ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ︵  ᠲᠠᠪᠤ︶
ᠨᠡᠶᠢᠲᠡᠯᠡᠭᠰᠡᠨ ᠴᠠᠭ᠄
2023/10/16
        ᠬᠤᠷᠴᠢᠨ  ᠵᠡᠬᠦᠨ ᠭᠠᠷᠤᠨ ᠬᠤᠶᠢᠳᠤ ᠬᠤᠰᠢᠭᠤᠨ ᠳᠤ ᠱᠤᠩᠬᠤᠷ ᠤᠨ ᠴᠤᠬᠯᠠᠭᠠᠨ᠂ ᠬᠤᠷᠴᠢᠨ ᠤ ᠮᠤᠩᠭᠤᠯ  ᠦᠯᠦᠭᠡᠢ᠂ ᠮᠤᠩᠭᠤᠯ ᠰᠢᠳᠠᠷ᠎ᠠ᠂ ᠮᠤᠷᠢᠨ ᠬᠤᠭᠤᠷ ᠦᠢᠯᠡᠳᠬᠦ ᠤᠷ᠎ᠠ ᠮᠡᠷᠭᠡᠵᠢᠯ᠂ ᠰᠡᠩᠭᠡᠷᠢᠨᠴᠢᠨ ᠸᠠᠩ   ᠤᠨ ᠤᠷᠳᠤᠨ ᠤ ᠡᠷᠳᠡᠨ ᠤ ᠬᠦᠭᠵᠢᠮ᠂ ᠮᠤᠩᠭᠤᠯ ᠦᠨᠳᠦᠰᠦᠳᠡᠨ ᠤ ᠪᠦᠬᠡ᠂ ᠮᠤᠩᠭᠤᠯ  ᠵᠢᠷᠤᠭ᠎ᠠ ᠮᠤᠷᠢ ᠶᠢ ᠳᠠᠰᠬᠠᠨ ᠰᠤᠷᠭᠠᠬᠤ ᠤᠷ᠎ᠠ ᠮᠡᠷᠭᠡᠵᠢᠯ᠂ ᠴᠠᠭᠠᠨ ᠢᠳᠡᠭᠡᠨ ᠦᠢᠯᠡᠳᠴᠦ ᠪᠤᠯᠪᠠᠰᠤᠷᠠᠭᠤᠯᠬᠤ ᠤᠷ᠎ᠠ ᠮᠡᠷᠭᠡᠵᠢᠯ  ᠂ ᠦ᠋  ᠦᠳᠡᠩ ᠪᠠᠶᠢᠭᠠᠭᠠᠯᠢᠭ ᠪᠦᠯᠦᠭ ᠤᠨ ᠨᠢᠢᠮᠠᠨ ᠬᠦᠯᠢᠯ ᠤᠨ ᠨᠢᠳᠤᠷᠭᠠᠨ ᠡᠷᠳᠡᠮ ᠵᠡᠷᠭᠡ  ᠠᠷᠪᠠᠨ ᠲᠤᠯᠤᠭᠠᠨ ᠲᠦᠷᠦᠯ ᠤᠨ ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠪᠠᠶᠢᠵᠦ᠂ ᠠᠭᠤᠯᠭ᠎ᠠ ᠨᠢ ᠤᠯᠠᠮᠵᠢᠯᠠᠯᠳᠤ ᠵᠠᠩ ᠦᠢᠯᠡ᠂ ᠠᠮᠢᠳᠤᠷᠠᠯ ᠤᠨ ᠬᠡᠷᠡᠭᠰᠡᠯ᠂ ᠵᠤᠭ᠎ᠠ ᠴᠡᠩᠭᠡᠯ ᠤᠨ ᠲᠤᠨᠤᠭ ᠲᠦᠬᠦᠭᠡᠷᠦᠮᠵᠢ᠂ ᠪᠡᠶ᠎ᠡ ᠶᠢᠨ ᠲᠠᠮᠢᠷ ᠤᠨ ᠬᠦᠳᠡᠯᠭᠡᠭᠡᠨ ᠪᠠ ᠢᠳᠡᠭᠡᠨ ᠦᠢᠯᠡᠳᠬᠦ ᠵᠡᠷᠭᠡ ᠤᠯᠠᠨ ᠲᠠᠯ᠎ᠠ ᠶᠢ ᠬᠠᠮᠤᠷᠴᠠᠢ᠃ ᠡᠲᠡᠭᠡᠷ ᠪᠣᠳᠠᠰ ᠤᠨ ᠪᠤᠰᠤ ᠰᠣᠶᠣᠯ ᠤᠨ ᠦᠨᠡᠲᠦ ᠡᠷᠳᠡᠨᠢ ᠨᠢ ᠬᠤᠷᠴᠢᠨ   ᠤ ᠠᠷᠠᠳ ᠲᠦᠮᠡᠨ ᠤ ᠠᠮᠢᠳᠤᠷᠠᠯ ᠤᠨ ᠠᠷᠭ᠎ᠠ ᠮᠠᠶ᠋ᠢᠭ ᠪᠠ ᠥᠷᠲᠡᠭ ᠤᠨ ᠦᠵᠡᠯᠲᠡ ᠶᠢ ᠳᠡᠯᠭᠡᠨ ᠦᠵᠡᠭᠦᠯᠵᠦ ᠪᠠᠶᠢᠭ᠎ᠠ ᠪᠥᠭᠡᠳ ᠪᠠᠰᠠ ᠴᠤ ᠳᠤᠮᠳᠠᠳᠤ ᠶᠢᠨ ᠦᠨᠳᠦᠰᠦᠲᠡᠨ ᠤ ᠡᠷᠬᠢᠮ ᠨᠠᠨᠳᠢᠨ ᠣᠶᠤᠨ ᠰᠠᠨᠠᠭᠠᠨ ᠤ ᠥᠪ ᠬᠥᠷᠥᠩᠭᠡ  ᠪᠤᠯᠬᠤ ᠶᠤᠮ  ᠃        ᠮᠣᠩᠭᠤᠯ ᠪᠥᠬᠡ    ᠮᠣᠩᠭᠤᠯ ᠪᠥᠬᠡ ᠨᠢᠬᠡᠨᠳᠡ ᠮᠢᠩᠭᠠᠨ ᠵᠢᠯ ᠤᠨ ᠲᠡᠦᠬᠡ ᠶᠢ ᠦᠩᠭᠡᠷᠡᠬᠦᠯᠵᠥ ᠂ ᠬᠤᠵᠢᠮ ᠨᠢ ᠨᠠᠭᠠᠳᠤᠮ ᠤᠨ ᠬᠤᠷᠠᠯ ᠤᠨ ᠤᠷᠤᠯᠳᠤᠭᠠᠨ ᠵᠤᠭ᠎ᠠ ᠴᠡᠩᠭᠡᠯ ᠤᠨ ᠲᠥᠷᠥᠯ ᠵᠦᠢᠯ ᠪᠤᠯᠦᠨ ᠬᠤᠪᠢᠷᠠᠵᠥ᠂  ᠮᠣᠩᠭᠤᠯ ᠦᠨᠳᠦᠰᠦᠲᠡᠨ ᠤ ︽ᠡᠷ᠎ᠡ ᠶᠢᠨ ᠭᠤᠷᠪᠠᠨ ᠨᠠᠭᠠᠳᠤᠮ︾  ᠬᠡᠵᠥ ᠲᠠᠭᠤᠷᠢᠰᠴᠦ᠂ ᠮᠠᠩᠯᠠᠶᠢᠯᠠᠭᠴᠢ  ᠪᠦᠭᠡᠴᠢᠨ ᠨᠢ ᠶᠡᠷᠦ ᠨᠢ ᠠᠷᠠᠳ ᠣᠯᠠᠨ ᠤ ᠨᠢᠳᠦᠨ  ᠳᠠᠬᠢ ᠪᠠᠭᠠᠳᠤᠷ ᠡᠷ᠎ᠡ ᠬᠡᠮᠡᠨ ᠨᠡᠷᠡᠶᠢᠳᠦᠭᠳᠡᠭᠰᠡᠭᠡᠷ ᠢᠷᠡᠪᠡ  ᠃        ᠮᠣᠩᠭᠤᠯ ᠪᠦᠬᠡ ᠨᠢ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠠᠭᠤᠯᠭ᠎ᠠ ᠪᠠᠷ ᠪᠦᠷᠢᠯᠳᠦᠵᠡᠢ᠄ ᠨᠢᠭᠡ ᠳᠤ ᠬᠤᠪᠴᠠᠰᠤ ᠵᠠᠰᠠᠯ᠄ ᠦᠨᠳᠦᠰᠦᠲᠡᠨ ᠤ ᠥᠪᠡᠷᠮᠢᠴᠡ ᠣᠨᠴᠠᠯᠢᠭ   ᠲᠠᠢ︔ ᠬᠤᠶᠠᠷ ᠲᠤ᠂ ᠤᠷ᠎ᠠ ᠮᠡᠷᠭᠡᠵᠢᠯ᠄ ᠦᠷᠭᠦᠯᠵᠢ ᠬᠡᠷᠡᠭᠯᠡᠳᠡᠭ  ᠪᠠᠷᠢᠬᠤ᠂ ᠲᠠᠲᠠᠬᠤ᠂  ᠴᠢᠩᠭᠠᠭᠠᠬᠤ᠂ ᠲᠦᠯᠬᠢᠬᠦ᠂ ᠳᠠᠷᠤᠬᠤ᠂  ᠬᠠᠰᠢᠬᠤ᠂ ᠭᠤᠬᠠᠳᠠᠬᠤ᠂ ᠢᠰᠭᠦᠯᠬᠦ ᠵᠡᠷᠭᠡ ᠠᠷᠪᠠᠨ ᠬᠡᠳᠦᠨ ᠦᠨᠳᠦᠰᠦᠨ ᠤᠷ᠎ᠠ ᠮᠡᠷᠭᠡᠵᠢᠯ ᠲᠠᠢ︔ ᠭᠤᠷᠪᠠ ᠳᠤ ᠳᠦᠷᠢᠮ᠄ ᠤᠷᠤᠯᠳᠤᠭᠠᠨ ᠳᠤ ᠣᠷᠣᠯᠴᠠᠬᠤ ᠬᠥᠮᠥᠨ ᠤ ᠲᠤᠭ᠎ᠠ ᠨᠢ ᠡᠷᠬᠡᠪᠰᠢ ᠲᠡᠭᠰᠢ ᠲᠤᠭ᠎ᠠ  ᠪᠠᠶᠢᠵᠤ᠂ ᠤᠷᠤᠯᠳᠤᠭᠠᠨ ᠳᠤ ᠦᠷᠦᠭᠡᠰᠦᠨ ᠰᠢᠭᠰᠢᠯᠳᠡ ᠶᠢᠨ ᠳᠦᠷᠢᠮ ᠢ ᠬᠡᠷᠡᠭᠯᠡᠵᠦ᠂ ᠴᠠᠭ᠂ ᠨᠠᠰᠤ᠂ ᠪᠡᠶ᠎ᠡ ᠶᠢᠨ ᠬᠦᠨᠳᠦ ᠶᠢᠨ ᠬᠢᠵᠠᠭᠠᠷᠯᠠᠯ ᠢ ᠬᠦᠯᠢᠶᠡᠬᠦ ᠦᠭᠡᠢ   ᠮᠣᠩᠭᠤᠯ ᠪᠥᠬᠡ ᠨᠢ ᠲᠠᠯ᠎ᠠ ᠨᠤᠲᠤᠭ ᠤᠨ ᠰᠣᠶᠣᠯ ᠤᠨ ᠣᠨᠴᠠᠯᠢᠭ ᠢ ᠢᠯᠡᠷᠡᠭᠦᠯᠵᠦ᠂ ᠲᠡᠷᠡ ᠨᠢ ᠨᠢᠭᠡᠨᠲᠡ ᠮᠣᠩᠭᠤᠯ ᠦᠨᠳᠦᠰᠦᠲᠡᠨ ᠤ ᠲᠡᠦᠬᠡ ᠶᠢᠨ ᠳᠤᠷᠠᠰᠤᠮᠵᠢ᠂ ᠠᠮᠢᠳᠤᠷᠠᠯ ᠤᠨ ᠬᠠᠨᠢ᠂ ᠰᠣᠶᠣᠯ ᠤᠨ ᠪᠡᠯᠭᠡ ᠲᠡᠮᠳᠡᠭ ᠪᠣᠯᠤᠭᠰᠠᠨ ᠪᠠᠶᠢᠨ᠎ᠠ᠃ ᠣᠲᠣ ᠦᠶ᠎ᠡ ᠶᠢᠨ ᠨᠡᠶᠢᠭᠡᠮ ᠳᠤ ᠤᠷᠤᠭᠰᠠᠨ ᠤ ᠳᠠᠷᠠᠭ᠎ᠠ᠂ ᠮᠣᠩᠭᠤᠯ ᠦᠨᠳᠦᠰᠦᠲᠡᠨ ᠤ ᠪᠥᠬᠡ ᠨᠠᠩ ᠥᠷᠭᠡᠨ ᠳᠡᠯᠭᠡᠷ ᠣᠯᠠᠨ ᠲᠦᠮᠡᠨᠴᠢ ᠰᠠᠭᠤᠷᠢ ᠲᠠᠢ ᠪᠣᠯᠵᠣ᠂ ᠢᠯᠡ ᠲᠣᠳᠣ ᠦᠨᠳᠦᠰᠦᠲᠡᠨ ᠤ ᠣᠨᠴᠠᠯᠢᠭ ᠲᠠᠢ ᠣᠯᠠᠨ ᠲᠦᠮᠡᠨᠴᠢ ᠴᠢᠨᠠᠷᠲᠠᠶ ᠤᠷᠤᠯᠳᠤᠭᠠᠨ ᠤ ᠪᠡᠶ᠎ᠡ ᠶᠢᠨ ᠲᠠᠮᠢᠷ ᠤᠨ ᠲᠥᠷᠥᠯ ᠵᠦᠢᠯ ᠪᠤᠯᠪᠠ  ᠃
     2019 ᠣᠨ ᠳᠤ  ᠮᠤᠩᠭᠤᠯ ᠪᠥᠬᠡ   ᠨᠢ ᠵᠢᠷᠭᠤᠳᠤᠭᠠᠷ ᠪᠦᠯᠦᠭ ᠲᠦᠩᠯᠢᠶᠣᠣ ᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠵᠠᠢ᠃     ᠢᠷᠡᠯᠲᠡ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号