| | ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠳᠤ ᠱᠤᠩᠬᠤᠷ ᠤᠨ ᠴᠤᠬᠯᠠᠭᠠᠨ᠂ ᠬᠤᠷᠴᠢᠨ ᠤ ᠮᠤᠩᠭᠤᠯ | ᠦᠯᠦᠭᠡᠢ᠂ ᠮᠤᠩᠭᠤᠯ ᠰᠢᠳᠠᠷ᠎ᠠ᠂ ᠮᠤᠷᠢᠨ ᠬᠤᠭᠤᠷ ᠦᠢᠯᠡᠳᠬᠦ ᠤᠷ᠎ᠠ ᠮᠡᠷᠭᠡᠵᠢᠯ᠂ ᠰᠡᠩᠭᠡᠷᠢᠨᠴᠢᠨ ᠸᠠᠩ ᠤᠨ | ᠤᠷᠳᠤᠨ ᠤ ᠡᠷᠳᠡᠨ ᠤ ᠬᠦᠭᠵᠢᠮ᠂ ᠮᠤᠩᠭᠤᠯ ᠦᠨᠳᠦᠰᠦᠳᠡᠨ ᠤ ᠪᠦᠬᠡ᠂ ᠮᠤᠩᠭᠤᠯ ᠵᠢᠷᠤᠭ᠎ᠠ ᠮᠤᠷᠢ ᠶᠢ ᠳᠠᠰᠬᠠᠨ | ᠰᠤᠷᠭᠠᠬᠤ ᠤᠷ᠎ᠠ ᠮᠡᠷᠭᠡᠵᠢᠯ᠂ ᠴᠠᠭᠠᠨ ᠢᠳᠡᠭᠡᠨ ᠦᠢᠯᠡᠳᠴᠦ ᠪᠤᠯᠪᠠᠰᠤᠷᠠᠭᠤᠯᠬᠤ ᠤᠷ᠎ᠠ ᠮᠡᠷᠭᠡᠵᠢᠯ ᠂ ᠦᠳᠡᠩ | ᠪᠠᠶᠢᠭᠠᠭᠠᠯᠢᠭ ᠪᠦᠯᠦᠭ ᠤᠨ ᠨᠢᠢᠮᠠᠨ ᠬᠦᠯᠢᠯ ᠤᠨ ᠨᠢᠳᠤᠷᠭᠠᠨ ᠡᠷᠳᠡᠮ ᠵᠡᠷᠭᠡ ᠠᠷᠪᠠᠨ ᠲᠤᠯᠤᠭᠠᠨ ᠲᠦᠷᠦᠯ ᠤᠨ | ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠪᠠᠶᠢᠵᠦ᠂ ᠠᠭᠤᠯᠭ᠎ᠠ ᠨᠢ | ᠤᠯᠠᠮᠵᠢᠯᠠᠯᠳᠤ ᠵᠠᠩ ᠦᠢᠯᠡ᠂ ᠠᠮᠢᠳᠤᠷᠠᠯ ᠤᠨ ᠬᠡᠷᠡᠭᠰᠡᠯ᠂ ᠵᠤᠭ᠎ᠠ ᠴᠡᠩᠭᠡᠯ ᠤᠨ ᠲᠤᠨᠤᠭ ᠲᠦᠬᠦᠭᠡᠷᠦᠮᠵᠢ᠂ | ᠪᠡᠶ᠎ᠡ ᠶᠢᠨ ᠲᠠᠮᠢᠷ ᠤᠨ ᠬᠦᠳᠡᠯᠭᠡᠭᠡᠨ ᠪᠠ ᠢᠳᠡᠭᠡᠨ ᠦᠢᠯᠡᠳᠬᠦ ᠵᠡᠷᠭᠡ ᠤᠯᠠᠨ ᠲᠠᠯ᠎ᠠ ᠶᠢ ᠬᠠᠮᠤᠷᠴᠠᠢ᠃ ᠡᠲᠡᠭᠡᠷ | ᠪᠣᠳᠠᠰ ᠤᠨ ᠪᠤᠰᠤ ᠰᠣᠶᠣᠯ ᠤᠨ ᠦᠨᠡᠲᠦ ᠡᠷᠳᠡᠨᠢ ᠨᠢ ᠬᠤᠷᠴᠢᠨ ᠤ ᠠᠷᠠᠳ ᠲᠦᠮᠡᠨ ᠤ ᠠᠮᠢᠳᠤᠷᠠᠯ ᠤᠨ ᠠᠷᠭ᠎ᠠ | ᠮᠠᠶ᠋ᠢᠭ ᠪᠠ ᠥᠷᠲᠡᠭ ᠤᠨ ᠦᠵᠡᠯᠲᠡ ᠶᠢ ᠳᠡᠯᠭᠡᠨ ᠦᠵᠡᠭᠦᠯᠵᠦ ᠪᠠᠶᠢᠭ᠎ᠠ ᠪᠥᠭᠡᠳ ᠪᠠᠰᠠ ᠴᠤ ᠳᠤᠮᠳᠠᠳᠤ ᠶᠢᠨ | ᠦᠨᠳᠦᠰᠦᠲᠡᠨ ᠤ ᠡᠷᠬᠢᠮ ᠨᠠᠨᠳᠢᠨ ᠣᠶᠤᠨ ᠰᠠᠨᠠᠭᠠᠨ ᠤ ᠥᠪ ᠬᠥᠷᠥᠩᠭᠡ ᠪᠤᠯᠬᠤ ᠶᠤᠮ ᠃ | | | | | | ᠴᠠᠭᠠᠨ ᠢᠳᠡᠬᠡᠨ ᠦᠢᠯᠡᠳᠬᠦ ᠮᠡᠷᠭᠡᠵᠢᠯ | ᠴᠠᠭᠠᠨ ᠢᠳᠡᠭᠡᠨ ᠪᠤᠯ ᠮᠣᠩᠭᠤᠯ ᠦᠨᠳᠦᠰᠦᠲᠡᠨ ᠤ ᠰᠦᠨ ᠢᠳᠡᠭᠡᠨ ᠪᠤᠯᠤᠨ᠎ᠠ᠃ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠣᠨᠴᠠᠯᠢᠭ ᠠᠴᠠ ᠪᠣᠯᠵᠤ᠂ ᠲᠥᠷᠥᠯ ᠵᠦᠢᠯ ᠢᠶᠠᠷ ᠪᠠᠶᠠᠯᠢᠭ᠂ ᠤᠷ᠎ᠠ ᠮᠡᠷᠭᠡᠵᠢᠯ ᠨᠢ ᠥᠪᠡᠷᠮᠢᠴᠡ | ᠂ ᠦᠨᠦᠷ ᠠᠮᠲᠠ ᠨᠢ ᠰᠣᠷᠭᠤᠭ᠂ ᠰᠢᠮ᠎ᠡ ᠲᠡᠵᠢᠭᠡᠯ ᠢᠶᠠᠷ ᠡᠯᠪᠡᠭ ᠴᠠᠭᠠᠨ ᠢᠳᠡᠭᠡ ᠪᠣᠯᠣᠭᠰᠠᠨ ᠪᠠᠶᠢᠨ᠎ᠠ᠃ ᠭᠤᠣᠯ ᠨᠢ | ᠲᠤᠬᠠᠢ ᠶᠢᠨ ᠭᠠᠵᠠᠷ ᠲᠤ ᠯᠠ ᠪᠠᠶᠢᠳᠠᠭ ᠦᠨᠢᠶᠡᠨ ᠰᠦ ᠪᠠᠷ ᠦᠢᠯᠡᠳᠪᠦᠷᠢᠯᠡᠭᠰᠡᠨ ᠪᠠᠶᠢᠳᠠᠭ᠃ ᠴᠠᠭᠠᠨ ᠢᠳᠡᠭᠡᠨ ᠨᠢ | ᠮᠣᠩᠭᠤᠯ ᠦᠨᠳᠦᠰᠦᠲᠡᠨ ᠤ ᠢᠳᠡᠭᠡᠨ ᠤᠮᠳᠠᠭᠠᠨ ᠤ ᠪᠦᠲᠦᠴᠡ ᠳᠤ ᠴᠢᠬᠤᠯᠠ ᠪᠠᠶᠢᠷᠢ ᠰᠠᠭᠤᠷᠢ ᠶᠢ ᠡᠵᠡᠯᠡᠵᠦ | ᠪᠠᠶᠢᠳᠠᠭ᠂ ᠡᠨᠡ ᠪᠣᠯ ᠦᠨᠳᠦᠰᠦᠲᠡᠨ ᠤ ᠣᠨᠴᠠᠯᠢᠭ ᠪᠠ ᠣᠷᠣᠨ ᠨᠤᠲᠤᠭ ᠤᠨ ᠣᠨᠴᠠᠯᠢᠭ ᠪᠦᠬᠦᠢ ᠢᠳᠡᠭᠡᠨ ᠪᠣᠯᠤᠨ᠎ᠠ | ᠃ | ᠴᠠᠭᠠᠨ ᠢᠳᠡᠬᠡᠨ ᠤ ᠲᠦᠷᠦᠯ ᠵᠦᠢᠯ ᠳᠤ ᠬᠤᠷᠤᠳ᠂ ᠬᠠᠳᠠᠭᠠᠭᠰᠠᠨ ᠥᠷᠥᠮ᠎ᠡ᠂ ᠨᠤᠶᠢᠳᠠᠨ ᠦᠷᠦᠮ᠎ᠡ ᠂ | ᠰᠢᠷ᠎ᠠ ᠲᠣᠰᠣ᠂ ᠪᠢᠰᠢᠯᠠᠭ᠂ ᠵᠦᠭᠡᠭᠡᠢ ᠵᠡᠷᠭᠡ ᠪᠠᠶᠢᠳᠠᠭ᠃ | ᠲᠡᠳᠡᠭᠡᠷ ᠨᠢ ᠪᠠᠰᠠ ᠮᠠᠰᠢ ᠤᠯᠠᠨ ᠢᠳᠡᠭᠡᠨ ᠤ ᠵᠠᠰᠠᠯᠳᠠ ᠶᠢᠨ ᠦᠢᠯᠡᠳᠦᠯ ᠲᠠᠢ ᠪᠠᠶᠢᠳᠠᠭ᠄ ᠬᠤᠷᠤᠳ ᠨᠢ | ᠢᠳᠡᠰᠢ ᠶᠢ ᠰᠢᠩᠭᠡᠭᠡᠵᠥ ᠬᠤᠳᠣᠭᠤᠳᠣ ᠪᠠᠨ ᠰᠠᠶᠢᠵᠢᠷᠠᠭᠤᠯᠵᠥ ᠰᠤᠳᠠᠯ ᠬᠡᠢ ᠶᠢ ᠨᠡᠪᠳᠡᠷᠡᠬᠦᠯᠳᠡᠭ ᠂ ᠬᠠᠳᠠᠭᠠᠭᠰᠠᠨ | ᠦᠷᠦᠮ᠎ᠡ ᠨᠢ ᠵᠢᠷᠦᠬᠡ ᠶᠢ ᠴᠢᠬᠢᠷᠠᠬᠵᠢᠭᠤᠯᠵᠥ ᠠᠭᠤᠰᠬᠢ ᠶᠢ ᠠᠷᠢᠭᠤᠳᠬᠠᠨ᠂ ᠬᠠᠨᠢᠶᠠᠳᠦ ᠶᠢ ᠰᠡᠷᠭᠡᠶᠢᠯᠡᠨ᠎ᠡ︔ | ᠰᠢᠷ᠎ᠠ ᠲᠤᠰᠤ ᠨᠢ ᠲᠠᠶᠢᠪᠤᠰᠢᠷᠠᠭᠤᠯᠵᠥ᠂ ᠠᠭᠤᠰᠬᠢ ᠶᠢ ᠵᠦᠭᠡᠯᠡᠷᠡᠬᠦᠯᠵᠥ ᠰᠤᠳᠠᠯ ᠢ ᠨᠡᠪᠳᠡᠷᠡᠬᠦᠯᠳᠡᠭ︔ ᠪᠢᠰᠢᠯᠠᠭ | ᠨᠢ ᠭᠡᠦᠬᠡᠳ ᠤᠨ ᠢᠳᠡᠭᠡᠨ ᠬᠤᠷᠠᠭᠰᠠᠨ᠂ ᠺᠠᠯᠽᠢ ᠨᠦᠬᠦᠵᠥ ᠬᠤᠳᠤᠭᠤᠳᠤ ᠶᠢ ᠰᠠᠶᠢᠵᠢᠷᠠᠭᠤᠯᠤᠨ᠎ᠠ︔ ᠵᠦᠭᠡᠭᠡᠢ | ᠨᠢ ᠬᠤᠤᠷ ᠢ ᠲᠠᠶᠢᠯᠵᠥ᠂ ᠬᠠᠯᠠᠭᠤᠨ ᠢ ᠠᠷᠢᠯᠭᠠᠨ᠂ ᠦᠷᠪᠢᠰᠦᠯ ᠢ ᠲᠠᠷᠤᠬᠤ ᠦᠢᠯᠡᠳᠦᠯ ᠲᠠᠢ ᠪᠠᠶᠢᠳᠠᠭ᠃ | 2021 ᠣᠨ ᠳᠤ᠂ ᠴᠠᠭᠠᠨ ᠢᠳᠡᠬᠡᠨ ᠡᠳ᠋ᠰᠢᠭᠦᠯᠦᠨ ᠦᠢᠯᠡᠳᠬᠦ ᠤᠷ᠎ᠠ ᠮᠡᠷᠭᠡᠵᠢᠯ ᠨᠢ ᠳᠣᠯᠣᠳᠤᠭᠠᠷ | ᠪᠦᠯᠦᠭ ᠤᠨ ᠲᠦᠩᠯᠢᠶᠣᠤ ᠬᠤᠳᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ | ᠨᠡᠷᠡᠰ ᠤᠨ ᠵᠢᠭᠰᠠᠭᠠᠯᠲᠠ ᠳᠤ ᠵᠢᠬᠰᠠᠭᠠᠬᠳᠠᠪᠠ ᠃ | ᠢᠷᠡᠯᠲᠡ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ | |