᠤᠭᠠᠨ ᠡᠷᠬᠢᠯᠡᠵᠦ᠂ ᠶᠣᠰᠣᠯᠠᠯ ᠬᠥᠭᠵᠢᠮ ᠨᠢ ᠴᠦ | ᠪᠦᠭᠡ ᠢᠳᠤᠭᠠᠨ ᠤ ᠳᠠᠭᠤᠤ ᠬᠥᠭᠵᠢᠮ ᠪᠠᠶᠢᠳᠠᠭ᠃ ᠴᠢᠩ ᠤᠯᠤᠰ ᠤᠨ 1650 ᠤᠨ ᠳᠤ ᠬᠤᠷᠴᠢᠨ ᠵᠡᠬᠦᠨ | ᠭᠠᠷᠤᠨ ᠬᠤᠶᠢᠳᠤ ᠬᠤᠰᠢᠭᠤᠨ ᠤ ᠵᠠᠰᠠᠭ ᠸᠠᠩ ᠤᠨ ᠤᠷᠳᠤᠨ ᠢ ᠪᠠᠶᠢᠭᠤᠯᠤᠭᠰᠠᠨ ᠤ ᠳᠠᠷᠠᠭ᠎ᠠ᠂ ᠬᠦᠮᠦᠰ | ᠠᠭᠠᠵᠢᠮ ᠢᠶᠠᠷ ᠰᠠᠭᠤᠷᠢᠰᠢᠵᠦ᠂ ᠪᠤᠷᠬᠠᠨ ᠱᠠᠰᠢᠨ ᠤ ᠰᠤᠶᠤᠯ ᠪᠠ ᠮᠠᠨᠵᠤ ᠶᠢᠨ ᠨᠡᠶᠢᠭᠡᠮ ᠤᠨ ᠰᠤᠶᠤᠯ ᠠᠳᠡ ᠡᠬᠢᠯᠡᠨ | ᠨᠦᠯᠦᠭᠡᠯᠡᠵᠥ᠂ ᠸᠠᠩ ᠤᠨ ᠬᠤᠷᠤᠭ᠎ᠠ ᠶᠢᠨ ᠪᠠᠶᠠᠷ ᠲᠤᠷᠠᠰᠬᠠᠯ ᠤᠨ ᠶᠤᠰᠤᠯᠠᠯ ᠤᠨ ᠠᠵᠢᠯᠯᠠᠭᠠᠨ ᠡᠳᠦᠷ ᠢᠷᠡᠬᠦᠶ᠎ᠡ | ᠤᠯᠠᠰᠢᠷᠠᠵᠦ᠂ ᠡᠯ᠎ᠠ ᠵᠦᠢᠯ ᠤᠨ ᠰᠤᠶᠤᠯ ᠤᠷᠠᠯᠢᠭ ᠠᠭᠤᠰᠤᠨ ᠨᠡᠪᠳᠡᠷᠡᠯᠴᠡᠵᠥ᠂ ᠦᠪᠡᠷ ᠤᠨ ᠬᠡᠪ ᠨᠠᠮᠪᠠ ᠲᠠᠢ | ᠪᠤᠯᠵᠠᠢ᠃ ᠸᠠᠩ ᠤᠨ ᠣᠷᠳᠣᠨ ᠤ ᠡᠷᠲᠡᠨ ᠤ ᠬᠥᠭᠵᠢᠮ ᠨᠢ ᠳᠣᠣᠷᠠᠬᠢ ᠬᠡᠳᠦᠨ ᠣᠨᠴᠠᠯᠢᠭ ᠲᠠᠢ ᠪᠠᠶᠢᠳᠠᠭ᠄ ᠨᠢᠭᠡ ᠳᠤ | ᠬᠥᠭᠵᠢᠮ ᠤᠨ ᠲᠥᠷᠥᠯ ᠨᠢ ᠡᠯᠪᠡᠭ ᠪᠠᠶᠠᠯᠢᠭ᠂ ᠬᠤᠶᠠᠷ ᠲᠤ᠂ ᠬᠥᠭᠵᠢᠮ ᠤᠨ ᠪᠠᠭᠠᠵᠢ ᠨᠢ ᠣᠯᠠᠨ ᠶᠠᠩᠵᠤ ᠶᠢᠨ | ᠪᠠᠶᠢᠳᠠᠭ︔ ᠭᠤᠷᠪᠠ ᠳᠤ᠂ ᠤᠯᠠᠮᠵᠢᠯᠠᠭᠤᠷ ᠰᠤᠳᠠᠰᠤ ᠨᠢ ᠲᠣᠳᠣᠷᠬᠠᠶ᠂ ᠲᠦᠷᠪᠡ ᠨᠢ ᠬᠥᠭᠵᠢᠮᠳᠡᠬᠦ ᠬᠡᠪ ᠨᠠᠮᠪᠠ ᠨᠢ | ᠥᠪᠡᠷᠮᠢᠴᠡ ᠪᠠᠶᠢᠳᠠᠭ᠃ | | | | | | | 2019 ᠣᠨ ᠳᠤ ᠰᠡᠩᠭᠡᠷᠢᠨᠴᠢᠨ ᠸᠠᠩ ᠤᠨ ᠣᠷᠳᠣᠨ ᠤ ᠡᠷᠳᠡᠨ ᠤ ᠬᠦᠭᠵᠢᠮ ᠨᠢ ᠵᠢᠷᠭᠤᠳᠤᠭᠠᠷ ᠪᠦᠯᠦᠭ | ᠤᠨ ᠲᠦᠩᠯᠢᠶᠣᠣ ᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ | ᠵᠢᠭᠰᠠᠭᠠᠯᠲᠠ ᠳᠤ ᠣᠷᠣᠵᠠᠢ᠃ | ᠢᠷᠡᠯᠲᠡ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ | |