ᠦᠰᠦᠭ ᠪᠢᠴᠢᠭ ᠤᠨ ᠲᠠᠶᠢᠯᠤᠮᠵᠢ᠄ ︽ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ | ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠵᠦᠢᠯ ᠢ ᠲᠣᠬᠢᠷᠠᠭᠤᠯᠤᠨ ᠰᠢᠯᠢᠳᠡᠭᠵᠢᠭᠦᠯᠬᠦ ᠲᠤᠬᠠᠢ ᠮᠡᠳᠡᠭᠳᠡᠯ︾ | ᠥᠪᠡᠷᠲᠡᠭᠡᠨ ᠵᠠᠰᠠᠬᠤ ᠣᠷᠣᠨ ᠪᠠ ᠲᠦᠩᠯᠢᠶᠣᠣ ᠬᠤᠲᠠ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠬᠠᠮᠢᠶ᠎ᠠ ᠪᠦᠬᠦᠢ ᠠᠷᠭ᠎ᠠ ᠪᠠ ᠮᠠᠨ ᠤ ᠬᠤᠰᠢᠭᠤᠨ ᠤ ᠪᠣᠳᠠᠲᠠᠢ ᠪᠠᠶᠢᠳᠠᠯ ᠢ ᠦᠨᠳᠦᠰᠦᠯᠡᠨ᠂ ᠵᠠᠰᠠᠭ ᠵᠠᠬᠢᠷᠭᠠᠨ ᠤ | ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠣᠬᠢᠷᠠᠭᠤᠯᠬᠤ ᠪᠠ ᠰᠢᠯᠢᠳᠡᠭᠵᠢᠭᠦᠯᠬᠦ | ᠠᠷᠭ᠎ᠠ ᠶᠢ ᠲᠣᠭᠲᠠᠭᠠᠵᠤ᠂ ᠭᠤᠣᠯᠳᠠᠭᠤ ᠪᠢᠴᠢᠭ ᠮᠠᠲ᠋ᠧᠷᠢᠶᠠᠯ ᠲᠣᠭᠲᠠᠭᠠᠭᠰᠠᠨ ᠠᠬᠤᠢ ᠪᠠᠶᠢᠳᠠᠯ᠂ ᠲᠣᠬᠢᠷᠠᠭᠤᠯᠤᠯᠲᠠ | ᠪᠠ ᠰᠢᠯᠢᠳᠡᠭᠵᠢᠭᠦᠯᠦᠯᠲᠡ ᠶᠢᠨ ᠭᠤᠣᠯ ᠠᠭᠤᠯᠭ᠎ᠠ ᠵᠡᠷᠭᠡ ᠲᠠᠯ᠎ᠠ ᠪᠠᠷ ᠲᠠᠶᠢᠯᠤᠮᠵᠢ ᠬᠢᠪᠡ᠃ | ᠨᠢᠭᠡ᠂ ᠪᠢᠴᠢᠭ ᠮᠠᠲ᠋ᠧᠷᠢᠶᠠᠯ ᠲᠣᠭᠲᠠᠭᠠᠭᠰᠠᠨ ᠠᠬᠤᠢ ᠪᠠᠶᠢᠳᠠᠯ | ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠤ ︽ᠡᠭᠦᠷᠭᠡ ᠴᠢᠳᠠᠪᠬᠢ ᠶᠢᠨ ᠡᠭᠦᠷᠭᠡ | ᠬᠠᠷᠢᠭᠤᠴᠠᠯᠭ᠎ᠠ ᠶᠢ ᠰᠢᠯᠢᠳᠡᠭᠵᠢᠭᠦᠯᠵᠦ᠂ ᠠᠵᠢᠯ ᠤᠨ ᠶᠠᠪᠤᠴᠠ ᠶᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ | ᠥᠷᠨᠢᠭᠦᠯᠬᠦ ᠬᠠᠮᠢᠶ᠎ᠠ ᠪᠦᠬᠦᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠰᠠᠭ | ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠰᠠᠯᠠᠭ᠎ᠠ ᠮᠥᠴᠢᠷ᠂ | ᠨᠢᠭᠡᠴᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ | ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠴᠢᠳᠠᠪᠬᠢ ᠶᠢ ᠳᠡᠭᠡᠭᠰᠢᠯᠡᠭᠦᠯᠵᠦ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠵᠠᠷᠯᠢᠭ 257 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭ᠎ᠠ | ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ︵ᠦᠪᠦᠷ | ᠮᠤᠩᠭᠤᠯ ᠡᠳ᠋ ᠬᠥᠷᠥᠩᠭᠡ〔2020〕1216 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠲᠦᠷᠢᠶᠡᠰᠦᠯᠡᠭᠦᠯᠵᠦ ᠵᠢᠭᠡᠯᠡᠭᠦᠯᠬᠦ ︵ ᠦᠪᠦᠷ ᠮᠤᠩᠭᠤᠯ ᠡᠳ᠋ ᠬᠥᠷᠥᠩᠭᠡ ﹇2019﹈ 470 ᠳ᠋ᠤᠭᠠᠷ ᠲᠣᠭᠠᠲᠤ︶᠂ | ︽︿ᠲᠦᠩᠯᠢᠶᠣᠣ ᠬᠤᠲᠠ ᠶᠢᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ﹀ ᠶᠢ | ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠲᠦᠩᠯᠢᠶᠥᠥ ᠡᠳ᠋ ᠬᠥᠷᠥᠩᠭᠡ ﹇2020﹈ 816 ᠳ᠋ᠤᠭᠠᠷ | ᠲᠣᠭᠠᠲᠤ︶ ᠪᠠ ︽︿ᠲᠦᠩᠯᠢᠶᠣᠣ ᠬᠤᠲᠠ ᠶᠢᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ | ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠵᠦ ᠵᠢᠭᠡᠯᠡᠭᠦᠯᠬᠦ ᠬᠠᠮᠢᠶᠠᠷᠤᠯᠲᠠ ᠶᠢᠨ | ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠲᠦᠩᠯᠢᠶᠥᠥ ᠡᠳ᠋ ᠬᠥᠷᠥᠩᠭᠡ ﹇2020﹈ 356 | ᠳ᠋ᠤᠭᠠᠷ ᠲᠣᠭᠠᠲᠤ︶᠂ ᠲᠦᠩᠯᠢᠶᠣᠣ ᠬᠤᠲᠠ ᠶᠢᠨ ︽ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠡᠷᠬᠡ ᠮᠡᠳᠡᠯ ᠢ ᠲᠣᠬᠢᠷᠠᠭᠤᠯᠤᠨ ᠰᠢᠯᠢᠳᠡᠭᠵᠢᠭᠦᠯᠬᠦ ᠬᠠᠮᠢᠶ᠎ᠠ ᠪᠦᠬᠦᠢ ᠵᠦᠢᠯᠡᠰ ᠤᠨ | ᠲᠤᠬᠠᠢ ᠮᠡᠳᠡᠭᠳᠡᠯ︾ ︵ᠵᠠᠰᠠᠭ ᠵᠠᠬᠢᠷᠭ᠎ᠠ ᠡᠳ᠋ ᠬᠥᠷᠥᠩᠭᠡ ﹇2023﹈ 572 ᠳ᠋ᠤᠭᠠᠷ ᠲᠣᠭᠠᠲᠤ︶ ᠢᠶᠠᠷ ᠯᠠᠪᠯᠠᠯᠲᠠ | ᠪᠣᠯᠭᠠᠵᠤ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠲᠠᠰᠤᠭ ᠲᠤ ︽ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠬᠠᠮᠢᠶ᠎ᠠ ᠪᠦᠬᠦᠢ ᠵᠦᠢᠯᠡᠰ ᠢ ᠲᠣᠬᠢᠷᠠᠭᠤᠯᠤᠨ ᠰᠢᠯᠢᠳᠡᠭᠵᠢᠭᠦᠯᠬᠦ ᠲᠤᠬᠠᠢ ᠮᠡᠳᠡᠭᠳᠡᠯ︾ ᠢ | ᠲᠤᠭᠤᠷᠪᠢᠭᠰᠠᠨ ᠪᠥᠭᠡᠳ ᠮᠠᠨ ᠤ ᠬᠤᠰᠢᠭᠤᠨ ᠤ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠠᠨᠠᠯ ᠢ | ᠬᠤᠷᠢᠶᠠᠪᠠ᠃ | ᠬᠤᠶᠠᠷ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠭᠤᠣᠯ ᠠᠭᠤᠯᠭ᠎ᠠ ᠶᠢ ᠲᠣᠬᠢᠷᠠᠭᠤᠯᠤᠨ | ᠰᠢᠯᠢᠳᠡᠭᠵᠢᠭᠦᠯᠦᠨ᠎ᠡ | ᠲᠣᠰ ᠤᠳᠠᠭ᠎ᠠ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠣᠬᠢᠷᠠᠭᠤᠯᠤᠨ ᠰᠢᠯᠢᠳᠡᠭᠵᠢᠭᠦᠯᠬᠦ ᠪᠣᠯ ᠵᠠᠰᠠᠭ | ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠬᠤᠯᠪᠣᠭᠳᠠᠯ ᠪᠦᠬᠦᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ | ᠰᠢᠢᠳᠪᠦᠷᠢᠯᠡᠬᠦ᠂ ᠲᠦᠷᠢᠶᠡᠰᠦᠯᠡᠭᠦᠯᠵᠦ ᠵᠢᠭᠡᠯᠡᠭᠦᠯᠬᠦ ᠶᠠᠪᠤᠴᠠ ᠳᠠᠬᠢ ᠬᠠᠮᠢᠶᠠᠷᠤᠯᠲᠠ ᠪᠠ ᠬᠢᠨᠠᠨ ᠵᠥᠪᠰᠢᠶᠡᠷᠡᠬᠦ | ᠡᠷᠬᠡ ᠶᠢᠨ ᠬᠢᠵᠠᠭᠠᠷ ᠪᠣᠯᠣᠨ᠎ᠠ᠂ ᠭᠤᠣᠯᠳᠠᠭᠤ ᠳᠣᠣᠷᠠᠬᠢ ᠵᠢᠷᠭᠤᠭᠠᠨ ᠲᠠᠯ᠎ᠠ ᠪᠠᠷ ᠰᠢᠯᠢᠳᠡᠭᠵᠢᠭᠦᠯᠦᠨ᠎ᠡ᠄ ᠨᠢᠭᠡ ᠳᠤ | ᠰᠠᠯᠠᠭ᠎ᠠ ᠮᠥᠴᠢᠷ ᠤᠨ ᠡᠳ᠋ ᠬᠥᠷᠥᠩᠭᠡ ᠶᠢ ᠰᠢᠢᠳᠪᠦᠷᠢᠯᠡᠬᠦ ᠡᠷᠬᠡ ᠮᠡᠳᠡᠯ ᠤᠨ ᠬᠡᠪᠴᠢᠶ᠎ᠡ ᠶᠢ ᠳᠡᠭᠡᠭᠰᠢᠯᠡᠭᠦᠯᠵᠦ᠂ | ᠲᠣᠨᠤᠭ ᠲᠥᠬᠦᠭᠡᠷᠦᠮᠵᠢ ᠶᠢᠨ ᠲᠥᠷᠥᠯ᠂ ᠭᠡᠷ ᠤᠨ ᠡᠳ᠋ᠯᠡᠯ ᠬᠡᠷᠡᠭᠰᠡᠯ ᠤᠨ ᠲᠥᠷᠥᠯ ᠤᠨ ᠡᠳ᠋ ᠬᠥᠷᠥᠩᠭᠡ ᠶᠢ | ᠰᠢᠢᠳᠪᠦᠷᠢᠯᠡᠬᠦ ᠡᠷᠬᠡ ᠮᠡᠳᠡᠯ ᠤᠨ ᠬᠡᠪᠴᠢᠶ᠎ᠡ ᠶᠢ 0 ᠲᠦᠮᠡᠨ ᠲᠥᠭᠦᠷᠢᠭ ᠪᠠᠶᠢᠭᠰᠠᠨ ᠠᠴᠠ 30 ᠲᠦᠮᠡᠨ ᠲᠥᠭᠦᠷᠢᠭ | ᠪᠣᠯᠭᠠᠨ ᠳᠡᠭᠡᠭᠰᠢᠯᠡᠭᠦᠯᠵᠦ᠂ ᠳᠠᠯᠳᠠ ᠡᠳ᠋ ᠬᠥᠷᠥᠩᠭᠡ᠂ ᠡᠷᠭᠢᠮᠡᠯ ᠡᠳ᠋ ᠬᠥᠷᠥᠩᠭᠡ ᠵᠡᠷᠭᠡ ᠡᠳ᠋ ᠬᠥᠷᠥᠩᠭᠡ ᠶᠢ | ᠰᠢᠢᠳᠪᠦᠷᠢᠯᠡᠬᠦ ᠡᠷᠬᠡ ᠮᠡᠳᠡᠯ ᠤᠨ ᠬᠡᠪᠴᠢᠶ᠎ᠡ ᠶᠢ 20 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠦᠨ᠎ᠡ︔ | ᠬᠤᠶᠠᠷ ᠲᠤ ᠰᠠᠯᠠᠭ᠎ᠠ ᠮᠥᠴᠢᠷ ᠤᠨ ᠳᠣᠲᠣᠭᠠᠳᠤ ᠳᠠᠭᠠᠨ ᠰᠢᠯᠵᠢᠭᠦᠯᠦᠨ ᠥᠭᠭᠦᠭᠰᠡᠨ ᠡᠳ᠋ ᠬᠥᠷᠥᠩᠭᠡ ᠶᠢ ᠪᠦᠬᠦᠨ ᠢ | ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠨ᠎ᠡ︔ ᠭᠤᠷᠪᠠ ᠳᠤ ᠭᠠᠵᠠᠷ ᠰᠢᠷᠣᠢ ᠶᠢ ᠬᠡᠷᠡᠭᠯᠡᠬᠦ ᠡᠷᠬᠡ᠂ ᠭᠡᠷ | ᠪᠠᠶᠢᠰᠢᠩ ᠤᠨ ᠪᠠᠷᠢᠯᠭ᠎ᠠ ᠶᠢᠨ ᠵᠦᠢᠯ᠂ ᠲᠡᠷᠭᠡ ᠬᠥᠰᠬᠡ ᠵᠡᠷᠭᠡ ᠡᠳ᠋ ᠬᠥᠷᠥᠩᠭᠡ ᠶᠢ ᠰᠢᠢᠳᠪᠦᠷᠢᠯᠡᠬᠦ ᠳᠤ ᠦᠷᠭᠦᠯᠵᠢᠯᠡᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︔ ᠳᠥᠷᠪᠡ ᠳᠤ ᠡᠳ᠋ ᠬᠥᠷᠥᠩᠭᠡ ᠪᠠᠨ | ᠲᠦᠷᠢᠶᠡᠰᠦᠯᠡᠭᠦᠯᠵᠦ ᠵᠢᠭᠡᠯᠡᠭᠦᠯᠬᠦ ᠶᠢ ᠰᠢᠢᠳᠪᠦᠷᠢᠯᠡᠬᠦ ᠡᠷᠬᠡ ᠶᠢᠨ ᠬᠡᠪᠴᠢᠶ᠎ᠡ ᠶᠢ 0 ᠲᠦᠮᠡᠨ ᠲᠥᠭᠦᠷᠢᠭ | ᠪᠠᠶᠢᠭᠰᠠᠨ ᠠᠴᠠ 30 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠦᠨ᠎ᠡ︔ ᠲᠠᠪᠤ ᠳᠤ ᠡᠳ᠋ ᠬᠥᠷᠥᠩᠭᠡ ᠶᠢ | ᠰᠢᠢᠳᠪᠦᠷᠢᠯᠡᠬᠦ ᠠᠷᠭ᠎ᠠ ᠮᠠᠶ᠋ᠢᠭ ᠢ ᠵᠢᠷᠤᠮᠵᠢᠭᠤᠯᠤᠨ᠎ᠠ︔ ᠵᠢᠷᠭᠤᠭ᠎ᠠ ᠳᠤ ᠡᠳ᠋ ᠬᠥᠷᠥᠩᠭᠡ ᠶᠢ ᠰᠢᠢᠳᠪᠦᠷᠢᠯᠡᠭᠰᠡᠨ | ᠣᠷᠣᠯᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ | ᠭᠤᠷᠪᠠ᠂ ᠪᠤᠰᠤᠳ ᠲᠣᠳᠣᠷᠬᠠᠶᠢᠯᠠᠬᠤ ᠴᠢᠬᠤᠯᠠᠲᠠᠢ ᠪᠠᠶᠢᠳᠠᠯ | ᠲᠤᠰ ᠮᠡᠳᠡᠭᠳᠡᠯ ᠳᠤ ᠵᠥᠪᠬᠡᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠬᠤᠯᠪᠣᠭᠳᠠᠯ ᠪᠦᠬᠦᠢ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠰᠢᠢᠳᠪᠦᠷᠢᠯᠡᠬᠦ᠂ ᠲᠦᠷᠢᠶᠡᠰᠦᠯᠡᠭᠦᠯᠵᠦ ᠵᠢᠭᠡᠯᠡᠭᠦᠯᠬᠦ ᠶᠠᠪᠤᠴᠠ ᠳᠠᠬᠢ | ᠬᠠᠮᠢᠶᠠᠷᠤᠯᠲᠠ ᠳᠤ ᠲᠣᠬᠢᠷᠠᠭᠤᠯᠤᠯᠲᠠ ᠬᠢᠵᠦ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠪᠤᠰᠤᠳ | ᠵᠦᠢᠯᠡᠰ ᠢ ᠦᠷᠭᠦᠯᠵᠢᠯᠡᠨ ︽︿ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠰᠠᠭ ᠵᠠᠬᠢᠷᠭ᠎ᠠ ᠠᠵᠢᠯ | ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠬᠠᠮᠢᠶᠠᠷᠤᠯᠲᠠ ᠶᠢᠨ | ᠠᠷᠭ᠎ᠠ﹀ ᠶᠢᠨ ᠲᠤᠬᠠᠢ ᠮᠡᠳᠡᠭᠳᠡᠯ︾ ︵ᠬᠤᠶᠢᠳᠤ ᠬᠤᠰᠢᠭᠤᠨ ᠤ ᠡᠳ᠋ ᠬᠥᠷᠥᠩᠭᠡ ﹇2020﹈ 268 ᠳ᠋ᠤᠭᠠᠷ | ᠲᠣᠭᠠᠲᠤ︶ ︽︿ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ | ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠵᠦ ᠵᠢᠭᠡᠯᠡᠭᠦᠯᠬᠦ ᠬᠠᠮᠢᠶᠠᠷᠤᠯᠲᠠ ᠶᠢᠨ | ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠬᠤᠶᠢᠳᠤ ᠬᠤᠰᠢᠭᠤᠨ ᠤ ᠡᠳ᠋ ᠬᠥᠷᠥᠩᠭᠡ | ᠲᠣᠭᠲᠠᠭᠠᠯ ﹇2020﹈ 254 ᠳ᠋ᠦᠭᠡᠷ ᠲᠣᠭᠠᠲᠤ︶ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠲᠣᠰ ︽ | ᠲᠠᠶᠢᠯᠤᠮᠵᠢ︾ ᠶᠢ ᠬᠡᠷᠡᠭᠵᠢᠭᠦᠯᠬᠦ ᠶᠠᠪᠤᠴᠠ ᠳᠤ ᠮᠠᠳᠠᠭ ᠲᠠᠢ ᠪᠠᠶᠢᠪᠠᠯ᠂ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠲᠠᠰᠤᠭ ᠠᠴᠠ ᠠᠰᠠᠭᠤᠨ ᠯᠠᠪᠯᠠᠵᠤ ᠪᠣᠯᠣᠨ᠎ᠠ᠃ | | ᠬᠠᠷᠢᠯᠴᠠᠬᠤ ᠬᠥᠮᠥᠨ᠄ ᠯᠦ ᠶᠠᠨ ᠲᠢᠩ ᠤᠨ ᠬᠠᠷᠢᠯᠴᠠᠬᠤ ᠤᠲᠠᠰᠤ᠄ 0475 ︱ 5212389 | ᠲᠠᠶᠢᠯᠤᠮᠵᠢ ᠬᠢᠬᠦ ᠨᠢᠭᠡᠴᠡ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠳ᠋ ᠤᠨ ᠵᠠᠰᠠᠭ ᠤᠨ | ᠲᠣᠪᠴᠢᠶ᠎ᠠ | ᠲᠠᠶᠢᠯᠤᠮᠵᠢ ᠬᠢᠭᠴᠢ᠄ ᠯᠦ ᠶᠠᠨ ᠲᠢᠩ ᠤᠨ ᠬᠠᠷᠢᠯᠴᠠᠬᠤ ᠤᠲᠠᠰᠤ᠄ 0475 ︱ 5212389 | | | | |