ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ︵  ᠨᠢᠢᠮᠠ︶
ᠨᠡᠶᠢᠲᠡᠯᠡᠭᠰᠡᠨ ᠴᠠᠭ᠄
2023/10/17
        ᠬᠤᠷᠴᠢᠨ  ᠵᠡᠬᠦᠨ ᠭᠠᠷᠤᠨ ᠬᠤᠶᠢᠳᠤ ᠬᠤᠰᠢᠭᠤᠨ ᠳᠤ ᠱᠤᠩᠬᠤᠷ ᠤᠨ ᠴᠤᠬᠯᠠᠭᠠᠨ᠂ ᠬᠤᠷᠴᠢᠨ ᠤ ᠮᠤᠩᠭᠤᠯ  ᠦᠯᠦᠭᠡᠢ᠂ ᠮᠤᠩᠭᠤᠯ ᠰᠢᠳᠠᠷ᠎ᠠ᠂ ᠮᠤᠷᠢᠨ ᠬᠤᠭᠤᠷ ᠦᠢᠯᠡᠳᠬᠦ ᠤᠷ᠎ᠠ ᠮᠡᠷᠭᠡᠵᠢᠯ᠂ ᠰᠡᠩᠭᠡᠷᠢᠨᠴᠢᠨ ᠸᠠᠩ   ᠤᠨ ᠤᠷᠳᠤᠨ ᠤ ᠡᠷᠳᠡᠨ ᠤ ᠬᠦᠭᠵᠢᠮ᠂ ᠮᠤᠩᠭᠤᠯ ᠦᠨᠳᠦᠰᠦᠳᠡᠨ ᠤ ᠪᠦᠬᠡ᠂ ᠮᠤᠩᠭᠤᠯ  ᠵᠢᠷᠤᠭ᠎ᠠ ᠮᠤᠷᠢ ᠶᠢ ᠳᠠᠰᠬᠠᠨ ᠰᠤᠷᠭᠠᠬᠤ ᠤᠷ᠎ᠠ ᠮᠡᠷᠭᠡᠵᠢᠯ᠂ ᠴᠠᠭᠠᠨ ᠢᠳᠡᠭᠡᠨ ᠦᠢᠯᠡᠳᠴᠦ ᠪᠤᠯᠪᠠᠰᠤᠷᠠᠭᠤᠯᠬᠤ ᠤᠷ᠎ᠠ ᠮᠡᠷᠭᠡᠵᠢᠯ  ᠂  ᠦᠳᠡᠩ ᠪᠠᠶᠢᠭᠠᠭᠠᠯᠢᠭ ᠪᠦᠯᠦᠭ ᠤᠨ ᠨᠢᠢᠮᠠᠨ ᠬᠦᠯᠢᠯ ᠤᠨ ᠨᠢᠳᠤᠷᠭᠠᠨ ᠡᠷᠳᠡᠮ ᠵᠡᠷᠭᠡ  ᠠᠷᠪᠠᠨ ᠲᠤᠯᠤᠭᠠᠨ ᠲᠦᠷᠦᠯ ᠤᠨ ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠪᠠᠶᠢᠵᠦ᠂ ᠠᠭᠤᠯᠭ᠎ᠠ ᠨᠢ ᠤᠯᠠᠮᠵᠢᠯᠠᠯᠳᠤ ᠵᠠᠩ ᠦᠢᠯᠡ᠂ ᠠᠮᠢᠳᠤᠷᠠᠯ ᠤᠨ ᠬᠡᠷᠡᠭᠰᠡᠯ᠂ ᠵᠤᠭ᠎ᠠ ᠴᠡᠩᠭᠡᠯ ᠤᠨ ᠲᠤᠨᠤᠭ ᠲᠦᠬᠦᠭᠡᠷᠦᠮᠵᠢ᠂ ᠪᠡᠶ᠎ᠡ ᠶᠢᠨ ᠲᠠᠮᠢᠷ ᠤᠨ ᠬᠦᠳᠡᠯᠭᠡᠭᠡᠨ ᠪᠠ ᠢᠳᠡᠭᠡᠨ ᠦᠢᠯᠡᠳᠬᠦ ᠵᠡᠷᠭᠡ ᠤᠯᠠᠨ ᠲᠠᠯ᠎ᠠ ᠶᠢ ᠬᠠᠮᠤᠷᠴᠠᠢ᠃ ᠡᠲᠡᠭᠡᠷ ᠪᠣᠳᠠᠰ ᠤᠨ ᠪᠤᠰᠤ ᠰᠣᠶᠣᠯ ᠤᠨ ᠦᠨᠡᠲᠦ ᠡᠷᠳᠡᠨᠢ ᠨᠢ ᠬᠤᠷᠴᠢᠨ   ᠤ ᠠᠷᠠᠳ ᠲᠦᠮᠡᠨ ᠤ ᠠᠮᠢᠳᠤᠷᠠᠯ ᠤᠨ ᠠᠷᠭ᠎ᠠ ᠮᠠᠶ᠋ᠢᠭ ᠪᠠ ᠥᠷᠲᠡᠭ ᠤᠨ ᠦᠵᠡᠯᠲᠡ ᠶᠢ ᠳᠡᠯᠭᠡᠨ ᠦᠵᠡᠭᠦᠯᠵᠦ ᠪᠠᠶᠢᠭ᠎ᠠ ᠪᠥᠭᠡᠳ ᠪᠠᠰᠠ ᠴᠤ ᠳᠤᠮᠳᠠᠳᠤ ᠶᠢᠨ ᠦᠨᠳᠦᠰᠦᠲᠡᠨ ᠤ ᠡᠷᠬᠢᠮ ᠨᠠᠨᠳᠢᠨ ᠣᠶᠤᠨ ᠰᠠᠨᠠᠭᠠᠨ ᠤ ᠥᠪ ᠬᠥᠷᠥᠩᠭᠡ  ᠪᠤᠯᠬᠤ ᠶᠤᠮ  ᠃
  ᠦ᠋ ᠳ᠋ᠠᠩ ᠪᠠᠶᠢᠭᠠᠭᠠᠯᠢᠭ ᠪᠦᠯᠦᠭ ᠤᠨ ᠨᠢᠢᠮᠠᠨ ᠬᠦᠯᠢᠯ ᠤᠨ ᠠᠯᠠᠭ᠎ᠠ ᠶᠢᠨ ᠡᠷᠳᠡᠮ     ᠦ᠋ ᠳ᠋ᠠᠩ ᠪᠠᠶᠢᠭᠠᠭᠠᠯᠢᠭ ᠪᠦᠯᠦᠭ ᠤᠨ ᠨᠢᠢᠮᠠᠨ ᠬᠦᠯᠢᠯ ᠤᠨ ᠠᠯᠠᠭ᠎ᠠ ᠶᠢᠨ ᠡᠷᠳᠡᠮ ᠪᠤᠯ ᠰᠥᠩ ᠤᠯᠤᠰ ᠶᠤᠸᠠᠨ ᠤᠯᠤᠰ ᠤᠨ ᠦᠶ᠎ᠡ ᠶᠢᠨ ᠨᠢᠭᠡᠳᠦᠭᠡᠷ ᠦᠶ᠎ᠡ ᠶᠢᠨ  ᠡᠷᠳᠡᠮ ᠤᠨ ᠪᠠᠭᠰᠢ᠂ ᠡᠦ ᠳ᠋ᠠᠩ  ᠪᠦᠯᠦᠭ ᠤᠨ  ᠠᠭᠤᠯᠠ ᠨᠡᠭᠡᠭᠡᠭᠰᠡᠨ ᠡᠪᠦᠭᠡᠨ ᠪᠠᠭᠰᠢ ᠵᠠᠩ ᠰᠠᠨ ᠹᠧᠩ  ᠤᠨ ᠬᠤᠪᠧᠢ ᠶᠢᠨ ᠡᠦ ᠳ᠋ᠠᠩ ᠱᠠᠨ ᠳᠤ ᠡᠭᠦᠳᠦᠭᠰᠡᠨ ᠠᠯᠠᠭ᠎ᠠ ᠶᠢᠨ ᠡᠷᠳᠡᠮ ᠪᠤᠯᠤᠨ᠎ᠠ  ᠃  ᠰᠡᠬᠦᠯᠡᠢ ᠨᠢ  ᠯᠢᠶᠣᠤᠨᠢᠩ ᠮᠣᠵᠢ ᠶᠢᠨ ᠢ ᠦ᠋ ᠯᠢᠦᠢ ᠱᠠᠨ ᠠᠭᠤᠯᠠᠨ ᠤ  ᠰᠠᠨ ᠴᠢᠩ ᠭᠤᠸᠠᠨ ᠳᠤ ᠬᠥᠭᠵᠢᠨ ᠴᠡᠴᠡᠭᠯᠡᠵᠦ᠂ ᠤᠯᠠᠮᠵᠢᠯᠠᠨ ᠵᠠᠯᠭᠠᠮᠵᠢᠯᠠᠵᠤ᠂ ᠣᠳᠣ ᠪᠣᠯᠲᠠᠯ᠎ᠠ ᠤᠯᠠᠮᠵᠢᠯᠠᠵᠤ ᠪᠠᠢᠨ᠎ᠠ᠃        20 ᠳ᠋ᠤᠭᠠᠷ ᠵᠠᠭᠤᠨ ᠤ ᠨᠠᠶᠠᠭᠠᠳ ᠣᠨ ᠤ ᠦᠶ᠎ᠡ ᠳᠤ ᠥᠪᠥᠷ ᠮᠣᠩᠭᠤᠯ ᠳᠤ ᠤᠯᠠᠮᠵᠢᠯᠠᠭᠳᠠᠨ ᠣᠷᠣᠵᠤ᠂ ᠣᠲᠣ ᠥᠪᠥᠷ ᠮᠣᠩᠭᠤᠯ ᠤᠨ ᠬᠢᠯᠢ ᠳᠣᠲᠣᠷ᠎ᠠ ᠭᠤᠤᠯᠳᠠᠭᠤ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠠᠨᠵᠤᠭ᠎ᠠ ᠪᠠᠯᠭᠠᠰᠤ᠂ ᠶᠢᠨ ᠪᠦᠦ ᠳᠦᠨ ᠪᠠᠯᠭᠠᠰᠤ᠂ ᠴᠠᠩ ᠱᠧᠩ ᠪᠠᠯᠭᠠᠰᠤ ᠵᠢᠴᠢ ᠡᠷᠬᠢᠨ ᠲᠣᠭᠤᠷᠢᠨ ᠤ ᠰᠤᠮᠤ ᠰᠢᠶᠠᠩ ᠪᠠᠯᠭᠠᠰᠤ ᠵᠡᠷᠭᠡ ᠭᠠᠵᠠᠷ ᠢᠶᠠᠷ ᠲᠠᠷᠬᠠᠵᠤ ᠪᠠᠶᠢᠨ᠎ᠠ᠃    ᠦ᠋ ᠳ᠋ᠠᠩ ᠪᠠᠶᠢᠭᠠᠭᠠᠯᠢᠭ ᠪᠦᠯᠦᠭ ᠤᠨ ᠨᠢᠢᠮᠠᠨ ᠬᠦᠯᠢᠯ ᠤᠨ ᠠᠯᠠᠭ᠎ᠠ ᠶᠢᠨ ᠡᠷᠳᠡᠮ   ᠨᠢ ᠮᠡᠷᠭᠡᠵᠢᠯ ᠤᠨ ᠲᠠᠭᠠᠷᠢᠯᠳᠠ ᠪᠠ ᠪᠡᠶ᠎ᠡ ᠰᠤᠪᠢᠯᠠᠬᠤ ᠬᠦᠷᠲᠡᠯ᠎ᠡ ᠪᠦᠷ ᠨᠡᠢᠭᠡᠮ ᠤᠨ ᠦᠢᠯᠡᠳᠦᠯᠭᠡ ᠪᠠᠷ ᠳᠠᠮᠵᠢᠭᠠᠳ ᠣᠳᠣ ᠪᠣᠯᠲᠠᠯ᠎ᠠ ᠤᠯᠠᠮᠵᠢᠯᠠᠭᠳᠠᠵᠤ ᠪᠠᠢᠨ᠎ᠠ᠂ ᠣᠳᠣ ᠨᠢᠭᠡᠨᠲᠡ ᠬᠤᠷᠢᠨ ᠨᠠᠢᠮᠠᠳᠤᠭᠠᠷ ᠦᠶ᠎ᠡ ᠪᠣᠯᠲᠠᠯ᠎ᠠ ᠤᠯᠠᠮᠵᠢᠯᠠᠭᠳᠠᠵᠤ ᠪᠠᠢᠨ᠎ᠠ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠯᠢᠦ ᠱᠢ ᠵᠢᠶᠦ᠋ᠨ ᠪᠣᠯ ᠬᠤᠷᠢᠨ ᠵᠢᠷᠭᠤᠳᠤᠭᠠᠷ ᠦᠶ᠎ᠡ ᠶᠢᠨ ᠵᠠᠯᠭᠠᠮᠵᠢᠯᠠᠭᠴᠢ ᠮᠥᠨ᠂ ᠲᠡᠭᠦᠨ ᠤ ᠱᠠᠪᠢ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠵᠢᠴᠢ ᠡᠷᠬᠢᠨ ᠲᠣᠭᠤᠷᠢᠨ ᠤ ᠭᠠᠵᠠᠷ ᠣᠷᠣᠨ ᠢᠶᠠᠷ ᠲᠠᠷᠬᠠᠵᠥ ᠪᠠᠶᠢᠨ᠎ᠠ᠃      2021 ᠣᠨ ᠳᠤ᠂  ᠦ᠋ ᠳ᠋ᠠᠩ ᠪᠠᠶᠢᠭᠠᠭᠠᠯᠢᠭ ᠪᠦᠯᠦᠭ ᠤᠨ ᠨᠢᠢᠮᠠᠨ ᠬᠦᠯᠢᠯ ᠤᠨ ᠠᠯᠠᠭ᠎ᠠ ᠶᠢᠨ ᠡᠷᠳᠡᠮ ᠨᠢ ᠳᠣᠯᠣᠳᠤᠭᠠᠷ ᠪᠦᠯᠦᠭ ᠲᠦᠩᠯᠢᠶᠣᠣ ᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠲᠤ ᠵᠢᠬᠰᠠᠭᠠᠬᠳᠠᠪᠠ᠃     ᠢᠷᠡᠯᠲᠡ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号