ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽ᠰᠣᠶᠣᠯ ᠵᠢᠭᠤᠯᠴᠢᠯᠠᠯ + ᠦᠨᠳᠦᠰᠦᠲᠡᠨ ᠤ ᠪᠦᠯᠬᠦᠮᠳᠡᠯ︾ | ᠤᠨ ᠬᠥᠭᠵᠢᠯᠲᠡ ᠶᠢᠨ ᠵᠠᠭᠪᠤᠷ ᠢ ᠪᠣᠶ ᠪᠣᠯᠭᠠᠵᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠪᠠ | | ᠨᠢᠭᠡ ᠳᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠤᠭᠳᠠᠯᠴᠠᠭ᠎ᠠ ᠶᠢ ᠲᠡᠭᠦᠯᠳᠡᠷᠵᠢᠭᠦᠯᠵᠦ | ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠠᠰᠤ ᠴᠢᠨᠠᠷ ᠢ ᠲᠡᠭᠡᠭᠰᠢᠯᠡᠬᠦᠯᠪᠡ | ᠃ ᠣᠯᠠᠨ ᠨᠡᠶᠢᠲᠡ ᠶᠢᠨ ᠰᠣᠶᠣᠯ ᠤᠨ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠭᠤᠷᠪᠠᠨ ᠳᠡᠰ ᠤᠨ ᠰᠣᠶᠣᠯ ᠤᠨ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠦᠨᠦ ᠪᠦᠬᠦ ᠬᠤᠰᠢᠭᠤᠨ ᠳᠤ 2 ᠮᠦᠽᠧᠢ᠂ 1 ᠰᠣᠶᠣᠯ ᠤᠨ | ᠣᠷᠳᠣᠨ᠂ 1 ᠨᠣᠮ ᠤᠨ ᠰᠠᠩ ᠪᠠᠶᠢᠵᠤ᠂ 24 ᠰᠣᠶᠣᠯ ᠤᠨ ᠥᠷᠲᠡᠭᠡ᠂ 277 ᠰᠣᠶᠣᠯ ᠤᠨ ᠲᠠᠯᠠᠪᠠᠶ | ᠂ 292 ᠭᠠᠴᠠᠭ᠎ᠠ ᠲᠣᠰᠬᠤᠨ ᠤ ᠬᠤᠪᠢᠶᠠᠷᠢ ᠲᠠᠯᠠᠪᠠᠶ ᠶᠢᠨ ᠰᠣᠶᠣᠯ ᠤᠨ ᠥᠷᠥᠭᠡ᠂ 5 ᠰᠣᠶᠣᠯ ᠤᠨ | ᠣᠷᠳᠣᠨ᠂ ᠨᠣᠮ ᠤᠨ ᠰᠠᠩ ᠤᠨ ᠬᠤᠪᠢᠶᠠᠷᠢ ᠣᠷᠳᠣᠨ ᠪᠠᠶᠢᠭᠤᠯᠵᠤ᠂ ᠴᠥᠮ ᠰᠦᠢᠳᠬᠡᠯ ᠬᠤᠷᠢᠶᠠᠬᠤ | ᠦᠭᠡᠢ ᠪᠠᠷ ᠣᠯᠠᠨ ᠨᠡᠶᠢᠲᠡ ᠳᠤ ᠨᠡᠭᠡᠭᠡᠬᠦ ᠶᠢ ᠪᠡᠶᠡᠯᠡᠭᠦᠯᠪᠡ᠃ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠵᠢᠯ ᠤᠨ ᠡᠬᠢᠨ ᠠᠴᠠ ᠨᠠᠰᠢ᠂ | ᠤᠯᠠᠭᠠᠨᠮᠥ᠋ᠴᠢᠷ ᠢ ᠵᠣᠬᠢᠶᠠᠨ ᠪᠠᠶᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠪᠣᠯᠣᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠪᠠᠷ ᠭᠤᠣᠯ ᠰᠡᠳᠦᠪ ᠪᠣᠯᠭᠠᠭᠰᠠᠨ ᠪᠦᠲᠦᠭᠡᠯ ᠢ | 23 ᠵᠣᠬᠢᠶᠠᠨ ᠪᠦᠲᠦᠭᠡᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠤᠭᠴᠠᠯᠠᠬᠤ ᠤᠳᠬ᠎ᠠ ᠤᠷᠠᠯᠢᠭ ᠤᠨ ᠤᠬᠠᠭᠤᠯᠤᠯ︾ ᠵᠡᠷᠭᠡ ᠡᠯ᠎ᠡ ᠲᠦᠷᠦᠯ ᠤᠨ | ᠰᠣᠶᠣᠯ ᠤᠨ ᠠᠵᠢᠯᠯᠠᠭ᠎ᠠ ᠶᠢ 160 ᠭᠠᠷᠤᠢ ᠤᠳᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ | ᠲᠦᠮᠡᠨ ᠳᠤ 10.6 ᠲᠦᠮᠡ ᠭᠠᠷᠤᠢ ᠬᠥᠮᠥᠨ ᠤᠳᠠᠭ᠎ᠠ ᠠᠰᠢᠭ ᠬᠦᠷᠳᠡᠭᠡᠪᠡ᠃ | ᠬᠤᠶᠠᠷ ᠲᠤ᠂ ᠰᠣᠶᠣᠯ ᠢ ᠤᠯᠠᠮᠵᠢᠯᠠᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠣᠶᠣᠯ ᠤᠨ ᠰᠠᠭᠤᠷᠢ ᠶᠢ ᠪᠠᠲᠤ ᠴᠤᠭᠴᠠᠯᠠᠪᠠ᠃ | ᠪᠣᠳᠠᠰ ᠤᠨ ᠪᠤᠰᠤ ᠰᠣᠶᠣᠯ ᠤᠨ ᠥᠪ ᠢ ᠴᠤᠭᠯᠠᠭᠤᠯᠬᠤ᠂ ᠡᠮᠬᠢᠳᠬᠡᠬᠦ᠂ ᠤᠯᠠᠮᠵᠢᠯᠠᠨ ᠵᠠᠯᠭᠠᠮᠵᠢᠯᠠᠬᠤ ᠪᠠ | ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠪᠣᠳᠠᠰ ᠤᠨ ᠪᠤᠰᠤ ᠰᠣᠶᠣᠯ ᠤᠨ ᠥᠪ | ︾ ᠤᠨ ᠵᠦᠢᠯᠡᠰ ᠢ ᠢᠳᠡᠪᠬᠢᠲᠡᠢ ᠭᠤᠶᠤᠴᠢᠯᠠᠨ ᠮᠡᠳᠡᠭᠦᠯᠵᠦ᠂ ᠤᠯᠠᠮᠵᠢᠯᠠᠨ ᠵᠠᠯᠭᠠᠮᠵᠢᠯᠠᠭᠴᠢ ᠶᠢ | ᠬᠥᠮᠥᠵᠢᠭᠦᠯᠦᠨ᠂ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ᠂ ᠤᠯᠠᠮᠵᠢᠯᠠᠨ ᠵᠠᠯᠭᠠᠮᠵᠢᠯᠠᠬᠤ | ᠦᠷᠳᠡᠭᠡ᠂ ᠤᠯᠠᠮᠵᠢᠯᠠᠨ ᠪᠣᠯᠪᠠᠰᠤᠷᠠᠭᠤᠯᠬᠤ ᠭᠠᠵᠠᠷ ᠵᠡᠷᠭᠡ ᠲᠠᠪᠴᠠᠩ ᠢ ᠡᠭᠦᠳᠦᠨ ᠪᠠᠶᠢᠭᠤᠯᠵᠤ᠂ | ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢ ᠪᠠᠶᠢᠩᠭᠤᠵᠢᠭᠤᠯᠤᠨ ᠡᠷᠬᠢᠯᠡᠵᠦ᠂ ᠪᠣᠳᠠᠰ ᠤᠨ | ᠪᠤᠰᠤ ᠰᠣᠶᠣᠯ ᠤᠨ ᠥᠪ ᠤᠨ ︽ᠦᠨᠳᠦᠰᠦ ᠰᠤᠷᠪᠤᠯᠵᠢ︾ ᠶᠢ ᠰᠠᠬᠢᠨ ᠬᠠᠮᠠᠭᠠᠯᠠᠵᠤ᠂ ᠰᠣᠶᠣᠯ ᠤᠨ | ᠢᠲᠡᠭᠡᠯ ᠢ ᠨᠡᠮᠡᠭᠳᠡᠭᠦᠯᠪᠡ᠃ ᠦᠨᠦ ᠪᠥᠬᠦ ᠬᠤᠰᠢᠭᠤᠨ ᠳᠤ ᠪᠣᠳᠠᠰ ᠤᠨ ᠪᠤᠰᠤ ᠰᠣᠶᠣᠯ ᠤᠨ ᠥᠪ 46 | ᠪᠠᠶᠢᠵᠤ᠂ ᠲᠥᠯᠥᠭᠡᠯᠡᠬᠦ ᠴᠢᠨᠠᠷᠲᠠᠢ ᠤᠯᠠᠮᠵᠢᠯᠠᠭᠴᠢ 84 ᠬᠦᠮᠦᠨ᠂ ︽ᠪᠣᠳᠠᠰ ᠤᠨ ᠪᠤᠰᠤ ᠰᠣᠶᠣᠯ ᠤᠨ | ᠥᠪ︾ ᠤᠨ ᠤᠯᠠᠮᠵᠢᠯᠠᠯ ᠤᠨ ᠰᠠᠭᠤᠷᠢᠨ 3᠂ ᠤᠯᠠᠮᠵᠢᠯᠠᠯ ᠤᠨ ᠭᠠᠵᠠᠷ 13᠂ ᠤᠯᠠᠮᠵᠢᠯᠠᠯ ᠤᠨ | ᠥᠷᠲᠡᠭᠡ 1 ᠪᠣᠶ᠃ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠢ ᠬᠠᠶᠢᠨ ᠰᠢᠨᠵᠢᠯᠡᠵᠦ᠂ | ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢ | ᠤᠬᠠᠭᠤᠯᠤᠨ ᠳᠡᠯᠭᠡᠷᠡᠭᠦᠯᠬᠦ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠢ 2 | ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠲᠦᠮᠵᠢᠲᠡᠢ | ᠪᠠᠲᠤᠳᠬᠠᠪᠠ᠃ | ᠭᠤᠷᠪᠠ ᠳᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠠᠵᠤ ᠦᠢᠯᠡᠰ ᠤᠨ ᠬᠥᠭᠵᠢᠯᠲᠡ ᠶᠢ | ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠮᠢᠵᠢᠷᠠᠯ ᠤᠨ ᠬᠦᠴᠦᠨ ᠢ ᠪᠦᠬᠦ | ᠲᠠᠯ᠎ᠠ ᠪᠠᠷ ᠪᠠᠳᠠᠷᠠᠭᠤᠯᠪᠠ᠃ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠠᠶᠢᠭᠠᠯᠢ ᠶᠢᠨ ᠦᠵᠡᠮᠵᠢ᠂ | ᠲᠡᠦᠬᠡ ᠰᠣᠶᠣᠯ ᠵᠡᠷᠭᠡ ᠳᠠᠪᠠᠭᠤᠯᠢᠭ ᠡᠬᠢ ᠪᠠᠶᠠᠯᠢᠭ ᠢ ᠭᠦᠢᠴᠡᠳ ᠠᠰᠢᠭᠯᠠᠨ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠦᠵᠡᠮᠵᠢ ᠶᠢᠨ ᠣᠷᠣᠨ ᠦᠵᠡᠮᠵᠢ ᠶᠢᠨ | ᠴᠡᠭ ᠢ ᠤᠬᠠᠭᠠᠯᠠᠨ ᠲᠥᠯᠥᠪᠯᠡᠵᠦ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ᠂ ᠦᠢᠯᠡᠴᠢᠯᠡᠭᠡᠨ ᠤ | ᠪᠡᠯᠡᠳᠬᠡᠮᠵᠢ ᠶᠢ ᠥᠭᠡᠷᠡᠴᠢᠯᠡᠨ ᠪᠠᠶᠢᠭᠤᠯᠬᠤ ᠳᠤ ᠦᠨᠳᠦᠰᠦᠲᠡᠨ ᠤ ᠰᠣᠶᠣᠯ ᠤᠨ ᠡᠯᠧᠮᠧᠨ᠋ᠲ ᠶᠢ | ᠥᠷᠭᠡᠨ ᠢᠶᠠᠷ ᠠᠭᠤᠰᠤᠯᠴᠠᠭᠤᠯᠵᠤ᠂ ᠭᠠᠵᠠᠷ ᠣᠷᠣᠨ ᠤ ᠰᠣᠶᠣᠯ ᠤᠨ ᠣᠨᠴᠠᠯᠢᠭ ᠢ ᠢᠯᠡᠷᠡᠬᠦᠯᠪᠡ᠃ | ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠥᠷᠰᠢ ᠵᠡᠷᠭᠡᠯᠡᠳᠡᠭᠡ ᠭᠠᠵᠠᠷ ᠣᠷᠣᠨ ᠤ | ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠰᠣᠶᠣᠯ ᠤᠨ ᠵᠢᠭᠤᠯᠴᠢᠯᠠᠯ ᠤᠨ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠬᠤᠷᠠᠯ ᠢ ᠢᠳᠡᠪᠬᠢᠲᠡᠢ ᠵᠣᠬᠢᠶᠠᠨ | ᠪᠠᠶᠢᠭᠤᠯᠬᠤ ᠪᠠ ᠲᠡᠭᠦᠨ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠰᠣᠯᠢᠯᠴᠠᠭᠠᠨ ᠤ ᠠᠷᠭ᠎ᠠ ᠵᠠᠮ | ᠪᠠ ᠶᠠᠪᠤᠯᠴᠠᠭᠠᠨ ᠤ ᠣᠷᠣᠨ ᠵᠠᠢ ᠶᠢ ᠦᠷᠭᠡᠳᠭᠡᠪᠡ᠃ 9 ᠰᠠᠷ᠎ᠠ ᠶᠢᠨ 4 ᠤ ᠡᠳᠦᠷ ᠪᠣᠯᠲᠠᠯ᠎ᠠ᠂ ᠪᠥᠬᠦ | ᠬᠤᠰᠢᠭᠤ ᠵᠤᠭᠠᠴᠠᠭᠰᠠᠳ ᠢ ᠨᠡᠶᠢᠲᠡ 120.7 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠠᠳᠠᠯᠢ | ᠬᠤᠭᠤᠴᠠᠭᠠᠨ ᠤ ᠬᠢ ᠠᠴᠠ 85.69% ᠪᠠᠷ ᠨᠡᠮᠡᠭᠳᠡᠨ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 7. | 15 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 24.35% |