| | 2023 ᠣᠨ ᠤ ᠪᠥᠬᠦ ᠬᠤᠰᠢᠭᠤᠨ ᠤ ᠢᠯᠴᠢ ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ | ᠰᠠᠶᠢᠲᠤᠷ ᠬᠢᠬᠦ ᠶᠢᠨ ᠲᠥᠯᠥᠭᠡ᠂ ᠣᠯᠠᠨ ᠲᠦᠮᠡᠨ ᠤ ᠢᠯᠴᠢ ᠬᠠᠩᠭᠠᠬᠤ ᠲᠠᠯ᠎ᠠ ᠪᠠᠷ ᠬᠢ ᠵᠥᠪᠯᠡᠯᠭᠡ ᠥᠭᠬᠦ ᠪᠠ | ᠭᠤᠮᠣᠳᠠᠯ ᠱᠠᠭᠠᠷᠳᠠᠯᠭ᠎ᠠ ᠶᠢ ᠴᠠᠭ ᠲᠤᠬᠠᠶ ᠳᠤᠨᠢ ᠬᠠᠷᠢᠭᠤᠯᠵᠤ᠂ ᠭᠦᠢᠴᠡᠳᠬᠡᠬᠦ ᠶᠢᠨ ᠲᠥᠯᠥᠭᠡ᠂ ᠬᠤᠰᠢᠭᠤᠨ ᠤ | 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ | ᠬᠤᠪᠢᠶᠠᠷᠢ ᠲᠥᠪ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠲᠠ ᠪᠠᠯᠭᠠᠰᠤᠨ ᠤ ᠣᠯᠠᠨ ᠨᠡᠶᠢᠲᠡ ᠶᠢᠨ | ᠠᠵᠢᠯ ᠦᠢᠯᠡᠰ ᠤᠨ ᠦᠢᠯᠡᠴᠢᠯᠡᠭᠡᠨ ᠤ ᠲᠥᠪ᠂ ᠢᠯᠴᠢ ᠬᠠᠩᠭᠠᠬᠤ ᠠᠵᠤ ᠠᠬᠤᠶᠢᠯᠠᠯ ᠲᠠᠢ ᠬᠤᠯᠪᠣᠭᠠᠯᠠᠨ ᠂ 10 | ᠰᠠᠷ᠎ᠠ ᠶᠢᠨ 16 ᠤ ᠡᠳᠦᠷ ᠪᠥᠬᠦ ᠬᠤᠰᠢᠭᠤᠨ ᠤ ᠢᠯᠴᠢ ᠬᠠᠩᠭᠠᠬᠤ ᠤᠳᠠᠰᠤᠨ ᠤ ᠲᠤᠰᠬᠠᠶ ᠲᠠᠪᠴᠠᠩ ᠢ | ᠡᠬᠢᠯᠡᠭᠦᠯᠵᠦ᠂ ᠢᠯᠴᠢ ᠬᠠᠩᠭᠠᠬᠤ ᠬᠠᠮᠢᠶ᠎ᠠ ᠪᠥᠬᠦᠶ ᠭᠤᠮᠣᠳᠠᠯ ᠱᠠᠭᠠᠷᠳᠠᠯᠭ᠎ᠠ ᠶᠢ ᠲᠦᠷᠭᠡᠨ ᠪᠥᠭᠡᠳ ᠪᠦᠲᠦᠮᠵᠢᠲᠡᠶ | ᠰᠢᠢᠳᠪᠦᠷᠢᠯᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠢᠯᠴᠢ ᠬᠠᠩᠭᠠᠬᠤ ᠲᠥᠷᠥᠯ ᠤᠨ ᠬᠦᠰᠡᠯ | ᠱᠠᠭᠠᠷᠳᠠᠯᠭ᠎ᠠ ᠶᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠪᠡ᠃ ᠤᠳᠤ | ᠢᠯᠴᠢ ᠬᠠᠩᠭᠠᠬᠤ ᠦᠢᠯᠡᠴᠢᠯᠡᠭᠡᠨ ᠤ ᠲᠤᠰᠬᠠᠢ ᠲᠠᠪᠴᠠᠩ ᠢ ᠡᠬᠢᠯᠡᠭᠦᠯᠬᠦ ᠲᠤᠬᠠᠢ ᠳᠣᠣᠷᠠᠬᠢ ᠮᠡᠲᠦ ᠵᠠᠷᠯᠠᠶ᠎ᠠ᠄ | 12345 ᠬᠠᠯᠠᠮᠰᠢᠯ ᠤᠲᠠᠰᠤ ᠶᠢᠨ ᠭᠥᠯᠢᠶᠡᠨ ᠠᠪᠴᠤ ᠰᠢᠢᠳᠪᠦᠷᠢᠯᠡᠬᠦ ᠠᠭᠤᠯᠭ᠎ᠠ᠄ ᠠᠵᠤ ᠠᠬᠤᠶᠢᠯᠠᠯ ᠣᠯᠠᠨ | ᠲᠦᠮᠡᠨ ᠤ ᠲᠤᠰᠬᠠᠭᠰᠠᠨ ᠢᠯᠴᠢ ᠬᠠᠩᠭᠠᠬᠤ ᠲᠠᠯ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ | ᠪᠡᠯᠡᠳᠬᠡᠮᠵᠢ ᠶᠢᠨ ᠤᠰᠤ ᠭᠤᠭᠤᠵᠢᠵᠤ ᠰᠡᠯᠪᠢᠨ ᠵᠠᠰᠠᠬᠤ᠂ ᠢᠯᠴᠢ ᠬᠠᠩᠭᠠᠬᠤ ᠳᠤᠯᠠᠭᠠᠨ ᠤ ᠬᠡᠮᠵᠢᠶ᠎ᠡ ᠪᠠᠷᠢᠮᠵᠢᠶ᠎ᠠ ᠳᠤ | ᠬᠦᠷᠬᠦ ᠥᠬᠡᠶ᠂ ᠣᠷᠣᠵᠤ ᠰᠠᠭᠤᠬᠤ ᠨᠣᠷᠮ᠎ᠠ ᠪᠠᠷᠢᠮᠵᠢᠶ᠎ᠠ ᠳᠤ ᠬᠦᠷᠬᠦ ᠥᠬᠡᠶ᠂ ᠰᠦᠢᠳᠬᠡᠯ ᠬᠤᠷᠢᠶᠠᠬᠤ | ᠵᠢᠭᠤᠷᠠᠯᠳᠤᠭᠠᠨ ᠵᠡᠷᠭᠡ ᠢᠯᠴᠢ ᠬᠠᠩᠭᠠᠬᠤ ᠬᠠᠮᠢᠶ᠎ᠠ ᠪᠥᠬᠦᠶ ᠠᠰᠠᠭᠤᠳᠠᠯ᠃ | ᠬᠠᠯᠠᠮᠰᠢᠯ ᠣᠳᠠᠰᠣ 12345 ᠶᠢᠨ ᠰᠢᠢᠳᠪᠦᠷᠢᠯᠡᠬᠦ ᠠᠷᠭ᠎ᠠ ᠬᠡᠯᠪᠡᠷᠢ᠄ ᠬᠠᠯᠠᠮᠰᠢᠯ ᠤᠲᠠᠰᠤᠨ ᠤ ᠲᠠᠪᠴᠠᠩ ᠳᠤ | ᠰᠢᠭᠤᠳ ᠬᠠᠷᠢᠭᠤᠯᠲᠠ ᠥᠭᠬᠦ᠂ ᠰᠦᠯᠵᠢᠶᠡᠨ ᠳᠡᠭᠡᠷ᠎ᠡ ᠬᠠᠷᠢᠭᠤᠯᠲᠠ ᠥᠭᠬᠦ᠂ ᠰᠢᠯᠵᠢᠭᠦᠯᠦᠨ ᠰᠢᠢᠳᠪᠦᠷᠢᠯᠡᠬᠦ | ᠰᠠᠯᠠᠭ᠎ᠠ ᠮᠥᠴᠢᠷ ᠵᠡᠷᠭᠡ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠴᠤ ᠠᠵᠤ ᠠᠬᠤᠶᠢᠯᠠᠯ ᠪᠠ ᠣᠯᠠᠨ ᠲᠦᠮᠡᠨ ᠤ | ᠲᠤᠰᠬᠠᠭᠰᠠᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠎ᠡ᠂ ᠲᠤᠬᠠᠶᠢᠯᠠᠪᠠᠯ ᠡᠩ ᠤᠨ ᠠᠰᠠᠭᠤᠨ ᠯᠠᠪᠯᠠᠬᠤ | ᠲᠥᠷᠥᠯ ᠤᠨ ᠬᠦᠰᠡᠯ ᠱᠠᠭᠠᠷᠳᠠᠯᠭ᠎ᠠ ᠶᠢ ᠬᠠᠯᠠᠮᠰᠢᠯ ᠣᠳᠠᠰᠣ 12345 ᠶᠢᠨ ᠲᠠᠪᠴᠠᠩ ᠤᠨ ᠮᠡᠳᠡᠯᠭᠡ ᠶᠢᠨ | ᠬᠥᠮᠥᠷᠭᠡ ᠶᠢ ᠡᠰᠢᠯᠡᠨ ᠬᠡᠷᠡᠭᠯᠡᠵᠦ ᠰᠢᠭᠤᠳ ᠬᠠᠷᠢᠭᠤᠯᠲᠠ ᠥᠭᠭᠦᠨ᠎ᠡ︔ ᠲᠤᠰᠬᠠᠶ ᠮᠡᠷᠭᠡᠵᠢᠯ ᠤᠨ ᠯᠠᠪᠯᠠᠯᠭ᠎ᠠ ᠶᠢᠨ | ᠲᠥᠷᠥᠯ ᠤᠨ ᠬᠦᠰᠡᠯ ᠱᠠᠭᠠᠷᠳᠠᠯᠭ᠎ᠠ ᠶᠢ ᠢᠯᠴᠢ ᠬᠠᠩᠭᠠᠬᠤ ᠠᠵᠤ ᠠᠬᠤᠶᠢᠯᠠᠯ ᠤᠨ ᠲᠤᠰᠬᠠᠶ ᠮᠡᠷᠭᠡᠵᠢᠯᠲᠡᠨ | ᠰᠦᠯᠵᠢᠶᠡᠨ ᠳᠤ ᠭᠠᠷᠴᠤ ᠬᠠᠷᠢᠭᠤᠯᠲᠠ ᠥᠭᠭᠦᠨ᠎ᠡ︔ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠶᠢᠨ ᠲᠥᠷᠥᠯ ᠤᠨ | ᠬᠦᠰᠡᠯ ᠱᠠᠭᠠᠷᠳᠠᠯᠭ᠎ᠠ ᠶᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠲᠠᠶᠢᠯᠤᠮᠵᠢ ᠬᠢᠨ᠎ᠠ︔ ᠪᠡᠯᠡᠳᠬᠡᠮᠵᠢ ᠶᠢᠨ ᠤᠰᠤ ᠭᠤᠭᠤᠵᠢᠬᠤ ᠵᠡᠷᠭᠡ ᠵᠠᠪᠳᠤᠨ ᠵᠠᠰᠠᠬᠤ ᠴᠢᠬᠤᠯᠠᠲᠠᠶ ᠬᠦᠰᠡᠯ | ᠱᠠᠭᠠᠷᠳᠠᠯᠭ᠎ᠠ ᠶᠢ ᠰᠢᠭᠤᠳ ᠵᠠᠪᠳᠤᠨ ᠵᠠᠰᠠᠬᠤ ᠡᠩᠨᠡᠭᠡ ᠲᠦᠷᠭᠡᠨ ᠰᠢᠢᠳᠪᠦᠷᠢᠯᠡᠨ᠎ᠡ︔ ᠳᠤᠯᠠᠭᠠᠨ ᠤ ᠬᠡᠮᠵᠢᠶ᠎ᠡ | ᠪᠠᠷᠢᠮᠵᠢᠶ᠎ᠠ ᠳᠤ ᠬᠦᠷᠬᠦ ᠦᠭᠡᠢ ᠵᠡᠷᠭᠡ ᠲᠤᠬᠠᠶ ᠶᠢᠨ ᠲᠠᠯᠠᠪᠤᠷ ᠲᠤ ᠬᠢᠨᠠᠨ ᠬᠠᠷᠭᠤᠭᠤᠯᠬᠤ ᠴᠢᠬᠤᠯᠠᠲᠠᠶ ᠬᠦᠰᠡᠯ | ᠱᠠᠭᠠᠷᠳᠠᠯᠭ᠎ᠠ ᠶᠢ ᠰᠢᠯᠵᠢᠭᠦᠯᠦᠨ ᠲᠣᠮᠢᠯᠠᠭᠰᠠᠨ ᠬᠠᠷᠢᠶ᠎ᠠ ᠭᠠᠵᠠᠷ ᠵᠢᠴᠢ ᠢᠯᠴᠢ ᠬᠠᠩᠭᠠᠬᠤ ᠠᠵᠤ ᠠᠬᠤᠶᠢᠯᠠᠯ ᠲᠣᠬᠢᠲᠠᠶ | ᠰᠢᠢᠳᠪᠦᠷᠢᠯᠡᠨ᠎ᠡ᠃ | ᠠᠵᠤ ᠠᠬᠤᠶᠢᠯᠠᠯ ᠣᠯᠠᠨ ᠲᠦᠮᠡᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠤᠲᠠᠰᠤᠳᠠᠵᠤ ᠢᠯᠴᠢ ᠬᠠᠩᠭᠠᠬᠤ ᠬᠠᠮᠢᠶ᠎ᠠ ᠪᠥᠬᠦᠶ ᠬᠦᠰᠡᠯ | ᠱᠠᠭᠠᠷᠳᠠᠯᠭ᠎ᠠ ᠶᠢ ᠲᠤᠰᠬᠠᠬᠤ ᠪᠤᠶᠤ ᠢᠯᠴᠢ ᠬᠠᠩᠭᠠᠬᠤ ᠠᠵᠤ ᠠᠬᠤᠶᠢᠯᠠᠯ ᠤᠨ ᠬᠠᠯᠠᠮᠰᠢᠯ ᠤᠲᠠᠰᠤ ᠶᠢ | ᠤᠲᠠᠰᠤᠳᠠᠵᠤ ᠬᠠᠷᠢᠭᠤ ᠲᠤᠰᠬᠠᠵᠤ ᠪᠣᠯᠤᠨ᠎ᠠ᠃ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠲᠥᠬᠦᠮ ᠦᠵᠡᠭᠦᠯᠬᠦ ᠤᠲᠠᠰᠤᠨ ᠤ ᠬᠤᠪᠢᠶᠠᠷᠢ ᠲᠥᠪ | 2023 ᠣᠨ ᠤ 10 ᠰᠠᠷ᠎ᠠ ᠶᠢᠨ 23 ᠤ ᠡᠳᠦᠷ |