ᠨᠢᠭᠡ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠨᠡᠮᠡᠭᠳᠡᠯ ᠤᠨ ᠬᠤᠷᠳᠤᠴᠠ | ᠪᠦᠬᠦ ᠬᠤᠳᠠ ᠳᠤ ᠲᠦᠷᠦᠭᠦᠯᠡᠪᠡ᠃ ᠲᠦᠷᠦᠭᠦᠸ ᠭᠤᠷᠪᠠᠨ ᠤᠯᠠᠷᠢᠯ ᠳᠤ ᠪᠥᠬᠦ ᠬᠤᠰᠢᠭᠤᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ 79.39 ᠳ᠋ᠦᠩᠰᠢᠭᠤᠷ ᠲᠥᠭᠦᠷᠢᠭ ᠬᠦᠷᠴᠦ᠂ ᠥᠯᠥ ᠬᠤᠪᠢᠰᠬᠤ | ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 7.2% ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ | ᠦᠢᠯᠡᠰ ᠤᠨ ᠨᠡᠮᠡᠭᠳᠡᠯ ᠥᠷᠲᠡᠭ 12.45 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ | ᠬᠢ ᠠᠴᠠ 7.0% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 14.20 ᠳ᠋ᠦᠩᠰᠢᠭᠤᠷ | ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 14.4% ᠨᠡᠮᠡᠭᠳᠡᠪᠡ︔ ᠭᠤᠷᠪᠠᠳᠤᠭᠠᠷ ᠠᠵᠤ | ᠦᠢᠯᠡᠰ ᠤᠨ ᠨᠡᠮᠡᠭᠳᠡᠯ ᠥᠷᠲᠡᠭ 52.74 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ | ᠬᠢ ᠠᠴᠠ 5.5% ᠨᠡᠮᠡᠭᠳᠡᠪᠡ᠃ ᠭᠤᠷᠪᠠᠨ ᠠᠵᠤ ᠦᠢᠯᠡᠰ ᠤᠨ ᠬᠠᠷᠢᠴᠠᠯ ᠨᠢ 15.7᠄ 17.9᠄ 64.4 | ᠪᠣᠯᠣᠨ᠎ᠠ᠃ | ᠬᠤᠶᠠᠷ ᠲᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠪᠥᠬᠦ ᠬᠤᠲᠠ ᠶᠢᠨ | ᠲᠡᠷᠢᠭᠦᠨ ᠳᠤ ᠣᠷᠣᠪᠠ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 8.8% ᠨᠡᠮᠡᠭᠳᠡᠪᠡ᠃ | ᠭᠤᠷᠪᠠ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠦᠷᠭᠦᠯᠵᠢᠯᠡᠨ ᠳᠡᠭᠡᠳᠦ ᠬᠤᠷᠳᠤᠴᠠ ᠪᠠᠷ | ᠨᠡᠮᠡᠭᠳᠡᠵᠦ᠂ ᠪᠥᠬᠦ ᠬᠤᠲᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 76.1 ᠵᠠᠭᠤᠨ ᠤ ᠨᠢᠭᠡᠴᠢ ᠥᠨᠳᠥᠷ | ᠪᠣᠯᠪᠠ᠃ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 11.9% ᠨᠡᠮᠡᠭᠳᠡᠪᠡ᠃ | ᠳᠥᠷᠪᠡ ᠳᠤ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠤ ᠰᠡᠷᠭᠦᠯᠲᠡ ᠶᠢᠨ ᠴᠢᠨᠠᠷᠲᠠᠢ ᠨᠡᠮᠡᠭᠳᠡᠯ ᠢᠯᠡᠷᠡᠪᠡ᠃ | ᠪᠥᠬᠦ ᠬᠤᠰᠢᠭᠤᠨ ᠤ ᠪᠥᠬᠦ ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠪᠤᠷᠤᠯᠠᠭᠤᠯᠬᠤ ᠬᠡᠮᠵᠢᠶ᠎ᠡ ᠨᠢ ᠠᠳᠠᠯᠢ | ᠬᠤᠭᠤᠴᠠᠭᠠᠨ ᠤ ᠬᠢ ᠠᠴᠠ 1.7% ᠨᠡᠮᠡᠭᠳᠡᠵᠡᠢ᠃ | ᠲᠠᠪᠤ ᠳᠤ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠲᠣᠭᠲᠠᠭᠤᠨ ᠢᠶᠠᠷ ᠨᠡᠮᠡᠭᠳᠡᠵᠦ᠂ ᠣᠷᠣᠯᠭ᠎ᠠ ᠶᠢᠨ | ᠬᠠᠷᠢᠴᠠᠯ ᠤᠨ ᠬᠡᠮᠵᠢᠭᠳᠡᠯ ᠤᠯᠠᠮ ᠨᠢᠭᠡ ᠠᠯᠬᠤᠮ ᠪᠠᠭᠠᠰᠤᠪᠠ᠃ ᠪᠥᠬᠦ ᠬᠤᠰᠢᠭᠤᠨ ᠤ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠯ ᠣᠷᠣᠯᠭ᠎ᠠ 28221 ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.2% ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ | ᠬᠥᠮᠥᠨ ᠳᠤᠮᠳᠠᠴᠢ ᠡᠵᠡᠮᠳᠡᠯ ᠣᠷᠣᠯᠭ᠎ᠠ 12868 ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 8. | 3% ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠯ ᠣᠷᠣᠯᠭ᠎ᠠ ᠶᠢᠨ ᠬᠠᠷᠢᠴᠠᠯ 2.19 | ᠪᠠᠶᠢᠵᠤ᠂ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 0.04 ᠪᠠᠭᠠᠰᠪᠠ᠃ |