ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠰᠡᠭ ᠵᠠᠮ ᠢ ᠪᠢᠲᠡᠭᠦᠮᠵᠢᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/11/21
  ᠥᠷᠭᠡᠨ ᠣᠯᠠᠨ ᠰᠠᠭᠤᠭᠠᠯᠢ ᠠᠷᠠᠳ   ᠲᠤ᠄      ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠣᠰᠣᠭᠠᠷ᠂ ᠬᠦᠷᠢᠶᠡᠯᠡᠩ ᠲᠣᠭᠤᠷᠢᠭ ᠤᠨ ᠬᠡᠰᠡᠭ ᠭᠠᠵᠠᠷ ᠢ ᠲᠡᠭᠰᠢᠯᠡᠬᠦ ᠪᠠᠷ ᠪᠠᠶᠢᠨ᠎ᠠ᠃ ᠬᠠᠷᠢᠶ᠎ᠠ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠵᠤ᠂ ᠪᠠᠷᠢᠯᠭ᠎ᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠰᠡᠭ ᠵᠠᠮ ᠢ ᠪᠢᠲᠡᠭᠦᠮᠵᠢᠯᠡᠨ ᠬᠠᠮᠢᠶᠠᠷᠬᠤ ᠪᠠᠷ ᠪᠤᠯᠪᠠ᠂ ᠪᠣᠳᠠᠲᠠᠶ ᠪᠠᠶᠢᠳᠠᠯ  ᠨᠢ ᠳᠣᠤᠷᠠᠬᠢ ᠮᠡᠲᠦ  ᠄    ᠨᠢᠭᠡ᠂ ᠪᠢᠳᠡᠬᠦᠮᠵᠢᠯᠡᠬᠦ ᠵᠠᠮ ᠤᠨ ᠬᠡᠰᠡᠭ᠄ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ 16 ᠳ᠋ᠤᠭᠠᠷ ᠵᠠᠮ ᠤᠨ ᠪᠠᠷᠠᠭᠤᠨᠳᠡᠬᠢ ᠣᠷᠣᠬᠤ ᠡᠭᠦᠳᠡ᠂ 5 ᠳ᠋ᠤᠭᠠᠷ ᠵᠠᠮ ᠬᠢᠭᠡᠳ 13 ᠳ᠋ᠤᠭᠠᠷ ᠵᠠᠮ ᠤᠨ ᠠᠭᠤᠯᠵᠠᠷ ᠤᠨ ᠡᠮᠦᠨ᠎ᠡ ᠲᠠᠯ᠎ᠠ᠂ 7 ᠳ᠋ᠤᠭᠠᠷ ᠵᠠᠮ ᠤᠨ  ᠡᠮᠦᠨᠡᠳᠡᠬᠢ ᠣᠷᠣᠬᠤ ᠡᠭᠦᠳᠡ᠂ 7 ᠳ᠋ᠤᠭᠠᠷ ᠵᠠᠮ ᠬᠢᠭᠡᠳ 14 ᠳ᠋ᠤᠭᠡᠷ ᠵᠠᠮ ᠤᠨ ᠠᠭᠤᠯᠵᠠᠷ ᠤᠨ ᠪᠠᠷᠠᠭᠤᠨ ᠲᠠᠯ᠎ᠠ᠂ 7 ᠳ᠋ᠤᠭᠠᠷ ᠵᠠᠮ ᠬᠢᠭᠡᠳ 13 ᠳ᠋ᠤᠭᠠᠷ ᠵᠠᠮ ᠤᠨ ᠠᠭᠤᠯᠵᠠᠷ ᠤᠨ ᠡᠮᠦᠨ᠎ᠡ ᠲᠠᠯ᠎ᠠ᠂ 8 ᠳ᠋ᠤᠭᠠᠷ ᠵᠠᠮ ᠬᠢᠭᠡᠳ 13 ᠳ᠋ᠤᠭᠠᠷ ᠵᠠᠮ ᠤᠨ ᠠᠭᠤᠯᠵᠠᠷ ᠤᠨ ᠡᠮᠦᠨ᠎ᠡ ᠲᠠᠯ᠎ᠠ  ᠃    ᠬᠤᠶᠠᠷ᠂ ᠪᠢᠲᠡᠭᠦᠮᠵᠢᠯᠡᠬᠦ ᠴᠠᠭ᠄ 2023 ᠣᠨ ᠤ 11 ᠰᠠᠷ᠎ᠠ ᠶᠢᠨ 20 ᠤ ᠡᠳᠦᠷ ᠤᠨ 6 ᠴᠠᠭ ᠠᠴᠠ 12 ᠰᠠᠷ᠎ᠠ ᠶᠢᠨ 9 ᠤ ᠡᠳᠦᠷ ᠤᠨ 18 ᠴᠠᠭ ᠪᠣᠯᠲᠠᠯ᠎ᠠ᠃    ᠭᠤᠷᠪᠠ᠂ ᠪᠠᠷᠢᠯᠭ᠎ᠠ ᠪᠠᠷᠢᠬᠤ ᠬᠤᠭᠤᠴᠠᠭᠠᠨ ᠳᠤ ᠵᠠᠮ ᠪᠢᠲᠡᠭᠦᠮᠵᠢᠯᠡᠵᠦ᠂ ᠥᠷᠭᠡᠨ ᠣᠯᠠᠨ ᠠᠷᠠᠳ ᠲᠦᠮᠡᠨ ᠭᠠᠳᠠᠭᠰᠢ ᠭᠠᠷᠬᠤ ᠵᠠᠮ ᠱᠤᠭᠤᠮ ᠢᠶᠠᠨ ᠵᠦᠶ ᠵᠣᠬᠢᠰᠲᠠᠶ ᠲᠣᠬᠢᠷᠠᠭᠤᠯᠵᠤ᠂ 13 ᠳ᠋ᠤᠭᠠᠷ ᠵᠠᠮ ᠢᠶᠠᠷ ᠲᠣᠭᠤᠷᠢᠵᠤ ᠶᠠᠪᠤᠭᠠᠷᠠᠢ᠃ ᠪᠠᠷᠢᠯᠭ᠎ᠠ ᠶᠢᠨ ᠠᠵᠢᠯ ᠠᠴᠠ ᠪᠤᠯᠤᠭᠰᠠᠨ ᠳᠥᠭᠦᠮ ᠪᠤᠰᠤ ᠶᠢ ᠥᠷᠭᠡᠨ ᠣᠯᠠᠨ ᠲᠦᠮᠡᠨ ᠠᠭᠤᠴᠢᠯᠠᠨ ᠪᠠᠭᠳᠠᠭᠠᠷᠠᠢ︕    ᠣᠨᠴᠠᠭᠠᠶᠢᠯᠠᠨ ᠵᠠᠷᠯᠠᠪᠠ                         ᠬᠤᠷᠴᠢᠨ ᠵᠡᠭᠦᠨ ᠭᠠᠷᠤᠨ  ᠬᠤᠶᠢᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ                     ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                                                                   2023 ᠣᠨ ᠤ 11 ᠰᠠᠷ᠎ᠠ ᠶᠢᠨ 19 ᠤ ᠡᠳᠦᠷ    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号