| | | | | | | | ᠡᠨᠡ ᠵᠢᠯ ᠤᠨ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ︽ᠬᠤᠶᠠᠷ ᠪᠠᠶᠠᠷ︾ ᠤᠨ | ᠬᠤᠭᠤᠴᠠᠭᠠᠨ ᠳᠤ᠂ ᠬᠤᠰᠢᠭᠤᠨ ᠤ ᠴᠦᠩᠭᠦᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠤᠭᠤ ᠶᠢᠨ ᠪᠤᠯᠠᠭ | ᠡᠯᠡᠰᠦᠨ ᠴᠥᠯ ᠤᠨ ᠦᠵᠡᠮᠵᠢ ᠶᠢᠨ ᠣᠷᠣᠨ ᠤ ᠵᠤᠭᠠᠴᠠᠬᠴᠢ ᠪᠠ ᠬᠥᠮᠦᠨ ᠤᠳᠠᠭ᠎ᠠ ᠪᠠ ᠵᠢᠭᠤᠯᠴᠢᠯᠠᠯ ᠤᠨ | ᠣᠷᠣᠯᠭ᠎ᠠ ᠳᠠᠪᠠᠯᠲᠠ ᠶᠢᠨ ᠬᠡᠯᠪᠡᠷᠢ ᠪᠠᠷ ᠨᠡᠮᠡᠭᠳᠡᠬᠦ ᠶᠢ ᠪᠡᠶᠡᠯᠡᠭᠦᠯᠪᠡ᠃ ᠪᠦᠷᠢᠳᠬᠡᠯ ᠢ ᠦᠨᠳᠦᠰᠦᠯᠡᠪᠡᠯ᠂ ᠮᠠᠨ ᠤ | ᠬᠤᠰᠢᠭᠤᠨ ᠤ 2 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ︽ᠬᠤᠶᠠᠷ ᠪᠠᠶᠠᠷ︾ ᠤᠨ | ᠬᠤᠭᠤᠴᠠᠭᠠᠨ ᠳᠤ ᠨᠡᠶᠢᠲᠡ 18829 ᠬᠥᠮᠦᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 389.46% ᠪᠠᠷ ᠨᠡᠮᠡᠭᠳᠡᠪᠡ︔ ᠵᠢᠭᠤᠯᠴᠢᠯᠠᠯ ᠤᠨ ᠣᠷᠣᠯᠭ᠎ᠠ ᠶᠢ | 91 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 585.7% ᠪᠠᠷ ᠨᠡᠮᠡᠭᠳᠡᠵᠥ᠂ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠤᠭᠰᠠᠨ ᠤ ᠬᠠᠮᠲᠤ᠂ ᠪᠠᠷᠠᠭ᠎ᠠ ᠬᠤᠳᠠᠯᠳᠤᠨ ᠠᠪᠬᠤ᠂ | ᠬᠤᠭᠤᠯᠠ ᠤᠮᠳᠠᠭᠠᠨ᠂ ᠬᠤᠨᠣᠭᠯᠠᠬᠤ ᠵᠡᠷᠭᠡ ᠡᠯ᠎ᠡ ᠠᠵᠢᠯ ᠲᠥᠷᠥᠯ ᠤᠨ ᠲᠦᠷᠭᠡᠨ ᠨᠡᠮᠡᠭᠳᠡᠯ ᠢ ᠳᠠᠢᠴᠢᠯᠠᠵᠤ᠂ | ᠵᠢᠭᠤᠯᠴᠢᠯᠠᠯ ᠤᠨ ᠦᠢᠯᠡᠰ ᠪᠣᠯᠤᠨ ᠬᠤᠳᠠᠯᠳᠤᠭᠠᠨ ᠤ ᠰᠠᠢᠨ ᠨᠥᠬᠦᠴᠡᠯ ᠢ ᠪᠣᠢ ᠪᠣᠯᠭᠠᠵᠠᠢ᠃ | | |