ᠬᠤᠷᠴᠢᠨ ᠵᠡᠬᠦᠨ ᠭᠠᠷᠤᠨ ᠬᠤᠶᠢᠳᠤ ᠬᠤᠰᠢᠭᠤ ᠬᠠᠯᠠᠮᠰᠢᠯ ᠤᠲᠠᠰᠤᠨ ᠤ ᠲᠤᠰᠬᠠᠭᠰᠠᠨ ᠠᠰᠠᠭᠤᠳᠠᠯ ᠢ ᠥᠨᠳᠥᠷ ᠪᠦᠲᠦᠮᠵᠢᠲᠡᠶ ᠭᠦᠢᠴᠡᠳᠭᠡᠬᠦ ᠶᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2023/11/22
   ᠬᠤᠷᠴᠢᠨ ᠵᠡᠬᠦᠨ ᠭᠠᠷᠤᠨ ᠬᠤᠶᠢᠳᠤ ᠬᠤᠰᠢᠭᠤ᠂ ᠬᠠᠯᠠᠮᠰᠢᠯ ᠤᠲᠠᠰᠤᠨ ᠤ ᠴᠤᠤᠷᠢᠶᠠᠲᠤᠬᠤ ᠨᠣᠷᠮ᠎ᠠ᠂ ᠠᠰᠠᠭᠤᠳᠠᠯ ᠢ ᠰᠢᠢᠳᠪᠦᠷᠢᠯᠡᠬᠦ ᠨᠣᠷᠮ᠎ᠠ ᠪᠠ ᠣᠯᠠᠨ ᠲᠦᠮᠡᠨ ᠤ ᠬᠠᠨᠤᠮᠵᠢ ᠶᠢᠨ ᠨᠣᠷᠮ᠎ᠠ ᠶᠢ ᠪᠦᠬᠦ ᠲᠠᠯ᠎ᠠ  ᠪᠠᠷ ᠳᠡᠭᠡᠭᠰᠢᠯᠡᠭᠦᠯᠬᠦ ᠶᠢᠨ ᠲᠥᠯᠥᠭᠡ᠂ ᠲᠦᠩᠯᠢᠶᠣᠣ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠥᠪ ᠤᠨ ᠭᠤᠷᠪᠠᠳᠤᠭᠠᠷ ᠡᠲᠡᠭᠡᠳ ᠤᠨ ᠡᠵᠡᠩᠨᠡᠯᠲᠡ ᠶᠢᠨ ᠺᠣᠮᠫᠠᠨᠢ ᠪᠠ ᠭᠦᠸᠧ ᠲᠠᠢ ᠰᠢᠨ ᠳ᠋ᠢᠶᠠᠨ ᠵᠥᠭᠡᠯᠡᠨ ᠲᠣᠨᠤᠭ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠬᠠᠷᠢᠯᠴᠠᠵᠤ᠂ ᠲᠤᠰ ᠬᠤᠰᠢᠭᠤᠨ ᠤ ᠬᠠᠯᠠᠮᠰᠢᠯ ᠤᠲᠠᠰᠤᠨ ᠤ ᠰᠢᠰᠲ᠋ᠧᠮ ᠤᠨ ᠰᠠᠭᠤᠷᠢ ᠠᠵᠢᠯᠯᠠᠭᠠᠨ ᠠᠴᠠ ᠭᠠᠳᠠᠨᠠᠬᠢ 8 ᠰᠢᠰᠲ᠋ᠧᠮ ᠤᠨ ᠬᠡᠰᠡᠭ ᠢ ᠲᠠᠰ ᠳᠡᠪᠰᠢᠭᠦᠯᠵᠦ᠂ ᠲᠤᠰ ᠬᠤᠰᠢᠭᠤᠨ ᠤ 12345  ᠬᠠᠯᠠᠮᠰᠢᠯ ᠤᠲᠠᠰᠤᠨ ᠤ ᠲᠤᠰᠬᠠᠭᠰᠠᠨ ᠠᠰᠠᠭᠤᠳᠠᠯ ᠢ ᠭᠦᠢᠴᠡᠳᠭᠡᠭᠰᠡᠨ ᠨᠢ ᠵᠢᠷᠦᠮᠵᠢᠯ ᠲᠠᠢ᠂ ᠬᠠᠷᠢᠭᠤᠯᠲᠠ ᠨᠢ ᠪᠦᠷᠢᠨ ᠭᠦᠢᠴᠡᠳ ᠪᠠᠶᠢᠬᠤ ᠶᠢ ᠪᠠᠳᠤᠯᠠᠬᠤ  ᠶᠢᠨ ᠬᠠᠮᠳᠤ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠭᠤᠮᠣᠳᠠᠯ ᠲᠣᠭᠠᠴᠢᠯᠲᠠ ᠶᠢᠨ ᠲᠤᠭ᠎ᠠ ᠪᠠᠷᠢᠮᠲᠠ ᠶᠢ ᠣᠨᠣᠪᠴᠢᠲᠠᠶ ᠵᠠᠳᠠᠯᠤᠨ ᠪᠣᠳᠠᠲᠠᠶᠢᠵᠢᠭᠤᠯᠵᠤ᠂ ᠬᠠᠯᠠᠮᠰᠢᠯ ᠤᠲᠠᠰᠤᠨ ᠤ ᠲᠤᠰᠬᠠᠭᠰᠠᠨ ᠠᠰᠠᠭᠤᠳᠠᠯ ᠢ ᠥᠨᠳᠥᠷ ᠪᠦᠲᠦᠮᠵᠢᠲᠡᠶ ᠭᠦᠢᠴᠡᠳᠭᠡᠬᠦ ᠶᠢ ᠪᠠᠲᠤᠯᠠᠵᠤ᠂ ᠳᠠᠭᠠᠭᠠᠨ ᠭᠦᠢᠴᠡᠳᠬᠡᠬᠦ ᠦᠷ᠎ᠡ ᠪᠦᠲᠦᠮᠵᠢ ᠪᠠ ᠶᠠᠰᠤ ᠴᠢᠨᠠᠷ ᠢ ᠦᠨᠡᠨ ᠬᠦ ᠲᠡᠭᠡᠭᠰᠢᠯᠡᠭᠦᠯᠦᠭᠰᠡᠨ ᠪᠠᠶᠢᠨ᠎ᠠ᠃     5 ᠰᠠᠷ᠎ᠠ ᠶᠢᠨ 31 ᠤ ᠡᠳᠦᠷ ᠪᠣᠯᠲᠠᠯ᠎ᠠ᠂ ᠲᠤᠰ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠨᠢ ᠬᠤᠲᠠ ᠶᠢᠨ  ᠬᠠᠯᠠᠮᠰᠢᠯ ᠤᠲᠠᠰᠤᠨ ᠤ ᠬᠠᠮᠢᠶᠠᠷᠤᠯᠲᠠ ᠶᠢᠨ ᠲᠥᠪ ᠤᠨ ᠲᠤᠰᠢᠶᠠᠭᠰᠠᠨ ᠭᠦᠢᠴᠡᠳᠭᠡᠯᠭᠡᠬᠦ ᠵᠦᠢᠯ ᠢ 10988 ᠬᠤᠪᠢ ᠭᠥᠯᠢᠶᠡᠨ ᠠᠪᠴᠤ᠂ 10499 ᠵᠦᠢᠯ ᠢ ᠨᠢᠭᠡᠨᠲᠡ ᠰᠢᠢᠳᠪᠦᠷᠢᠯᠡᠵᠦ ᠳᠠᠭᠤᠰᠬᠠᠭᠠᠳ᠂ ᠪᠡᠶᠡᠯᠡᠭᠦᠯᠦᠭᠰᠡᠨ ᠨᠣᠷᠮ᠎ᠠ ᠨᠢ 95.55% ᠬᠦᠷᠴᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号