ᠮᠠᠨ ᠤ ᠬᠤᠰᠢᠭᠤ ︽ᠳᠥᠷᠪᠡᠨ ᠪᠣᠭᠤᠮᠲᠠ︾ ᠶᠢ ᠴᠢᠩᠭ᠎ᠠ ᠠᠳᠬᠤᠵᠥ᠂ ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠪᠠᠬᠢ ᠠᠬᠢᠭᠤᠯᠪᠠ
ᠨᠡᠶᠢᠲᠡᠯᠡᠭᠰᠡᠨ ᠴᠠᠭ᠄
2023/11/13
   ᠦᠬᠡ ᠬᠡᠯᠡᠨ ᠤ ᠪᠣᠭᠤᠮᠲᠠ ᠶᠢ ᠴᠢᠩᠭ᠋᠎ᠠ ᠠᠳᠬᠤᠨ᠂ ᠪᠥᠬᠦ ᠬᠤᠰᠢᠭᠤᠨ ᠤ ᠠᠯᠪᠠᠨ ᠠᠴᠠ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ  ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠵᠢᠷᠤᠮᠵᠢᠭᠤᠯᠤᠨ ᠬᠡᠷᠡᠭᠯᠡᠵᠥ ᠪᠠᠷᠢᠮᠵᠢᠶ᠎ᠠ ᠳᠤ  ᠬᠦᠷᠭᠡᠬᠦ ᠶᠢ 100% ᠢᠶᠠᠷ ᠪᠡᠶᠡᠯᠡᠬᠦᠯᠪᠡ᠃    ᠦᠵᠡᠯ ᠰᠠᠨᠠᠭᠠᠨ ᠤ ᠪᠣᠭᠤᠮᠲᠠ ᠶᠢ ᠰᠠᠶᠢᠲᠤᠷ ᠠᠳᠬᠤᠨ᠂ ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠤᠬᠠᠮᠰᠠᠷ ᠢ ᠪᠠᠲᠤ ᠴᠣᠭᠴᠠᠯᠠᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠪᠡ᠃     ᠰᠤᠶᠤᠯ ᠤᠨ ᠪᠣᠭᠤᠮᠲᠠ ᠶᠢ ᠴᠢᠩᠭ᠎ᠠ ᠠᠳᠬᠤᠨ᠂ ᠤᠯᠤᠰ ᠤᠨ ᠤᠬᠠᠭᠠᠨ ᠤ ᠰᠤᠷᠭᠠᠨ ᠬᠥᠮᠦᠵᠢᠯ ᠤᠨ ᠬᠢᠴᠢᠶᠡᠯ ᠨᠡᠭᠡᠭᠡᠵᠦ᠂ ︽ᠤᠯᠤᠰ ᠤᠨ  ᠤᠬᠠᠭᠠᠨ ᠤ ᠰᠣᠩᠭᠤᠳᠠᠭ ᠪᠦᠲᠦᠭᠡᠯ ᠢ ᠤᠩᠰᠢᠬᠤ︾ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠭᠦᠨᠵᠡᠭᠡᠶ ᠠᠬᠢᠭᠤᠯᠪᠠ᠃   ᠦᠢᠯᠡᠳᠦᠯᠭᠡ ᠶᠢᠨ ᠪᠣᠭᠤᠮᠲᠠ ᠶᠢ ᠴᠢᠩᠭ᠎ᠠ ᠠᠳᠬᠤᠵᠤ  ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠪᠠᠶᠢᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠪᠠᠭᠰᠢ ᠰᠤᠷᠤᠭᠴᠢᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠪᠦᠬᠦ ᠲᠠᠯ᠎ᠠ ᠪᠠᠷ ᠠᠬᠢᠭᠤᠯᠪᠠ᠃  
 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号