ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ︵ᠵᠢᠷᠭᠤᠭ᠎ᠠ︶
ᠨᠡᠶᠢᠲᠡᠯᠡᠭᠰᠡᠨ ᠴᠠᠭ᠄
2023/10/16
        ᠬᠤᠷᠴᠢᠨ  ᠵᠡᠬᠦᠨ ᠭᠠᠷᠤᠨ ᠬᠤᠶᠢᠳᠤ ᠬᠤᠰᠢᠭᠤᠨ ᠳᠤ ᠱᠤᠩᠬᠤᠷ ᠤᠨ ᠴᠤᠬᠯᠠᠭᠠᠨ᠂ ᠬᠤᠷᠴᠢᠨ ᠤ ᠮᠤᠩᠭᠤᠯ  ᠦᠯᠦᠭᠡᠢ᠂ ᠮᠤᠩᠭᠤᠯ ᠰᠢᠳᠠᠷ᠎ᠠ᠂ ᠮᠤᠷᠢᠨ ᠬᠤᠭᠤᠷ ᠦᠢᠯᠡᠳᠬᠦ ᠤᠷ᠎ᠠ ᠮᠡᠷᠭᠡᠵᠢᠯ᠂ ᠰᠡᠩᠭᠡᠷᠢᠨᠴᠢᠨ ᠸᠠᠩ   ᠤᠨ ᠤᠷᠳᠤᠨ ᠤ ᠡᠷᠳᠡᠨ ᠤ ᠬᠦᠭᠵᠢᠮ᠂ ᠮᠤᠩᠭᠤᠯ ᠦᠨᠳᠦᠰᠦᠳᠡᠨ ᠤ ᠪᠦᠬᠡ᠂ ᠮᠤᠩᠭᠤᠯ  ᠵᠢᠷᠤᠭ᠎ᠠ ᠮᠤᠷᠢ ᠶᠢ ᠳᠠᠰᠬᠠᠨ ᠰᠤᠷᠭᠠᠬᠤ ᠤᠷ᠎ᠠ ᠮᠡᠷᠭᠡᠵᠢᠯ᠂ ᠴᠠᠭᠠᠨ ᠢᠳᠡᠭᠡᠨ ᠦᠢᠯᠡᠳᠴᠦ ᠪᠤᠯᠪᠠᠰᠤᠷᠠᠭᠤᠯᠬᠤ ᠤᠷ᠎ᠠ ᠮᠡᠷᠭᠡᠵᠢᠯ  ᠂  ᠦᠳᠡᠩ ᠪᠠᠶᠢᠭᠠᠭᠠᠯᠢᠭ ᠪᠦᠯᠦᠭ ᠤᠨ ᠨᠢᠢᠮᠠᠨ ᠬᠦᠯᠢᠯ ᠤᠨ ᠨᠢᠳᠤᠷᠭᠠᠨ ᠡᠷᠳᠡᠮ ᠵᠡᠷᠭᠡ  ᠠᠷᠪᠠᠨ ᠲᠤᠯᠤᠭᠠᠨ ᠲᠦᠷᠦᠯ ᠤᠨ ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠪᠠᠶᠢᠵᠦ᠂ ᠠᠭᠤᠯᠭ᠎ᠠ ᠨᠢ ᠤᠯᠠᠮᠵᠢᠯᠠᠯᠳᠤ ᠵᠠᠩ ᠦᠢᠯᠡ᠂ ᠠᠮᠢᠳᠤᠷᠠᠯ ᠤᠨ ᠬᠡᠷᠡᠭᠰᠡᠯ᠂ ᠵᠤᠭ᠎ᠠ ᠴᠡᠩᠭᠡᠯ ᠤᠨ ᠲᠤᠨᠤᠭ ᠲᠦᠬᠦᠭᠡᠷᠦᠮᠵᠢ᠂ ᠪᠡᠶ᠎ᠡ ᠶᠢᠨ ᠲᠠᠮᠢᠷ ᠤᠨ ᠬᠦᠳᠡᠯᠭᠡᠭᠡᠨ ᠪᠠ ᠢᠳᠡᠭᠡᠨ ᠦᠢᠯᠡᠳᠬᠦ ᠵᠡᠷᠭᠡ ᠤᠯᠠᠨ ᠲᠠᠯ᠎ᠠ ᠶᠢ ᠬᠠᠮᠤᠷᠴᠠᠢ᠃ ᠡᠲᠡᠭᠡᠷ ᠪᠣᠳᠠᠰ ᠤᠨ ᠪᠤᠰᠤ ᠰᠣᠶᠣᠯ ᠤᠨ ᠦᠨᠡᠲᠦ ᠡᠷᠳᠡᠨᠢ ᠨᠢ ᠬᠤᠷᠴᠢᠨ   ᠤ ᠠᠷᠠᠳ ᠲᠦᠮᠡᠨ ᠤ ᠠᠮᠢᠳᠤᠷᠠᠯ ᠤᠨ ᠠᠷᠭ᠎ᠠ ᠮᠠᠶ᠋ᠢᠭ ᠪᠠ ᠥᠷᠲᠡᠭ ᠤᠨ ᠦᠵᠡᠯᠲᠡ ᠶᠢ ᠳᠡᠯᠭᠡᠨ ᠦᠵᠡᠭᠦᠯᠵᠦ ᠪᠠᠶᠢᠭ᠎ᠠ ᠪᠥᠭᠡᠳ ᠪᠠᠰᠠ ᠴᠤ ᠳᠤᠮᠳᠠᠳᠤ ᠶᠢᠨ ᠦᠨᠳᠦᠰᠦᠲᠡᠨ ᠤ ᠡᠷᠬᠢᠮ ᠨᠠᠨᠳᠢᠨ ᠣᠶᠤᠨ ᠰᠠᠨᠠᠭᠠᠨ ᠤ ᠥᠪ ᠬᠥᠷᠥᠩᠭᠡ  ᠪᠤᠯᠬᠤ ᠶᠤᠮ  ᠃      ᠮᠣᠩᠭᠤᠯ ᠦᠨᠳᠦᠰᠦᠲᠡᠨ ᠤ ᠮᠣᠷᠢ  ᠲᠠᠰᠬᠠᠬᠤ ᠮᠡᠷᠭᠡᠵᠢᠯ     ᠶᠠᠭᠤ ᠶᠢ ᠵᠢᠷᠤᠭ᠎ᠠ ᠮᠣᠷᠢ ᠭᠡᠬᠦ ᠪᠤᠢ︖ ᠮᠣᠷᠢ ᠶᠢ ᠤᠨᠤᠵᠤ ᠪᠠᠶᠢᠬᠤ ᠦᠶ᠎ᠡ ᠶᠢᠨ ᠠᠯᠬᠤᠳᠠᠯ ᠨᠢ ︽ᠬᠠᠵᠠᠭᠤ   ᠶᠢᠨ ᠲᠡᠭᠰᠢ ᠠᠯᠬᠤᠳᠠᠯ︾   ᠲᠠᠢ ᠪᠠᠶᠢᠬᠤ ᠶᠢ ᠵᠢᠷᠤᠭ᠎ᠠ ᠮᠤᠷᠢ ᠭᠡᠳᠡᠭ᠃  ︽ᠬᠠᠵᠠᠭᠤ   ᠶᠢᠨ ᠲᠡᠭᠰᠢ ᠠᠯᠬᠤᠳᠠᠯ︾  ᠭᠡᠳᠡᠭ ᠨᠢ  ᠮᠤᠷᠢᠨ ᠤ ᠨᠢᠭᠡ ᠬᠠᠵᠠᠭᠤ ᠶᠢᠨ ᠬᠤᠶᠢᠳᠤ ᠤᠷᠢᠳᠤ ᠬᠤᠶᠠᠷ ᠬᠦᠯ ᠨᠢ ᠢᠵᠢᠯᠢ ᠴᠠᠭ ᠲᠤ ᠢᠵᠢᠯᠢ ᠠᠯᠬᠤᠮ ᠪᠠᠷ ᠲᠤᠰᠴᠦ  ᠂ ᠵᠡᠬᠦᠨ ᠪᠠᠷᠠᠭᠤᠨ ᠬᠦᠯ ᠨᠢ  ᠰᠤᠯᠢᠪᠴᠢᠨ ᠬᠦᠶᠦᠬᠦ ᠪᠠᠶᠢᠳᠠᠯ ᠢ ᠵᠢᠭᠠᠵᠥ ᠪᠤᠢ᠃      ᠡᠬᠢᠯᠡᠵᠦ ᠲᠠᠰᠬᠠᠬᠤ ᠦᠶ᠎ᠡ ᠳᠤ ᠤᠷᠢᠳ ᠢᠶᠠᠷ ᠮᠤᠷᠢ ᠶᠢ ᠨᠤᠬᠳᠤᠯᠠᠵᠥ ᠬᠦᠳᠦᠯᠵᠥ ᠶᠠᠪᠤᠳᠠᠭ᠂ ᠮᠤᠷᠢ ᠠᠭᠠᠵᠢᠮ  ᠢᠶᠠᠷ ᠡᠬᠢᠯᠡᠵᠥ  ᠲᠠᠳᠤᠬᠰᠠᠨ ᠤ ᠲᠠᠷᠠᠭ᠎ᠠ ᠮᠤᠷᠢ ᠶᠢ ᠤᠨᠤᠵᠥ ᠰᠤᠷᠭᠠᠨ᠎ᠠ᠃   ᠰᠤᠷᠭᠠᠬᠤ ᠦᠶ᠎ᠡ ᠳᠤ ᠤᠨᠤᠭᠠᠴᠢᠨ ᠡᠮᠡᠭᠡᠯ ᠤᠨ ᠬᠤᠶᠢᠲᠤ ᠬᠡᠰᠡᠭ ᠲᠤ ᠰᠠᠭᠤᠵᠤ᠂  ᠪᠡᠶ᠎ᠡ   ᠶᠢᠨ ᠬᠦᠨᠳᠦ ᠶᠢᠨ ᠲᠦᠪ ᠢ ᠠᠷᠤᠨᠰᠢ ᠰᠢᠯᠵᠢᠭᠦᠯᠦᠨ᠂ ᠪᠠᠶ᠎ᠠ  ᠪᠠᠨ ᠬᠠᠵᠠᠭᠤᠯᠠᠵᠥ ᠮᠤᠷᠢᠨ ᠳᠤ ᠲᠠᠷᠤᠯᠳᠠ ᠦᠭᠴᠦ  ᠪᠠᠶᠢᠭᠠᠳ ᠬᠠᠵᠠᠭᠤ ᠶᠢᠨ ᠲᠡᠭᠰᠢ ᠠᠯᠬᠤᠳᠠᠯ ᠪᠠᠷ ᠶᠠᠪᠤᠬᠤ ᠶᠢ ᠠᠯᠪᠠᠳᠠᠳᠠᠭ᠃  ᠵᠢᠷᠤᠭ᠎ᠠ ᠮᠣᠷᠢᠨ ᠤ ᠪᠣᠯᠪᠠᠰᠤᠷᠠᠯ ᠪᠠ ᠤᠷᠤᠯᠳᠤᠭᠠᠨ ᠳᠤ ᠲᠡᠵᠢᠭᠡᠯ ᠪᠣᠷᠳᠤᠭ᠎ᠠ ᠬᠠᠩᠭᠠᠬᠤ ᠨᠢ ᠴᠤ ᠮᠠᠰᠢ ᠴᠢᠬᠤᠯᠠ ᠪᠠᠶᠢᠳᠠᠭ᠃ ᠲᠡᠵᠢᠭᠡᠯ ᠡᠪᠡᠰᠦ ᠶᠢ ᠭᠠᠷᠭᠠᠪᠠᠯ᠂ ᠠᠳᠠᠯᠢ ᠪᠤᠰᠤ ᠱᠠᠲᠤ ᠦᠶ᠎ᠡ ᠠᠳᠠᠯᠢ ᠪᠤᠰᠤ ᠤᠯᠠᠷᠢᠯ ᠳᠤ ᠵᠣᠬᠢᠬᠤ ᠬᠠᠷᠢᠴᠠᠯ ᠢᠶᠠᠷ ᠬᠤᠯᠢᠮᠠᠭ ᠠᠮᠤ  ᠦᠭᠴᠦ  ᠪᠠᠰᠠ ᠣᠯᠠᠨ ᠵᠦᠢᠯ ᠤᠨ ᠰᠢᠮ᠎ᠡ ᠲᠡᠵᠢᠭᠡᠯᠲᠦ ᠢᠳᠡᠭᠡᠨ ᠢ ᠨᠡᠮᠡᠬᠦ ᠬᠡᠷᠡᠭᠲᠡᠢ᠃  
     2019 ᠣᠨ ᠳᠤ᠂ ᠮᠣᠩᠭᠤᠯ ᠦᠨᠳᠦᠰᠦᠲᠡᠨ ᠤ ᠵᠢᠷᠭᠤᠲᠤᠭᠠᠷ ᠪᠦᠯᠦᠭ ᠤᠨ ᠲᠦᠩᠯᠢᠶᠣᠤ ᠬᠤᠲᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠪᠠ᠃             ᠢᠷᠡᠯᠲᠡ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号