| ᠬᠤᠷᠴᠢᠨ ᠤ ᠵᠡᠬᠦᠨ ᠭᠠᠷᠤᠨ ᠬᠤᠶᠢᠳᠤ ᠬᠤᠰᠢᠭᠤᠨ ᠳᠤ ᠱᠤᠩᠬᠤᠷ ᠤᠨ ᠴᠤᠬᠯᠠᠭᠠᠨ᠂ ᠬᠤᠷᠴᠢᠨ ᠤ ᠮᠤᠩᠭᠤᠯ | ᠦᠯᠦᠭᠡᠢ᠂ ᠮᠤᠩᠭᠤᠯ ᠰᠢᠳᠠᠷ᠎ᠠ᠂ ᠮᠤᠷᠢᠨ ᠬᠤᠭᠤᠷ ᠦᠢᠯᠡᠳᠬᠦ ᠤᠷ᠎ᠠ ᠮᠡᠷᠭᠡᠵᠢᠯ᠂ ᠰᠡᠩᠭᠡᠷᠢᠨᠴᠢᠨ ᠸᠠᠩ ᠤᠨ | ᠤᠷᠳᠤᠨ ᠤ ᠡᠷᠳᠡᠨ ᠤ ᠬᠦᠭᠵᠢᠮ᠂ ᠮᠤᠩᠭᠤᠯ ᠦᠨᠳᠦᠰᠦᠳᠡᠨ ᠤ ᠪᠦᠬᠡ᠂ ᠮᠤᠩᠭᠤᠯ ᠵᠢᠷᠤᠭ᠎ᠠ ᠮᠤᠷᠢ ᠶᠢ ᠳᠠᠰᠬᠠᠨ | ᠰᠤᠷᠭᠠᠬᠤ ᠤᠷ᠎ᠠ ᠮᠡᠷᠭᠡᠵᠢᠯ᠂ ᠴᠠᠭᠠᠨ ᠢᠳᠡᠭᠡᠨ ᠦᠢᠯᠡᠳᠴᠦ ᠪᠤᠯᠪᠠᠰᠤᠷᠠᠭᠤᠯᠬᠤ ᠤᠷ᠎ᠠ ᠮᠡᠷᠭᠡᠵᠢᠯ ᠂ ᠦ᠋ ᠦᠳᠡᠩ | ᠪᠠᠶᠢᠭᠠᠭᠠᠯᠢᠭ ᠪᠦᠯᠦᠭ ᠤᠨ ᠨᠢᠢᠮᠠᠨ ᠬᠦᠯᠢᠯ ᠤᠨ ᠨᠢᠳᠤᠷᠭᠠᠨ ᠡᠷᠳᠡᠮ ᠵᠡᠷᠭᠡ ᠠᠷᠪᠠᠨ ᠲᠤᠯᠤᠭᠠᠨ ᠲᠦᠷᠦᠯ ᠤᠨ | ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠪᠠᠶᠢᠵᠦ᠂ ᠠᠭᠤᠯᠭ᠎ᠠ ᠨᠢ | ᠤᠯᠠᠮᠵᠢᠯᠠᠯᠳᠤ ᠵᠠᠩ ᠦᠢᠯᠡ᠂ ᠠᠮᠢᠳᠤᠷᠠᠯ ᠤᠨ ᠬᠡᠷᠡᠭᠰᠡᠯ᠂ ᠵᠤᠭ᠎ᠠ ᠴᠡᠩᠭᠡᠯ ᠤᠨ ᠲᠤᠨᠤᠭ ᠲᠦᠬᠦᠭᠡᠷᠦᠮᠵᠢ᠂ | ᠪᠡᠶ᠎ᠡ ᠶᠢᠨ ᠲᠠᠮᠢᠷ ᠤᠨ ᠬᠦᠳᠡᠯᠭᠡᠭᠡᠨ ᠪᠠ ᠢᠳᠡᠭᠡᠨ ᠦᠢᠯᠡᠳᠬᠦ ᠵᠡᠷᠭᠡ ᠤᠯᠠᠨ ᠲᠠᠯ᠎ᠠ ᠶᠢ ᠬᠠᠮᠤᠷᠴᠠᠢ᠃ ᠡᠲᠡᠭᠡᠷ | ᠪᠣᠳᠠᠰ ᠤᠨ ᠪᠤᠰᠤ ᠰᠣᠶᠣᠯ ᠤᠨ ᠦᠨᠡᠲᠦ ᠡᠷᠳᠡᠨᠢ ᠨᠢ ᠬᠤᠷᠴᠢᠨ ᠤ ᠠᠷᠠᠳ ᠲᠦᠮᠡᠨ ᠤ ᠠᠮᠢᠳᠤᠷᠠᠯ ᠤᠨ ᠠᠷᠭ᠎ᠠ | ᠮᠠᠶ᠋ᠢᠭ ᠪᠠ ᠥᠷᠲᠡᠭ ᠤᠨ ᠦᠵᠡᠯᠲᠡ ᠶᠢ ᠳᠡᠯᠭᠡᠨ ᠦᠵᠡᠭᠦᠯᠵᠦ ᠪᠠᠶᠢᠭ᠎ᠠ ᠪᠥᠭᠡᠳ ᠪᠠᠰᠠ ᠴᠤ ᠳᠤᠮᠳᠠᠳᠤ ᠶᠢᠨ | ᠦᠨᠳᠦᠰᠦᠲᠡᠨ ᠤ ᠡᠷᠬᠢᠮ ᠨᠠᠨᠳᠢᠨ ᠣᠶᠤᠨ ᠰᠠᠨᠠᠭᠠᠨ ᠤ ᠥᠪ ᠬᠥᠷᠥᠩᠭᠡ ᠪᠤᠯᠬᠤ ᠶᠤᠮ᠃ | ᠬᠤᠷᠴᠢᠨ ᠮᠤᠩᠭᠤᠯ ᠦᠯᠦᠭᠡᠢ | ᠬᠤᠷᠴᠢᠨ ᠮᠣᠩᠭᠤᠯᠴᠤᠳ ᠤᠨ ᠦᠯᠦᠭᠡᠢ᠂ ᠤᠷᠲᠤ ᠬᠤᠭᠤᠴᠠᠭᠠᠨ ᠤ ᠲᠤᠷᠰᠢ᠂ ᠲᠡᠷᠡ ᠨᠢ ᠤᠷ᠎ᠠ ᠮᠡᠷᠭᠡᠵᠢᠯ ᠂ | ᠬᠡᠷᠡᠭᠯᠡᠭᠡ ᠠᠴᠠ ᠠᠪᠤᠭᠠᠳ ᠰᠣᠶᠣᠯ ᠤᠨ ᠵᠠᠩ ᠲᠠᠳᠬᠠᠯ ᠤᠨ ᠲᠠᠯ᠎ᠠ ᠪᠠᠷ ᠤᠯᠠᠮᠵᠢᠯᠠᠬᠳᠠᠨ ᠬᠥᠭᠵᠢᠵᠦ᠂ ᠢᠯᠡ | ᠲᠣᠳᠣ ᠬᠤᠷᠴᠢᠨ ᠤ ᠣᠨᠴᠠᠯᠢᠭ ᠲᠠᠢ᠂ ᠮᠣᠩᠭᠤᠯ ᠦᠨᠳᠦᠰᠦᠲᠡᠨ ᠤ | ︽ᠥᠯᠥᠭᠡᠢ︾ ᠶᠢᠨ ᠰᠣᠶᠣᠯ ᠢ ᠪᠦᠷᠢᠯᠳᠦᠭᠦᠯᠦᠭᠰᠡᠨ ᠪᠠᠢᠨ᠎ᠠ᠃ | | | | | | | ᠦᠯᠦᠭᠡᠢ ᠶᠢ ᠨᠠᠭᠠᠴᠦ ᠠᠴᠠ ᠨᠠᠶᠢᠳᠠᠭᠰᠠᠨ ᠮᠤᠳᠤᠨ ᠲᠠᠷᠬᠠᠨ ᠦᠢᠯᠡᠳᠴᠤ᠂ ᠵᠠᠷᠢᠮ ᠨᠢ ᠦᠯᠵᠡᠢ ᠪᠡᠯᠭᠡᠳᠦ | ᠵᠢᠷᠤᠭ ᠲᠦᠷᠰᠦ ᠰᠡᠶᠢᠯᠳᠡᠭ ᠪᠠᠶᠢᠵᠠᠢ᠃ ᠨᠢᠯᠬ᠎ᠠ ᠬᠡᠣᠬᠡᠳ ᠢ ᠦᠯᠦᠭᠡᠢ ᠳᠤ ᠤᠷᠤᠭᠤᠯᠬᠤ ᠳᠤ ᠪᠠᠰᠠ ᠨᠢᠭᠡᠨ ᠪᠠᠭ᠎ᠠ | ᠶᠣᠰᠣᠯᠠᠯ ᠶᠠᠪᠤᠭᠤᠯᠳᠠᠭ ᠂ ᠵᠦᠪᠬᠡᠨ ᠭᠡᠷ ᠤᠨ ᠬᠦᠮᠣᠨ ᠪᠣᠯᠣᠨ ᠴᠦᠬᠡᠨ ᠲᠣᠭᠠᠨ ᠤ ᠣᠶᠢᠷ᠎ᠠ ᠲᠦᠷᠦᠯ ᠰᠠᠳᠣᠨ | ᠶᠤᠰᠤᠯᠠᠯ ᠳᠤ ᠣᠷᠣᠯᠴᠠᠵᠣ᠂ ᠵᠦᠩᠨᠡᠯ ᠪᠡᠯᠭᠡᠳᠡᠯ ᠢᠶᠠᠨ ᠲᠡᠪᠰᠢᠬᠦᠯᠳᠡᠭ ᠃ ᠶᠡᠷᠦ ᠳᠡᠭᠡᠨ ᠨᠢᠯᠬ᠎ᠠ ᠬᠡᠦᠬᠡᠳ ᠲᠤ | ᠨᠢᠭᠡ ᠬᠡᠯᠬᠢᠶ᠎ᠡ ᠭᠠᠤᠯᠢᠨ ᠵᠣᠭᠤᠰ᠂ ᠤᠷᠲᠤ ᠨᠠᠰᠤᠯᠠᠬᠤ ᠣᠨᠢᠰᠣ ᠪᠣᠯᠣᠨ ᠵᠢᠵᠢᠭ ᠵᠢᠭᠠᠰᠤ ᠵᠡᠷᠭᠡ ᠶᠢ ᠡᠯᠭᠦᠳᠡᠭ | ᠪᠥᠭᠡᠳ ᠲᠡᠳᠡᠨ ᠤ ᠤᠷᠲᠤ ᠨᠠᠰᠤᠯᠠᠵᠤ ᠤᠳᠠᠭᠠᠨ ᠵᠢᠷᠭᠠᠵᠥ ᠵᠤᠯ ᠵᠢᠷᠭᠠᠯ ᠲᠠᠢ ᠪᠠᠶᠢᠬᠤ ᠶᠢ ᠬᠦᠰᠡᠳᠡᠭ ᠪᠠᠶᠢᠨ᠎ᠠ ᠃ | | | 2016 ᠣᠨ ᠤ ᠬᠤᠷᠴᠢᠨ ᠤ ᠮᠣᠩᠭᠤᠯ ᠦᠯᠦᠭᠡᠢ ᠂ ᠲᠠᠪᠤᠳᠤᠭᠠᠷ ᠪᠦᠯᠦᠭ ᠲᠦᠩᠯᠢᠶᠣᠣ ᠬᠤᠲᠠ ᠶᠢᠨ | ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠵᠠᠢ᠃ | | ᠢᠷᠡᠯᠲᠡ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ |