| | ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠦᠭᠦᠯᠡᠭᠦ ᠨᠢ | | ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ | | ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ | ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠡᠭᠡ ᠡᠭᠦᠷᠭᠡ ᠦᠩᠬᠡ ᠬᠡᠷᠡᠯᠳᠡᠢ ᠶᠤᠮ᠃ ᠲᠦᠷᠦᠭᠦᠬᠡᠨ | ᠬᠤᠷᠠᠯᠳᠤᠭᠰᠠᠨ ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠠᠴᠠ | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠵᠢᠩᠬᠢᠨᠢ ᠪᠠᠷ ᠳᠤᠷᠠᠳᠤᠭᠰᠠᠨ ᠪᠠ ᠰᠢᠰᠲ᠋ᠧᠮ ᠲᠠᠢ | ᠲᠣᠳᠣᠷᠬᠠᠶᠢᠯᠠᠨ ᠥᠭᠦᠯᠡᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠰᠤᠷᠲᠠᠯ ᠤᠬᠠᠭᠤᠯᠭ᠎ᠠ | ᠦᠵᠡᠯ ᠰᠠᠨᠠᠭ᠎ᠠ ᠰᠣᠶᠣᠯ ᠤᠨ ᠠᠵᠢᠯ ᠳᠤ ᠴᠢᠬᠤᠯᠠ ᠪᠠᠶᠢᠷᠢᠯᠠᠭᠤᠯᠤᠯᠲᠠ ᠬᠢᠵᠦ᠂ ︽ᠬᠠᠳᠠᠭᠠᠰᠤ ᠬᠠᠳᠠᠬᠤ ᠵᠣᠷᠢᠭ | ᠰᠠᠨᠠᠭ᠎ᠠ ᠪᠠᠷ ᠡᠯ᠎ᠡ ᠵᠦᠢᠯ ᠤᠨ ᠡᠭᠦᠷᠭᠡ ᠶᠢᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠢᠯ ᠤᠨ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠡᠮᠡᠴᠡᠯ ᠪᠠ ᠦᠢᠯᠡᠳᠦᠯᠭᠡ ᠶᠢᠨ | ᠲᠤᠮᠳᠠ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ︾ ᠭᠡᠵᠦ ᠴᠢᠬᠤᠯᠠᠴᠢᠯᠠᠪᠠ᠃ | ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠪᠣᠯ ᠨᠠᠮ ᠤᠨ ᠢᠷᠡᠭᠡᠳᠦᠢ ᠬᠤᠪᠢ ᠵᠠᠶᠠᠭ᠎ᠠ ᠲᠠᠢ | ᠬᠤᠯᠪᠣᠭᠳᠠᠵᠤ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠲᠠᠢ ᠬᠤᠯᠪᠣᠭᠳᠠᠵᠤ᠂ | ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠲᠥᠪᠯᠡᠩᠭᠦᠢ ᠬᠦᠴᠦᠨ ᠲᠠᠢ ᠬᠤᠯᠪᠣᠭᠳᠠᠵᠤ ᠪᠠᠶᠢᠳᠠᠭ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠲᠡᠦᠬᠡᠨ | ᠲᠤᠷᠰᠢᠯᠭ᠎ᠠ ᠶᠢ ᠭᠦᠨᠵᠡᠭᠡᠶ ᠳ᠋ᠦᠡᠭᠨᠡᠵᠦ᠂ ᠴᠠᠭ ᠦᠶ᠎ᠡ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠭᠦᠨᠵᠡᠭᠡᠶ | ᠠᠵᠢᠬᠯᠠᠵᠤ᠂ ︽ᠰᠤᠷᠳᠠᠯ ᠤᠬᠠᠭᠤᠯᠭ᠎ᠠ ᠶᠢ ᠨᠠᠮ ᠠᠴᠠ ᠬᠠᠮᠢᠶᠠᠷᠬᠤ᠂ ᠦᠵᠡᠯ ᠤᠬᠠᠮᠰᠠᠷ ᠤᠨ ᠬᠡᠯᠪᠡᠷᠢ ᠶᠢ ᠨᠠᠮ ᠠᠴᠠ | ᠬᠠᠮᠢᠶᠠᠷᠬᠤ ᠶᠢ ᠲᠤᠭ ᠲᠡᠮᠳᠡᠭ ᠲᠣᠳᠣᠷᠬᠠᠶ ᠪᠠᠷᠢᠮᠳᠠᠯᠠᠵᠤ᠂ ᠨᠠᠮ ᠤᠨ ᠲᠤᠭ ᠢ ᠰᠤᠷᠲᠠᠯ ᠤᠬᠠᠭᠤᠯᠭ᠎ᠠ ᠦᠵᠡᠯ | ᠰᠠᠨᠠᠭᠠᠨ ᠤ ᠹᠷᠣᠨᠲ ᠲᠤ ᠥᠨᠳᠥᠷ ᠨᠠᠮᠢᠷᠠᠭᠤᠯᠬᠤ ᠬᠡᠷᠡᠭᠲᠡᠢ︾᠂ ︽ᠨᠠᠮ ᠠᠴᠠ ᠵᠠᠭᠤᠴᠢᠯᠠᠭᠤᠷ ᠢ ᠬᠠᠮᠢᠶᠠᠷᠬᠤ | ᠵᠠᠷᠴᠢᠮ ᠢ ᠭᠤᠶᠢᠪᠢᠰᠢ ᠦᠭᠡᠢ ᠪᠠᠷᠢᠮᠳᠠᠯᠠᠵᠤ᠂ ᠤᠯᠤᠰ ᠲᠥᠷᠥᠴᠢᠨ ᠰᠣᠨᠢᠨ ᠡᠷᠬᠢᠯᠡᠬᠦ᠂ ᠰᠡᠳᠬᠦᠯ ᠡᠷᠬᠢᠯᠡᠬᠦ᠂ | ᠲᠠᠪᠴᠠᠩ ᠡᠷᠬᠢᠯᠡᠬᠦ᠂ ᠰᠣᠨᠢᠨ ᠮᠡᠳᠡᠭᠡᠨ ᠤ ᠰᠦᠯᠵᠢᠶ᠎ᠡ ᠡᠷᠬᠢᠯᠡᠭᠦ ᠶᠢ ᠪᠠᠷᠢᠮᠳᠠᠯᠠᠬᠤ ᠬᠡᠷᠡᠭᠲᠡᠢ︾ ᠭᠡᠵᠦ | ᠴᠢᠬᠤᠯᠠᠴᠢᠯᠠᠵᠤ᠂ ︽ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠨᠠᠮ ᠤᠨ ᠨᠢᠭᠡ ᠲᠦᠢᠯ ᠤᠨ ᠴᠢᠬᠤᠯᠠ | ᠠᠵᠢᠯ ᠮᠥᠨ︾᠂ ︽ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠨᠠᠮ ᠤᠨ ᠤᠳᠤᠷᠢᠳᠬᠤ ᠡᠷᠬᠡ ᠶᠢ ᠪᠠᠲᠤ | ᠡᠵᠡᠮᠰᠢᠬᠦ ᠬᠡᠷᠡᠭᠲᠡᠶ︾ ᠭᠡᠵᠦ ᠵᠢᠭᠠᠨ ᠭᠠᠷᠭᠠᠵᠤ᠂ ︽ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠰᠠᠶᠢᠲᠤᠷ | ᠬᠢᠬᠦ ᠳᠤ ᠡᠷᠬᠡᠪᠰᠢ ᠪᠦᠬᠦ ᠨᠠᠮ ᠢᠶᠠᠷ ᠢᠶᠠᠨ ᠬᠥᠳᠡᠯᠦᠯᠴᠡᠬᠦ ᠬᠡᠷᠡᠭᠲᠡᠶ︾᠂ ︽ᠲᠤᠮᠤ ᠤᠬᠠᠭᠤᠯᠭ᠎ᠠ ᠶᠢᠨ ᠠᠵᠢᠯ ᠤᠨ | ᠣᠶᠢᠯᠠᠭᠠᠭᠳᠠᠬᠤᠨ ᠢ ᠪᠣᠶ ᠪᠤᠯᠭᠠᠵᠤ᠂ ᠡᠯ᠎ᠡ ᠹᠷᠣᠨᠲ ᠡᠯ᠎ᠡ ᠰᠠᠯᠠᠭ᠎ᠠ ᠮᠥᠴᠢᠷ ᠤᠨ ᠬᠢᠨ ᠢ ᠳᠠᠶᠢᠴᠢᠯᠠᠨ ᠬᠠᠮᠲᠤ ᠪᠠᠷ | ᠬᠢᠬᠦ ᠬᠡᠷᠡᠭᠲᠡᠶ︾ ᠭᠡᠵᠦ ᠱᠠᠭᠠᠷᠳᠠᠪᠠ᠃ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ | ᠳᠣᠣᠷ᠎ᠠ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠦᠢᠯᠡᠰ ᠲᠡᠦᠬᠡᠲᠦ | ᠴᠢᠨᠠᠷᠲᠠᠢ ᠠᠮᠵᠢᠯᠲᠠ ᠣᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠪᠠᠶᠢᠳᠠᠯ ᠳᠤ ᠪᠦᠬᠦ ᠲᠠᠯ᠎ᠠ ᠶᠢᠨ | ᠴᠢᠨᠠᠷᠲᠠᠢ᠂ ᠦᠨᠳᠦᠰᠦᠨ ᠴᠢᠨᠠᠷᠲᠠᠢ ᠬᠤᠪᠢᠷᠠᠯᠲᠠ ᠭᠠᠷᠴᠠᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠰᠤᠷᠲᠠᠯ ᠤᠬᠠᠭᠤᠯᠭ᠎ᠠ ᠦᠵᠡᠯ | ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠪᠣᠯᠬᠤ ᠶᠢ ᠦᠢᠯᠡᠳᠦᠯᠭᠡ ᠭᠦᠢᠴᠡᠳ | ᠭᠡᠷᠡᠴᠢᠯᠡᠪᠡ᠃ | ᠨᠠᠮ ᠤᠨ ᠬᠤᠷᠢᠳᠤᠭᠠᠷ ᠶᠡᠭᠡ ᠬᠤᠷᠠᠯ ᠠᠴᠠ ︽ᠰᠣᠶᠣᠯ ᠤᠨ ᠦᠪᠡᠷ ᠢ ᠪᠠᠨ ᠢᠳᠡᠭᠡᠨ ᠥᠪᠡᠷ ᠢ ᠪᠠᠨ | ᠬᠦᠴᠦᠷᠬᠡᠭᠵᠢᠭᠦᠯᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ | ᠠᠮᠵᠢᠯᠲᠠ ᠶᠢ ᠡᠭᠦᠳᠬᠦ︾ ᠶᠢᠨ ᠲᠣᠭᠤᠷᠢᠨ ᠳᠤ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠰᠢᠨ᠎ᠡ ᠭᠠᠷᠤᠭ᠎ᠠ ᠠᠴᠠ | ᠰᠣᠶᠣᠯ ᠤᠨ ᠴᠡᠴᠡᠭᠯᠡᠯ ᠬᠥᠭᠵᠢᠯ ᠢ ᠦᠷᠭᠦᠯᠵᠢᠯᠡᠨ ᠠᠬᠢᠭᠤᠯᠬᠤ᠂ ᠰᠣᠶᠣᠯ ᠤᠨ ᠬᠦᠴᠦᠷᠬᠡᠭ ᠤᠯᠤᠰ ᠢ ᠪᠦᠳᠦᠭᠡᠨ | ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠪᠣᠯ ᠪᠢᠳᠡᠨ ᠤ | ᠰᠢᠨ᠎ᠡ ᠴᠠᠭ ᠦᠶ᠎ᠡ ᠶᠢᠨ ᠰᠢᠨ᠎ᠡ ᠰᠣᠶᠣᠯ ᠤᠨ ᠡᠭᠦᠷᠭᠡ ᠬᠠᠷᠢᠭᠤᠴᠠᠯᠭ᠎ᠠ ᠪᠣᠯᠤᠨ᠎ᠠ᠃ ᠶᠡᠷᠦᠩᠬᠡᠢ ᠱᠦᠵᠢ ᠰᠢ ᠶᠢᠨ | ᠫᠢᠩ ᠤᠢᠢᠷ᠎ᠠ ᠳᠤ ᠴᠢᠬᠤᠯᠠ ᠵᠢᠭᠠᠪᠤᠷᠢ ᠥᠭᠴᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠬᠤ᠂ ᠰᠢᠨ᠎ᠡ ᠰᠣᠶᠣᠯ ᠤᠨ ᠡᠭᠦᠷᠭᠡ ᠶᠢ ᠡᠭᠦᠷᠭᠡᠯᠡᠬᠦ᠂ ᠰᠢᠨ᠎ᠡ ᠴᠠᠭ ᠦᠶ᠎ᠡ ᠰᠢᠨ᠎ᠡ | ᠠᠶᠠᠨ ᠵᠠᠮ ᠳᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠲᠤᠬᠠᠢ ᠲᠣᠳᠣᠷᠬᠠᠢ | ᠱᠠᠭᠠᠷᠳᠠᠯᠭ᠎ᠠ ᠳᠤᠷᠠᠳᠴᠠᠢ᠃ ᠡᠨᠡ ᠤᠳᠠᠭ᠎ᠠ ᠶᠢᠨ ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠤᠨ ᠬᠤᠷᠠᠯ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠶᠢᠨ ᠲᠣᠭᠤᠷᠢᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠰᠣᠶᠣᠯ ᠤᠨ ᠪᠠᠶᠢᠭᠤᠯᠤᠯᠲᠠ ᠶᠢᠨ | ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠬᠤ ᠶᠢᠨ ᠲᠣᠭᠤᠷᠢᠨ ᠳᠤ᠂ ᠰᠢᠨ᠎ᠡ ᠴᠠᠭ | ᠦᠶ᠎ᠡ ᠰᠢᠨ᠎ᠡ ᠠᠶᠠᠨ ᠵᠠᠮ ᠳᠠᠬᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ | ᠭᠤᠣᠯᠳᠠᠯᠭ᠎ᠠ ᠲᠠᠢ ᠡᠭᠦᠷᠭᠡ ᠶᠢ ᠤᠯᠠᠮ ᠴᠢᠨᠠᠭᠰᠢᠳᠠ ᠲᠣᠳᠣᠷᠬᠠᠶᠢᠯᠠᠪᠠ᠃ ᠦᠵᠡᠯ ᠰᠠᠨᠠᠭ᠎ᠠ ᠪᠣᠯᠤᠨ ᠦᠢᠯᠡ | ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠢ ᠶᠢᠨ ᠫᠢᠩ ᠤᠨ | ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠡᠷᠢᠭᠦᠨ ᠴᠢᠬᠤᠯᠠ ᠤᠯᠤᠰ | ᠲᠦᠷᠦ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠰᠣᠶᠣᠯ ᠤᠨ ᠡᠭᠦᠷᠭᠡ ᠶᠢᠨ ᠲᠣᠭᠤᠷᠢᠨ ᠳᠤ᠂ | ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ︽ᠲᠤᠯᠤᠭᠠᠨ ᠬᠦᠴᠦᠯᠡᠬᠦ︾ ᠱᠠᠭᠠᠷᠳᠠᠯᠭ᠎ᠠ ᠶᠢ | ᠪᠣᠳᠠᠲᠠᠢ ᠳᠤ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠬᠡᠷᠡᠭᠲᠡᠢ᠃ | ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠳᠤ ᠭᠤᠣᠯᠳᠠᠯᠭ᠎ᠠ ᠲᠠᠢ ᠡᠭᠦᠷᠭᠡ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ | ᠭᠠᠷᠭᠠᠬᠤ ᠶᠢ ᠠᠬᠢᠭᠤᠯᠬᠤ ᠬᠡᠷᠡᠭᠲᠡᠢ᠃ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ | ᠨᠢᠬᠳᠠᠷᠠᠭᠤᠯᠤᠨ ᠰᠦᠭ ᠰᠦᠨᠡᠰᠦ ᠪᠠᠨ ᠴᠣᠭᠴᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠦᠨᠡᠨ ᠬᠦ | ᠰᠤᠷᠤᠯᠴᠠᠵᠤ ᠦᠨᠡᠨ ᠬᠦ ᠣᠶᠢᠯᠠᠭᠠᠵᠤ ᠦᠨᠡᠨ ᠬᠦ ᠢᠲᠡᠭᠡᠵᠦ ᠦᠨᠡᠨ ᠬᠦ ᠬᠡᠷᠡᠭᠯᠡᠬᠦ᠂ ᠬᠦᠨᠵᠡᠭᠡᠶᠢᠷᠡᠭᠦᠯᠭᠦ | ᠬᠠᠳᠠᠩᠰᠢᠭᠤᠯᠬᠤ ᠤᠯᠠᠷᠢᠭᠤᠯᠬᠤ ᠲᠡᠭᠡᠷ᠎ᠡ ᠬᠦᠴᠦ ᠲᠠᠯᠪᠢᠬᠤ ᠬᠡᠷᠡᠭᠲᠡᠢ︔ ᠰᠢᠨ᠎ᠡ ᠴᠠᠭ ᠦᠶ᠎ᠡ ᠳᠤ ᠡᠷᠡᠯᠬᠡᠭᠯᠡᠨ | ᠤᠷᠤᠭᠰᠢᠯᠠᠬᠤ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠢᠲᠡᠭᠡᠯ | ᠵᠣᠷᠢᠭ ᠢ ᠪᠠᠲᠤᠳᠬᠠᠬᠤ ᠪᠠᠷ ᠭᠤᠣᠯᠳᠠᠯᠭ᠎ᠠ ᠪᠣᠯᠭᠠᠨ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠶᠠᠷᠢᠶ᠎ᠠ | ᠬᠡᠯᠡᠯᠴᠡᠭᠡᠨ ᠤ ᠬᠦᠲᠦᠯᠦᠨ ᠵᠢᠯᠣᠭᠤᠳᠬᠤ ᠴᠢᠳᠠᠪᠤᠷᠢ ᠶᠢ ᠲᠡᠭᠡᠭᠰᠢᠯᠡᠭᠦᠯᠭᠦ ᠬᠡᠷᠡᠭᠲᠡᠢ︔ ᠨᠡᠶᠢᠭᠡᠮ ᠵᠢᠷᠤᠮ ᠤᠨ | ᠭᠤᠤᠯᠯᠠᠬᠴᠢ ᠥᠷᠲᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠵᠦ᠂ ᠣᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠵᠢᠯ ᠢ ᠰᠠᠶᠢᠵᠢᠷᠠᠭᠤᠯᠤᠨ ᠰᠢᠨ᠎ᠡ ᠶᠢ ᠡᠭᠦᠳᠭᠦ ᠬᠡᠷᠡᠭᠲᠡᠢ︔ ᠰᠣᠶᠣᠯ ᠤᠨ ᠦᠢᠯᠡᠰ ᠪᠠ | ᠰᠣᠶᠣᠯ ᠤᠨ ᠠᠵᠤ ᠦᠢᠯᠡᠰ ᠤᠨ ᠴᠡᠴᠡᠭᠯᠡᠯ ᠬᠥᠭᠵᠢᠯ ᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠬᠤ ᠬᠡᠷᠡᠭᠲᠡᠢ︔ ᠭᠠᠳᠠᠭᠠᠳᠤ ᠤᠬᠠᠭᠤᠯᠭ᠎ᠠ ᠶᠢᠨ | ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠪᠣᠯᠪᠠᠰᠤᠨ ᠤ ᠤᠯᠠᠮᠵᠢᠯᠠᠬᠤ ᠬᠦᠴᠦᠨ ᠨᠥᠯᠥᠭᠡᠯᠡᠬᠦ | ᠬᠦᠴᠦᠨ ᠢ ᠨᠡᠮᠡᠭᠳᠡᠭᠦᠯᠭᠦ ᠬᠡᠷᠡᠭᠲᠡᠢ︔ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠶᠢ ᠡᠷᠡᠰ | ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠵᠣᠷᠢᠭᠲᠠᠶ ᠪᠠᠷ ᠦᠵᠡᠯᠴᠡᠵᠦ᠂ ᠵᠣᠷᠢᠭᠲᠠᠶ ᠪᠠᠷ ᠲᠡᠮᠡᠴᠡᠯ ᠬᠢᠭᠦ ᠬᠡᠷᠡᠭᠲᠡᠶ᠃ | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠬᠤ᠂ ᠰᠤᠳᠤᠯᠬᠤ᠂ ᠲᠠᠶᠢᠯᠪᠤᠷᠢᠯᠠᠬᠤ ᠶᠢ | ᠦᠷᠭᠦᠯᠵᠢᠯᠡᠨ ᠴᠢᠩᠭᠠᠳᠬᠠᠬᠤ ᠶᠢᠨ ᠬᠠᠮᠲᠤ ᠤᠬᠠᠮᠰᠠᠷ ᠠᠴᠠ ᠪᠠᠨ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠤᠨ ᠡᠯ᠎ᠡ ᠲᠠᠯ᠎ᠠ ᠪᠠ ᠪᠦᠬᠦ ᠶᠠᠪᠤᠴᠠ ᠳᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠡᠭᠦᠷᠭᠡ ᠪᠠ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠡᠯ᠎ᠡ ᠵᠦᠢᠯ ᠤᠨ | ᠡᠭᠦᠷᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠬᠠᠷᠢᠭᠤᠴᠠᠯᠭᠠᠲᠤ ᠰᠡᠳᠬᠢᠯᠭᠡ ᠪᠠ | ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠨ᠂ ᠠᠵᠢᠯ ᠢᠶᠠᠨ ᠦᠨᠡᠨ ᠬᠦ ᠴᠢᠩᠭ᠎ᠠ ᠠᠳᠬᠤᠵᠤ ᠪᠣᠳᠠᠲᠠᠢ | ᠠᠳᠬᠤᠨ ᠰᠠᠶᠢᠲᠤᠷ ᠠᠳᠬᠤᠵᠤ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ | ᠪᠠᠲᠤᠯᠠᠬᠤ ᠬᠡᠷᠡᠭᠲᠡᠢ᠃ | ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠪᠠᠯ ᠰᠠᠶ᠋ᠢ ᠰᠢᠨ᠎ᠡ ᠰᠣᠶᠣᠯ ᠤᠨ ᠡᠭᠦᠷᠭᠡ ᠶᠢ ᠡᠭᠦᠷᠭᠡᠯᠡᠬᠦ ᠳᠤ ᠪᠠᠲᠤ ᠴᠢᠩᠭ᠎ᠠ ᠤᠯᠤᠰ | ᠲᠦᠷᠦ ᠶᠢᠨ ᠪᠠᠲᠤᠯᠠᠭ᠎ᠠ ᠬᠠᠩᠭᠠᠵᠤ ᠴᠢᠳᠠᠨ᠎ᠠ᠃ ᠶᠡᠷᠦᠩᠬᠡᠢ ᠱᠦᠵᠢ ᠰᠢ ᠶᠢᠨ ᠫᠢᠩ᠄ ︽ᠡᠯ᠎ᠡ ᠱᠠᠲᠤᠨ ᠤ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ | ᠰᠠᠶᠢᠲᠤᠷ ᠬᠢᠬᠦ ᠶᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠨ ᠡᠭᠦᠷᠭᠡᠯᠡᠵᠦ᠂ ᠨᠠᠮ ᠤᠨ ᠲᠥᠪ | ᠬᠤᠷᠢᠶᠠᠨ ᠤ ᠰᠣᠶᠣᠯ ᠤᠨ ᠪᠠᠶᠢᠭᠤᠯᠤᠯᠲᠠ ᠶᠢᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠰᠤᠷᠲᠠᠯ ᠤᠬᠠᠭᠤᠯᠭ᠎ᠠ | ᠰᠣᠶᠣᠯ ᠤᠨ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠵᠣᠷᠢᠭᠲᠠᠶ ᠪᠠᠷ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠵᠣᠷᠢᠭᠲᠠᠶ ᠪᠠᠷ ᠴᠢᠳᠠᠮᠠᠭᠠᠶ ᠲᠡᠮᠡᠴᠡᠵᠦ᠂ ᠰᠢᠨ᠎ᠡ ᠴᠠᠭ ᠦᠶ᠎ᠡ ᠶᠢᠨ | ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ | ᠬᠡᠷᠡᠭᠲᠡᠶ︾ ᠭᠡᠵᠦ ᠴᠢᠬᠤᠯᠠᠴᠢᠯᠠᠪᠠ᠃ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠡᠩ | ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ | ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠲᠠᠢ ᠳᠡᠭᠡᠳ᠋᠊ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ | ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ | ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠣᠷᠢᠭᠲᠠᠢ ᠪᠠᠷ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠰᠢᠨ᠎ᠡ ᠰᠡᠳᠬᠢᠮᠵᠢ ᠰᠢᠨ᠎ᠡ ᠲᠣᠭᠲᠠᠴᠠ ᠶᠢ ᠴᠢᠳᠠᠮᠠᠭᠠᠢ ᠪᠠᠷ | ᠳᠤᠷᠠᠳᠤᠨ ᠬᠡᠷᠡᠭᠯᠡᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠳᠣᠲᠣᠭᠠᠳᠤ | ᠠᠮᠢᠵᠢᠷᠠᠯ ᠤᠨ ᠬᠦᠴᠦᠨ ᠢ ᠨᠡᠩ ᠰᠠᠶᠢᠲᠤᠷ ᠬᠥᠭᠵᠢᠭᠡᠬᠦ ᠬᠡᠷᠡᠭᠲᠡᠢ᠃ ᠬᠠᠤᠯᠢ ᠪᠠᠷ ᠵᠠᠰᠠᠬᠤ ᠪᠠᠲᠤᠯᠠᠭ᠎ᠠ ᠶᠢ | ᠴᠢᠩᠭᠠᠳᠬᠠᠵᠤ᠂ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ | ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠨᠡᠩ ᠴᠢᠬᠤᠯᠠᠴᠢᠯᠠᠬᠤ ᠬᠡᠷᠡᠭᠲᠡᠢ᠃ ᠺᠠᠳ᠋ᠷ ᠴᠢᠳᠠᠪᠤᠷᠢᠲᠠᠨ ᠤ | ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ | ᠴᠢᠳᠠᠪᠤᠷᠢ ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠪᠠᠲᠤ ᠴᠢᠩᠭ᠎ᠠ᠂ ᠡᠷᠳᠡᠮ | ᠴᠢᠳᠠᠪᠤᠷᠢ ᠴᠢᠩᠭ᠎ᠠ᠂ ᠦᠨᠡᠨ ᠢ ᠪᠠᠷᠢᠮᠲᠠᠯᠠᠨ ᠰᠢᠨ᠎ᠡ ᠶᠢ ᠡᠭᠦᠳᠬᠦ᠂ ᠢᠯᠠᠭᠤᠭᠰᠠᠨ ᠳᠠᠶᠢᠨ ᠬᠢᠵᠦ ᠴᠢᠳᠠᠬᠤ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ | ᠶᠡᠭᠡ ᠶᠣᠰᠣ ᠲᠦᠢᠯ ᠤᠨ ᠬᠢᠯᠪᠡᠷ᠂ ᠪᠣᠳᠠᠲᠠᠢ ᠠᠵᠢᠯᠯᠠᠬᠤ ᠨᠢ ᠲᠦᠢᠯ ᠤᠨ ᠴᠢᠬᠤᠯᠠ ᠶᠤᠮ᠃ ᠰᠢ ᠶᠢᠨ ᠫᠢᠩ | ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ | ᠰᠣᠶᠣᠯ ᠤᠨ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ ᠵᠣᠷᠢᠭᠲᠠᠢ ᠪᠠᠷ ᠤᠷᠤᠭᠰᠢᠯᠠᠵᠤ᠂ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠴᠦ᠂ ᠪᠦᠯᠬᠦᠮᠳᠡᠨ ᠲᠡᠮᠡᠴᠡᠵᠦ᠂ ᠯᠠᠪᠳᠠᠭᠤᠨ ᠪᠠᠲᠤᠲᠠᠢ ᠠᠵᠢᠯᠯᠠᠪᠠᠯ᠂ ᠯᠠᠪᠲᠠᠢ ᠨᠡᠶᠢᠭᠡᠮ | ᠵᠢᠷᠤᠮ ᠤᠨ ᠰᠣᠶᠣᠯ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ | ᠲᠠᠰᠤᠷᠠᠯᠳᠠ ᠦᠭᠡᠢ ᠪᠢᠴᠢᠭᠯᠡᠵᠦ᠂ ᠳᠤᠮᠳᠠᠳᠤ ᠶᠢᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ | ᠲᠠᠰᠤᠷᠠᠯᠳᠠ ᠦᠭᠡᠢ ᠡᠭᠦᠳᠴᠦ᠂ ᠨᠡᠶᠢᠭᠡᠮ ᠵᠢᠷᠦᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ | ᠠᠬᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ | ᠂ ᠠᠰᠢᠭᠲᠠᠢ ᠰᠣᠶᠣᠯ ᠤᠨ ᠨᠥᠬᠦᠴᠡᠯ ᠢ ᠬᠠᠩᠭᠠᠵᠤ ᠴᠢᠳᠠᠨ᠎ᠠ᠃ | ᠰᠤᠪᠤᠳ |