ᠬᠤᠷᠴᠢᠨ ᠵᠡᠭᠦᠨ ᠭᠠᠷᠤᠨ ᠬᠤᠶᠢᠲᠤ ᠬᠤᠰᠢᠭᠤ  ᠬᠤᠳᠠ ᠪᠠᠯᠭᠠᠰᠤ ᠶᠢᠨ ᠴᠢᠨᠡᠷ ᠲᠡᠰ ᠢ ᠲᠡᠭᠡᠭᠰᠢᠯᠡᠬᠦᠯᠵᠦ ᠠᠷᠠᠳ ᠤᠨ ᠠᠮᠢᠳᠤᠷᠠᠯ ᠤᠨ ᠵᠤᠯ ᠵᠢᠷᠭᠠᠯ ᠢ ᠨᠡᠮᠡᠭᠳᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2023/11/22
   2023 ᠣᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠠᠷᠠᠳ ᠤᠨ ᠠᠮᠢᠳᠤᠷᠠᠯ ᠢᠶᠠᠷ ᠭᠤᠣᠯᠳᠠᠯᠭ᠎ᠠ ᠪᠣᠯᠭᠠᠨ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠬᠤᠳᠠ ᠪᠠᠯᠭᠠᠰᠤ ᠶᠢᠨ ᠴᠢᠨᠡᠷ ᠲᠡᠰ ᠢ ᠲᠡᠭᠡᠭᠰᠢᠯᠡᠬᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠤ ᠦᠢᠯᠡᠰ ᠴᠣᠭᠴᠠᠯᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠤᠲᠠ ᠪᠠᠯᠭᠠᠰᠤ   ᠶᠢ ᠴᠤᠭᠴᠠᠯᠠᠨ ᠪᠠᠶᠢᠭᠤᠯᠵᠤ᠂ ᠠᠷᠠᠳ ᠤᠨ ᠠᠮᠢᠳᠤᠷᠠᠯ ᠤᠨ ᠵᠤᠯ ᠵᠢᠷᠭᠠᠯ ᠢ ᠨᠡᠮᠡᠭᠳᠡᠬᠦᠯᠵᠦ ᠪᠠᠶᠢᠨ᠎ᠠ᠃    ᠨᠢᠭᠡ᠂ ᠵᠠᠮ ᠤᠨ ᠲᠣᠣᠷ ᠢ ᠰᠦᠯᠵᠢᠨ ᠲᠡᠭᠦᠯᠳᠡᠷᠵᠢᠬᠦᠯᠵᠦ᠂ ᠵᠠᠮ ᠪᠣᠯᠭᠠᠨ ᠢ ᠰᠠᠭᠠᠳ ᠦᠭᠡᠢ ᠨᠡᠪᠳᠡᠷᠡᠬᠦᠯᠪᠡ᠃ ᠡᠨᠡ ᠵᠢᠯ ᠠᠴᠠ ᠨᠠᠰᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠰᠠᠨᠠᠭᠠᠴᠢᠯᠠᠭ᠎ᠠ ᠲᠠᠢ ᠪᠠᠷ ᠰᠢᠪᠳᠤᠯᠤᠯᠳᠠ ᠬᠢᠵᠦ᠂ ᠬᠤᠲᠠ ᠪᠠᠯᠭᠠᠰᠤᠨ ᠤ ᠵᠠᠮ ᠤᠨ ᠲᠣᠪᠣᠶᠢᠮ᠎ᠠ ᠠᠰᠠᠭᠤᠳᠠᠯ ᠪᠠ ᠬᠡᠮ ᠰᠣᠭᠤᠭ ᠲᠤ ᠴᠢᠭᠯᠡᠭᠦᠯᠦᠨ ᠴᠡᠭᠴᠡᠯᠡᠨ ᠵᠠᠰᠠᠵᠤ᠂ ᠬᠤᠲᠠ ᠪᠠᠯᠭᠠᠰᠤᠨ ᠤ ᠵᠠᠮ ᠤᠨ ᠪᠦᠲᠦᠭᠡᠨ ᠪᠠᠶᠢᠭᠤᠯᠤᠯᠲᠠ ᠪᠠ ᠠᠷᠠᠴᠢᠯᠠᠯᠲᠠ ᠶᠢ ᠴᠢᠩᠭᠠᠳᠬᠠᠨ᠂ ᠣᠯᠠᠨ ᠲᠦᠮᠡᠨ ᠤ ᠶᠠᠪᠤᠵᠤ ᠰᠠᠭᠤᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠪᠡ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤ   ᠬᠤᠲᠠ ᠶᠢᠨ ᠵᠠᠮ ᠤᠨ ᠭᠤᠣᠯ ᠪᠠ ᠳᠡᠳ᠋ ᠭᠤᠣᠯ ᠵᠠᠮ ᠵᠢᠴᠢ ᠶᠠᠪᠠᠭᠠᠨ ᠬᠥᠮᠥᠨ ᠤ ᠵᠠᠮ ᠤᠨ ᠰᠠᠯᠪᠤᠷᠢ ᠵᠠᠮ ᠢ ᠨᠡᠶᠢᠲᠡ 180.5 ᠺᠢᠯᠣᠮᠧᠲᠷ ᠰᠢᠨᠡᠳᠬᠡᠨ ᠬᠠᠲᠠᠭᠤᠷᠠᠭᠤᠯᠵᠤ᠂ ᠵᠠᠮ ᠤᠨ ᠭᠠᠳᠠᠷᠭᠤ ᠶᠢ ᠨᠡᠶᠢᠳᠡ23000 ᠲᠡᠭᠰᠢ ᠳᠥᠷᠪᠡᠯᠵᠢᠨ ᠮᠧᠲᠷ ᠰᠡᠯᠪᠢᠨ ᠵᠠᠰᠠᠵᠤ᠂ ᠡᠪᠳᠡᠷᠡᠵᠦ ᠰᠦᠢᠳᠦᠭᠰᠡᠨ ᠶᠠᠪᠠᠭᠠᠨ ᠬᠥᠮᠥᠨ ᠤ ᠵᠠᠮ ᠢ ᠨᠡᠶᠢᠳᠡ 13000 ᠲᠡᠭᠰᠢ ᠳᠥᠷᠪᠡᠯᠵᠢᠨ ᠮᠧᠲᠷ ᠳᠡᠪᠢᠰᠴᠦ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠪᠡ᠃ ᠡᠭᠦᠨ ᠤ ᠵᠡᠷᠭᠡ ᠳᠤ ᠬᠤᠲᠠ ᠪᠠᠯᠭᠠᠰᠤᠨ ᠤ ᠪᠣᠷᠣᠭᠠᠨ ᠤ ᠤᠰᠤ ᠪᠣᠬᠢᠷ ᠤᠰᠤᠨ ᠤ ᠬᠤᠭᠤᠯᠠᠢ ᠶᠢᠨ ᠲᠣᠣᠷ ᠢ ᠲᠣᠭᠲᠠᠮᠠᠯ ᠬᠤᠭᠤᠴᠠᠭ᠎ᠠ ᠲᠠᠢ ᠯᠠᠶᠢᠳᠠᠨ ᠴᠡᠪᠡᠷᠯᠡᠵᠦ᠂ ᠴᠢᠳᠠᠮᠵᠢ ᠪᠠᠨ ᠠᠯᠳᠠᠭᠰᠠᠨ ᠬᠠᠭᠤᠴᠢᠨ ᠬᠤᠭᠤᠯᠠᠢ ᠶᠢ ᠴᠠᠭ ᠲᠤᠬᠠᠢ ᠳᠤᠨᠢ ᠰᠣᠯᠢᠵᠤ᠂ ᠡᠪᠳᠡᠭᠳᠡᠭᠰᠡᠨ ᠤᠰᠤ ᠲᠠᠲᠠᠷᠠᠭᠤᠯᠬᠤ ᠬᠤᠳᠳᠤᠭ ᠢ 86 ᠰᠡᠯᠪᠢᠨ ᠵᠠᠰᠠᠵᠤ᠂ ᠪᠣᠬᠢᠷ ᠤᠰᠤᠨ ᠤ ᠬᠥᠭᠡᠷᠭᠡ ᠶᠢᠨ ᠥᠷᠲᠡᠭᠡ᠂ ᠪᠣᠷᠣᠭᠠᠨ ᠤ ᠤᠰᠤ ᠲᠠᠲᠠᠷᠠᠭᠤᠯᠬᠤ ᠬᠥᠭᠡᠷᠭᠡ ᠶᠢᠨ ᠥᠷᠲᠡᠭᠡ ᠶᠢ ᠲᠣᠰ ᠲᠣᠰ 1 ᠰᠢᠨ᠎ᠡ ᠪᠠᠶᠢᠭᠤᠯᠵᠤ᠂ ᠬᠤᠲᠠ ᠪᠠᠯᠭᠠᠰᠤᠨ ᠤ ᠤᠰᠤ ᠲᠠᠲᠠᠷᠠᠭᠤᠯᠬᠤ ᠴᠢᠳᠠᠮᠵᠢ ᠶᠢ ᠶᠡᠭᠡ ᠪᠠᠷ  ᠲᠡᠭᠡᠭᠰᠢᠯᠡᠭᠦᠯᠪᠡ᠃     ᠬᠤᠶᠠᠷ᠂ ᠨᠣᠭᠤᠭᠠᠨ ᠥᠩᠭᠡ ᠶᠢ ᠨᠡᠮᠡᠭᠳᠡᠭᠦᠯᠦᠨ ᠨᠣᠭᠤᠭᠠᠨ ᠥᠩᠭᠡ ᠶᠢ ᠨᠥᠬᠦᠪᠦᠷᠢᠯᠡᠵᠦ ᠬᠠᠪᠤᠷ ᠨᠠᠮᠤᠷ ᠤᠨ ᠤᠯᠠᠷᠢᠯ ᠳᠤ ᠡᠯᠡᠰᠦ ᠰᠢᠭᠤᠷᠭᠠᠯᠠᠬᠤ ᠶᠢ ᠪᠦᠳᠦᠮᠵᠢᠳᠡᠢ ᠬᠤᠷᠢᠭᠯᠠᠪᠠ᠃ ᠥᠩᠭᠡᠷᠡᠭᠰᠡᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠬᠠᠪᠤᠷ ᠨᠠᠮᠤᠷ ᠤᠨ ᠤᠯᠠᠷᠢᠯ ᠪᠣᠯᠬᠤ ᠪᠦᠷᠢ ᠪᠠᠷᠠᠭᠤᠨ ᠬᠤᠶᠢᠨ᠎ᠠ ᠠᠴᠠ ᠰᠠᠯᠬᠢᠯᠠᠪᠠᠯ᠂ ᠡᠯᠡᠰᠦᠨ ᠰᠢᠭᠤᠷᠭ᠎ᠠ ᠲᠡᠭᠳᠡᠳᠡᠭ ᠪᠠᠶᠢᠪᠠ᠃ ᠣᠯᠠᠨ ᠵᠢᠯ ᠤᠨ ᠰᠢᠨᠲᠠᠷᠠᠰᠢ ᠦᠭᠡᠢ ᠴᠢᠷᠮᠠᠶᠢᠯᠭ᠎ᠠ ᠪᠠᠷ ᠳᠡᠮᠵᠢᠨ᠂ ᠥᠨᠥᠳᠥᠷ ᠤᠨ ᠬᠠᠪᠤᠷ ᠵᠤᠨ ᠤ ᠤᠯᠠᠷᠢᠯ ᠳᠤ ᠨᠤᠭᠤᠭᠠᠨ ᠦᠩᠭᠡ ᠨᠢᠳᠦ ᠲᠦᠬᠦᠷᠭᠡᠵᠦ᠂ ᠥᠨᠳᠥᠷ ᠪᠤᠭᠤᠨᠢ ᠲᠤᠷᠤᠭ ᠮᠤᠳᠤ ᠵᠢᠭᠳᠡᠷᠡᠨ ᠪᠣᠳᠠ ᠰᠥᠭᠡᠭ ᠰᠦᠯᠵᠢᠯᠳᠦᠵᠦ᠂ ᠡᠯᠳᠡᠪ ᠥᠩᠭᠡ ᠶᠢᠨ ᠴᠡᠴᠡᠭ ᠬᠤᠸᠠᠷ ᠢ ᠦᠩᠭᠡ ᠪᠤᠯᠢᠶᠠᠯᠳᠤᠨ ᠲᠡᠯᠭᠡᠷᠡᠵᠦ᠂ ᠵᠡᠭᠡᠯᠢ ᠭᠤᠳᠤᠮᠵᠢ ᠶᠢ ᠴᠢᠮᠡᠭᠯᠡᠨ᠂ ᠬᠠᠷᠠᠭ᠎ᠠ ᠶᠢ ᠪᠠᠶᠠᠰᠬᠠᠨ᠂ ᠰᠡᠳᠬᠢᠯ ᠢ ᠲᠡᠨᠡᠶᠢᠯᠭᠡᠨ᠎ᠡ᠃ ᠵᠥᠪᠬᠡᠨ 2023 ᠣᠨ ᠠᠴᠠ ᠨᠠᠰᠢ᠂ ᠵᠠᠮ ᠵᠡᠭᠡᠯᠢ ᠶᠢᠨ ᠬᠠᠵᠠᠭᠤ ᠶᠢᠨ ᠬᠤᠮᠠᠭ ᠰᠢᠷᠦᠢ ᠶᠢ ᠨᠡᠶᠢᠳᠡ 240 ᠲᠣᠨ ᠦᠩ ᠰᠢᠮᠡᠯᠢᠭ ᠬᠦᠷᠦᠰᠦ ᠪᠠᠷ ᠰᠤᠯᠢᠵᠤ᠂ ᠵᠡᠭᠡᠯᠢ ᠶᠢᠨ ᠬᠠᠵᠠᠭᠤ ᠪᠠᠷ ᠲᠤᠷᠤᠭ ᠮᠣᠳᠣᠨ ᠤ ᠲᠦᠷᠦᠯ ᠢ 1667 ᠰᠠᠭᠤᠷᠢ ᠨᠥᠬᠦᠨ ᠲᠠᠷᠢᠵᠤ᠂ ᠪᠦᠮᠪᠦᠭᠡᠨᠴᠢᠷ ᠮᠤᠳᠤᠨ ᠤ ᠲᠦᠷᠦᠯ ᠢ 1122 ᠰᠠᠭᠤᠷᠢ ᠵᠠᠶᠢᠯᠠᠵᠤ᠂ ᠪᠤᠳᠠ ᠮᠣᠳᠣᠨ ᠤ ᠲᠦᠷᠦᠯ ᠢ 32 ᠰᠠᠭᠤᠷᠢ ᠰᠠᠭᠤᠯᠭᠠᠵᠤ᠂ ᠵᠠᠮᠪᠠ ᠶᠢᠨ ᠲᠦᠷᠦᠯ ᠤᠨ ᠮᠤᠳᠤ ᠶᠢ 440 ᠲᠡᠭᠰᠢ ᠳᠥᠷᠪᠡᠯᠵᠢᠨ ᠮᠧᠲᠷ ᠵᠠᠶᠢᠯᠠᠪᠠ᠃ ᠡᠭᠦᠨ ᠤ ᠬᠠᠮᠲᠤ ᠤᠷᠭᠤᠮᠠᠯ ᠤᠨ ᠬᠤᠴᠢᠯᠭ᠎ᠠ ᠶᠢ ᠬᠠᠮᠠᠭᠠᠯᠠᠬᠤ ᠠᠵᠢᠯ ᠢ ᠴᠢᠩᠭᠠᠳᠬᠠᠵᠤ᠂ ᠡᠳᠡᠭᠡᠷᠡᠯᠲᠡ ᠶᠢᠨ ᠨᠤᠷᠮ᠎ᠠ ᠶᠢ ᠪᠠᠳᠤᠯᠠᠵᠤ᠂ ᠬᠤᠲᠠ ᠪᠠᠯᠭᠠᠰᠤᠨ ᠤ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠲᠡᠭᠡᠭᠰᠢᠯᠡᠬᠦᠯᠵᠦ᠂ ᠠᠷᠠᠳ ᠤᠨ ᠠᠮᠢᠳᠤᠷᠠᠯ ᠢ ᠨᠡᠩ ᠢᠯᠡᠬᠦᠦ ᠰᠡᠯᠡᠬᠦᠨ ᠲᠠᠭᠠᠯᠠᠮᠵᠢᠲᠠᠢ ᠪᠤᠯᠭᠠᠪᠠ᠃     ᠭᠤᠷᠪᠠ᠂ ᠪᠡᠶ᠎ᠡ ᠴᠢᠬᠢᠷᠠᠭᠵᠢᠭᠤᠯᠵᠤ ᠪᠠᠶᠠᠰᠤᠨ ᠴᠡᠩᠭᠡᠯᠳᠦᠬᠦ ᠴᠢᠳᠡᠮᠵᠢ ᠶᠢ ᠲᠡᠭᠡᠭᠰᠢᠯᠡᠬᠦᠯᠵᠦ᠂ ᠤᠷᠤᠨ ᠨᠤᠳᠤᠭ ᠤᠨ ᠵᠠᠩ ᠦᠢᠯᠡ ᠶᠢ ᠭᠦᠢᠴᠡᠳ ᠢᠯᠡᠷᠡᠬᠦᠯᠪᠡ᠃ ᠭᠠᠨᠵᠤᠭ᠎ᠠ ᠪᠠᠯᠭᠠᠰᠤᠨ ᠤ ᠠᠷᠠᠳ ᠤᠨ ᠠᠭᠤᠳᠠᠮ ᠲᠠᠯᠠᠪᠠᠶ ᠪᠠᠨ ᠪᠡᠶ᠎ᠡ ᠲᠠᠮᠢᠷ᠂ ᠲᠠᠭᠤᠤ ᠪᠦᠵᠢᠭ᠂ ᠨᠠᠭᠠᠳᠤᠮ ᠲᠤᠭᠯᠠᠭᠠᠮ᠂ ᠰᠡᠯᠡᠬᠦᠴᠡᠯ᠂ ᠵᠤᠭ᠎ᠠ ᠴᠡᠩᠭᠡᠯ ᠤᠨ ᠴᠡᠴᠡᠷᠯᠢᠭ ᠪᠤᠯᠭᠠᠨ ᠪᠦᠳᠦᠭᠡᠨ ᠪᠠᠶᠢᠭᠤᠯᠵᠤ᠂ ᠦᠷᠭᠡᠨ ᠤᠯᠠᠨ ᠰᠠᠭᠤᠭᠠᠯᠢ ᠠᠷᠠᠳ ᠲᠤ ᠠᠵᠢᠯ ᠠᠮᠢᠳᠤᠷᠠᠯ ᠤᠨ ᠵᠠᠪ ᠴᠢᠯᠦᠭᠡ ᠪᠠᠷ ᠢᠶᠠᠨ ᠬᠤᠷᠠᠨ ᠴᠤᠭᠯᠠᠷᠠᠵᠤ᠂ ᠡᠯ᠎ᠡ ᠵᠦᠢᠯ ᠤᠨ ᠤᠷᠠᠨ ᠰᠠᠶᠢᠬᠠᠨ ᠤ ᠲᠤᠭᠯᠠᠯᠳᠠ᠂ ᠪᠡᠶ᠎ᠡ ᠲᠠᠮᠢᠷ ᠤᠨ ᠬᠦᠳᠡᠯᠭᠡᠭᠡᠨ ᠬᠢᠵᠦ᠂ ᠠᠵᠢᠯ ᠠᠮᠢᠳᠤᠷᠠᠯ ᠤᠨ ᠵᠦᠳᠡᠷᠡᠯ ᠴᠢᠯᠡᠭᠡ ᠪᠠᠨ ᠲᠠᠶᠢᠯᠤᠨ᠂ ᠵᠤᠭᠠᠴᠠᠨ ᠴᠡᠩᠭᠡᠬᠦ ᠲᠠᠭᠠᠳᠠᠢ ᠰᠠᠶᠢᠬᠠᠨ ᠤᠷᠴᠢᠨ ᠬᠠᠩᠭᠠᠪᠠ᠃ ᠣᠳᠣ ᠪᠣᠯᠲᠠᠯ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠨᠢᠭᠡᠨᠲᠡ ᠡᠷᠡᠨ ᠵᠠᠭᠤᠨ ᠠᠭᠤᠳᠠᠮ ᠲᠠᠯᠠᠪᠠᠢ᠂ ᠵᠠᠰᠠᠭ ᠤᠨ ᠣᠷᠳᠣᠨ ᠤ ᠡᠮᠦᠨᠡᠬᠢ ᠠᠭᠤᠳᠠᠮ ᠲᠠᠯᠠᠪᠠᠢ᠂ ᠠᠷᠠᠳ ᠤᠨ ᠠᠭᠤᠳᠠᠮ ᠲᠠᠯᠠᠪᠠᠢ ᠵᠡᠷᠭᠡ 3 ᠲᠣᠮᠣ ᠬᠡᠯᠪᠡᠷᠢ ᠶᠢᠨ ᠠᠭᠤᠳᠠᠮ ᠲᠠᠯᠠᠪᠠᠢ ᠪᠠᠶᠢᠭᠤᠯᠵᠤ᠂ ᠱᠤᠩᠬᠤᠷ ᠴᠡᠴᠡᠷᠯᠢᠭ᠂ ᠠᠭᠤᠯᠠ ᠴᠡᠴᠡᠷᠯᠢᠭ᠂ ᠬᠦᠮᠦᠵᠢᠯ ᠴᠡᠴᠡᠷᠯᠢᠭ ᠵᠡᠷᠭᠡ 3 ᠲᠣᠮᠣ ᠬᠡᠯᠪᠡᠷᠢ ᠶᠢᠨ ᠴᠡᠴᠡᠷᠯᠢᠭ ᠪᠠᠶᠢᠭᠤᠯᠵᠤ᠂ ᠤᠯᠠᠨ ᠲᠦᠮᠡᠨ ᠤ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠵᠤᠭ᠎ᠠ ᠴᠡᠩᠭᠡᠯ ᠤᠨ ᠬᠡᠷᠡᠭᠴᠡᠭᠡ ᠶᠢ ᠬᠠᠩᠭᠠᠬᠤ ᠶᠢᠨ ᠬᠠᠮᠲᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠲᠤ ᠦᠶ᠎ᠡ ᠶᠢᠨ ᠪᠣᠯᠪᠠᠰᠤᠨ ᠳᠤ ᠦᠵᠡᠰᠬᠦᠯᠡᠩᠲᠦ ᠰᠠᠶᠢᠬᠠᠨ ᠦᠩᠭᠡ ᠦᠵᠡᠮᠵᠢ ᠨᠡᠮᠡᠷᠢᠯᠡᠵᠦ᠂ ᠨᠡᠶᠢᠭᠡᠮ ᠰᠣᠶᠣᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号