ᠲᠦᠩᠯᠢᠶᠥᠥ ᠬᠤᠳᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠰᠢᠨᠵᠢᠯᠡᠬᠦ ᠮᠡᠷᠭᠡᠵᠢᠯ ᠢᠶᠠᠷ | ᠲᠠᠷᠢᠶᠠᠯᠠᠩ ᠢ ᠬᠥᠭᠵᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠪᠠᠨ ᠲᠣᠭᠲᠠᠭᠤᠨ ᠢᠶᠠᠷ | ᠲᠡᠭᠡᠭᠰᠢᠯᠡᠬᠦᠯᠦᠭᠰᠡᠨ ᠠᠴᠠ ᠂ ᠦᠶᠡᠷ ᠤᠰᠤᠳᠤᠯ ᠪᠠ ᠭᠠᠩ ᠬᠠᠭᠰᠠᠷᠠᠭᠠᠨ ᠤ ᠭᠠᠢ ᠭᠠᠮᠰᠢᠭ ᠶᠡᠬᠡᠳᠡᠢ ᠵᠢᠯ ᠠᠮᠤ | ᠪᠤᠳᠠᠭ᠎ᠠ ᠨᠢ ᠡᠯᠪᠡᠭ ᠬᠤᠷᠢᠶᠠᠯᠳᠠ ᠤᠯᠤᠭᠰᠠᠨ ᠪᠠᠶᠢᠨ᠎ᠠ᠃ | ᠪᠥᠬᠦ ᠬᠤᠰᠢᠭᠤᠨ ᠤ ᠲᠠᠷᠢᠮᠠᠯ ᠤᠨ ᠲᠠᠯᠠᠪᠠᠶ ᠨᠢ ᠨᠡᠶᠢᠲᠡ 470 ᠲᠦᠮᠡᠨ ᠮᠦ ᠬᠦᠷᠴᠦ᠂ ᠡᠭᠦᠨ ᠳᠤ ᠠᠮᠤ | ᠪᠤᠳᠠᠭᠠᠨ ᠤ ᠲᠠᠷᠢᠮᠠᠯ ᠤᠨ ᠲᠠᠯᠠᠪᠠᠶ ᠨᠢ 397 ᠲᠦᠮᠡᠨ ᠮᠦ ᠬᠦᠷᠴᠦ᠂ ᠵᠢᠱᠢᠯᠲᠡ ᠪᠠᠷ ᠶᠡᠷᠦᠩᠬᠡᠢ ᠤᠨᠠᠯᠲᠠ ᠨᠢ 33. | 1 ᠳ᠋ᠦᠩᠰᠢᠭᠤᠷ ᠵᠢᠩ ᠬᠦᠷᠴᠦ᠂ ᠡᠷᠳᠡᠨᠢ ᠰᠢᠰᠢ ᠶᠢᠨ ᠤᠨᠠᠯᠲᠠ ᠨᠢ 26.3 ᠳ᠋ᠦᠩᠰᠢᠭᠤᠷ ᠵᠢᠩ ᠬᠦᠷᠬᠦ ᠪᠣᠯᠣᠨ᠎ᠠ᠃ | | ᠨᠢᠭᠡ ᠳᠤ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ | ᠮᠡᠷᠭᠡᠵᠢᠯ ᠢ ᠲᠡᠯᠭᠡᠷᠡᠭᠦᠯᠪᠡ᠃ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠳᠡᠯᠭᠡᠷᠡᠭᠦᠯᠵᠦ᠂ ᠲᠠᠷᠢᠶᠠᠴᠢᠳ ᠤᠨ ᠴᠢᠬᠢᠭ ᠢ ᠬᠡᠮᠵᠢᠵᠦ᠂ ᠤᠰᠤ ᠠᠷᠪᠢᠯᠠᠨ | ᠤᠰᠤᠯᠠᠬᠤ ᠠᠵᠢᠯ ᠢ ᠵᠢᠯᠤᠭᠤᠳᠴᠤ᠂ ᠬᠥᠳᠡᠭᠡ ᠲᠣᠰᠬᠤᠨ ᠤ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠴᠢᠷᠮᠠᠶᠢᠨ | ᠪᠡᠶᠡᠯᠡᠭᠦᠯᠪᠡ᠃ ᠵᠢᠯ ᠤᠨ ᠡᠬᠢᠨ ᠠᠴᠠ ᠨᠠᠰᠢ᠂ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠲᠤᠬᠠᠢ ᠶᠢᠨ | ᠲᠠᠯᠠᠪᠠᠶ ᠶᠢᠨ ᠬᠤᠷᠠᠯ ᠢ 18 ᠤᠳᠠᠭ᠎ᠠ ᠠᠮᠵᠢᠯᠲᠠ ᠲᠠᠢ ᠡᠷᠭᠢᠯᠡᠵᠦ᠂ ᠡᠷᠳᠡᠨᠢ ᠰᠢᠰᠢ ᠶᠢᠨ ᠭᠦᠶᠦᠬᠡᠨ ᠪᠤᠯᠠᠵᠤ | ᠳᠤᠰᠤᠯᠭᠠᠨ ᠤᠰᠤᠯᠠᠬᠤ ᠲᠠᠯᠠᠪᠠᠶ 32.04 ᠲᠦᠮᠡᠨ ᠮᠦ ᠬᠦᠷᠴᠦ᠂ ᠮᠦ ᠪᠦᠷᠢ ᠶᠢᠨ ᠤᠰᠤᠯᠠᠯᠲᠠ ᠶᠢᠨ ᠤᠰᠤ | ᠬᠡᠷᠡᠭᠯᠡᠬᠦ ᠨᠣᠷᠮ᠎ᠠ ᠶᠢ 40% ᠪᠠᠷ ᠳᠡᠭᠡᠭᠰᠢᠯᠡᠭᠦᠯᠪᠡ᠃ | ᠬᠤᠶᠠᠷ ᠲᠤ ᠡᠯᠡᠰᠦᠷᠬᠡᠭ ᠭᠠᠵᠠᠷ ᠤᠨ ᠡᠷᠳᠡᠨᠢ ᠰᠢᠰᠢ ᠶᠢ ᠨᠢᠭᠡᠴᠢ ᠪᠦᠷᠢ ᠳᠥᠷᠪᠡᠨ ᠰᠠᠭᠤᠷᠢ ᠥᠨᠳᠥᠷ | ᠤᠨᠠᠯᠲᠠ ᠲᠠᠢ ᠳᠠᠷᠢᠬᠤ ᠮᠡᠷᠭᠡᠵᠢᠯ ᠢ ᠲᠡᠯᠭᠡᠷᠡᠭᠦᠯᠪᠡ᠃ ︽ᠦᠷᠭᠡᠨ ᠨᠠᠷᠢᠨ ᠵᠤᠷᠬ᠎ᠠ ᠭᠠᠷᠭᠠᠬᠤ᠂ ᠨᠢᠭᠡᠴᠢ ᠪᠦᠷᠢ | ᠳᠥᠷᠪᠡᠨ ᠰᠠᠭᠤᠷᠢ ᠲᠠᠷᠢᠬᠤ᠂ ᠭᠤᠷᠪᠠᠯᠵᠢᠨ ᠬᠡᠯᠪᠡᠷᠢ ᠪᠠᠷ ᠦᠷ᠎ᠡ ᠬᠠᠶᠠᠬᠤ᠂ ᠠᠳᠠᠯᠢ ᠪᠤᠰᠤ ᠮᠥᠷ ᠤᠨ ᠵᠠᠢ | ᠦᠯᠡᠳᠡᠭᠡᠬᠦ︾ ᠵᠡᠷᠭᠡ ᠲᠠᠷᠢᠮᠠᠯ ᠤᠨ ᠵᠠᠭᠪᠤᠷ ᠢᠶᠠᠷ ᠵᠢᠷᠭᠠᠯᠠᠩ᠂ ᠠᠭᠤᠯᠠ᠂ ᠪᠠᠶᠠᠨᠮᠣᠳᠣ ᠵᠡᠷᠭᠡ ᠰᠤᠮᠤ ᠪᠠᠯᠭᠠᠰᠤ | ᠲᠠᠯᠠᠪᠠᠶ ᠶᠢ ᠭᠤᠤᠯᠳᠠᠯᠭ᠎ᠠ ᠲᠠᠢ ᠬᠠᠮᠤᠷᠴᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠪᠦᠬᠦᠯᠢ ᠴᠣᠭᠴᠠ ᠪᠠᠷ | ᠠᠬᠢᠭᠤᠯᠪᠠ᠃ ᠡᠭᠦᠨ ᠤ ᠬᠠᠮᠲᠤ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠲᠤᠬᠠᠢ ᠶᠢᠨ ᠲᠠᠯᠠᠪᠠᠢ ᠶᠢᠨ | ᠬᠤᠷᠠᠯ ᠢ 20 ᠤᠳᠠᠭ᠎ᠠ ᠠᠮᠵᠢᠯᠲᠠ ᠲᠠᠢ ᠪᠠᠷ ᠡᠷᠬᠢᠯᠡᠵᠦ᠂ ᠮᠦ ᠪᠦᠷᠢ ᠶᠢᠨ ᠤᠨᠠᠯᠲᠠ ᠶᠢ ᠪᠦᠲᠦᠮᠵᠢᠲᠡᠶ | ᠳᠡᠭᠡᠭᠰᠢᠯᠡᠭᠦᠯᠦᠨ᠂ ᠡᠯᠡᠰᠦᠷᠬᠡᠭ ᠭᠠᠵᠠᠷ ᠤᠨ ᠲᠠᠷᠢᠮᠠᠯ ᠤᠨ ᠥᠨᠳᠥᠷ ᠤᠨᠠᠯᠲᠠ ᠶᠢᠨ ᠬᠠᠷᠠᠯᠲᠠ ᠶᠢ ᠪᠡᠶᠡᠯᠡᠭᠦᠯᠪᠡ᠃ | ᠲᠣᠰ ᠲᠠᠷᠢᠮᠠᠯ ᠤᠨ ᠵᠠᠭᠪᠤᠷ ᠨᠢ ᠮᠦ ᠪᠦᠷᠢ ᠶᠢᠨ ᠡᠷᠳᠡᠨᠢ ᠰᠢᠰᠢ ᠶᠢᠨ ᠰᠠᠭᠤᠷᠢ ᠶᠢᠨ ᠲᠤᠭ᠎ᠠ ᠶᠢ 5000 ᠠᠴᠠ | ᠳᠡᠭᠡᠭᠰᠢ ᠬᠦᠷᠭᠡᠵᠦ᠂ ᠮᠦ ᠪᠦᠷᠢ ᠶᠢᠨ ᠰᠠᠭᠤᠷᠢ ᠶᠢᠨ ᠲᠤᠭ᠎ᠠ ᠶᠢ 1000 ᠣᠷᠴᠢᠮ ᠨᠡᠮᠡᠭᠳᠡᠭᠦᠯᠪᠡ᠃ | ᠭᠤᠷᠪᠠ ᠳᠤ ᠡᠷᠳᠡᠨᠢ ᠰᠢᠰᠢ ᠶᠢ ᠨᠢᠭᠲᠠ ᠲᠠᠷᠢᠵᠤ ᠥᠨᠳᠥᠷ ᠤᠨᠠᠯᠲᠠ ᠤᠯᠬᠤ ᠶᠢ ᠨᠠᠷᠢᠯᠢᠭ | ᠣᠨᠣᠴᠠᠲᠠᠢ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠲᠡᠯᠭᠡᠷᠡᠭᠦᠯᠪᠡ᠃ ︽ᠴᠢᠨᠠᠷ ᠰᠠᠶᠢᠲᠠᠢ ᠥᠨᠳᠥᠷ ᠦᠷ᠎ᠡ | ᠪᠦᠲᠦᠮᠵᠢᠲᠡᠶ ᠠᠮᠤ ᠪᠤᠳᠠᠭ᠎ᠠ ᠶᠢ ᠨᠡᠮᠡᠭᠳᠡᠭᠦᠯᠬᠦ︾᠂ ︽ᠤᠰᠤ ᠠᠷᠪᠢᠯᠠᠵᠤ ᠠᠮᠤ ᠪᠤᠳᠠᠭ᠎ᠠ ᠶᠢ ᠨᠡᠮᠡᠭᠳᠡᠭᠦᠯᠬᠦ︾᠂ ︽ | ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠪᠥᠬᠦ ᠲᠣᠰᠬᠤᠨ ᠢᠶᠠᠷ ᠠᠬᠢᠭᠤᠯᠬᠤ︾ | ᠵᠡᠷᠭᠡ ᠲᠥᠷᠥᠯ ᠵᠦᠢᠯ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠱᠠᠭᠠᠵᠠᠩᠳᠠᠢ ᠮᠠᠯᠵᠢᠯ ᠤᠨ ᠲᠠᠯᠠᠪᠠᠶ᠂ ᠱᠤᠸᠠᠩ | ᠱᠧᠩ ᠪᠠᠯᠭᠠᠰᠤ᠂ ᠱᠧᠩ ᠯᠢ ᠲᠠᠷᠢᠶᠠᠯᠠᠩ ᠤᠨ ᠲᠠᠯᠠᠪᠠᠶ ᠵᠡᠷᠭᠡ 6 ᠰᠤᠮᠤ ᠪᠠᠯᠭᠠᠰᠤᠨ ᠳᠤ ᠡᠷᠳᠡᠨᠢ ᠰᠢᠰᠢ ᠶᠢ ᠨᠢᠭᠲᠠ | ᠳᠠᠷᠢᠵᠤ ᠥᠨᠳᠥᠷ ᠤᠨᠠᠯᠲᠠ ᠤᠯᠬᠤ ᠶᠢ ᠨᠠᠷᠢᠯᠢᠭ ᠣᠨᠣᠴᠠᠲᠠᠢ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠳᠡᠯᠭᠡᠷᠡᠭᠦᠯᠵᠦ | ᠂ ᠡᠷᠳᠡᠨᠢ ᠰᠢᠰᠢ ᠶᠢᠨ ᠳᠠᠷᠢᠬᠤ ᠨᠢᠭᠲᠠᠴᠠ ᠶᠢ ᠮᠦ ᠪᠦᠷᠢ ᠳᠤᠮᠳᠠᠴᠢ ᠪᠠᠷ 4200 ᠰᠠᠭᠤᠷᠢ ᠪᠠᠶᠢᠭᠰᠠᠨ ᠠᠴᠠ | ᠳᠡᠭᠡᠭᠰᠢᠯᠡᠭᠦᠯᠦᠭᠡᠳ 5000 ︱ 6000 ᠰᠠᠭᠤᠷᠢ ᠪᠤᠯᠭᠠᠵᠤ᠂ ᠮᠦ ᠪᠦᠷᠢ ᠶᠢᠨ ᠤᠨᠠᠯᠲᠠ ᠶᠢ 2000 ᠵᠢᠩ | ᠬᠦᠷᠭᠡᠵᠦ᠂ ᠮᠦ ᠪᠦᠷᠢ ᠶᠢᠨ ᠳᠤᠮᠳᠠᠴᠢ ᠤᠨᠠᠯᠳᠠ ᠶᠢ 400 ᠵᠢᠩ ᠨᠡᠮᠡᠭᠳᠡᠭᠦᠯᠬᠦ ᠶᠢ ᠪᠡᠶᠡᠯᠡᠭᠦᠯᠪᠡ᠃ | | |