ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽ᠰᠣᠶᠣᠯ ᠵᠢᠭᠤᠯᠴᠢᠯᠠᠯ +︾ ᠶᠢ ᠠᠭᠤᠰᠤᠯᠴᠠᠭᠤᠯᠤᠨ | ᠬᠥᠭᠵᠢᠭᠦᠯᠬᠦ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ | ᠰᠣᠶᠣᠯ ᠪᠡᠶ᠎ᠡ ᠲᠠᠮᠢᠷ ᠢ ᠠᠭᠤᠰᠤᠯᠴᠠᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠤᠯᠠᠭᠠᠨᠮᠥ᠋ᠴᠢᠷ ᠤᠨ ᠰᠦᠯᠵᠢᠶᠡᠨ | ᠳᠡᠭᠡᠷᠡᠬᠢ ᠲᠣᠭᠯᠠᠯᠲᠠ ᠨᠡᠪᠲᠡᠷᠡᠭᠦᠯᠭᠡ᠂ ᠲᠣᠭᠠᠴᠢᠯᠠᠭᠰᠠᠨ ᠰᠣᠶᠣᠯ ᠵᠢᠭᠤᠯᠴᠢᠯᠠᠯ ᠵᠡᠷᠭᠡ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠪᠠᠨ ᠲᠠᠰᠤᠷᠠᠯᠲᠠ ᠦᠭᠡᠢ | ᠤᠷᠲᠤᠳᠬᠠᠪᠠ᠃ | ᠲᠤᠰ ᠬᠤᠰᠢᠭᠤᠨ ᠤ ᠪᠠᠨ ᠰᠣᠶᠣᠯ ᠢᠷᠭᠡᠨᠰᠢᠯ ᠤᠨ ᠲᠡᠦᠬᠡ ᠪᠠ ᠪᠠᠶᠢᠭᠠᠯᠢ ᠶᠢᠨ ᠡᠬᠢ ᠪᠠᠶᠠᠯᠢᠭ ᠢ ᠭᠦᠨᠵᠡᠭᠡᠢ | ᠡᠮᠬᠢᠯᠡᠨ ᠨᠡᠶᠢᠯᠡᠭᠦᠯᠵᠦ᠂ ᠴᠦᠩᠬᠦᠯ ᠤᠨ ᠭᠤᠤ ᠶᠢᠨ ᠵᠤᠭᠠᠴᠠᠯ ᠤᠨ ᠦᠵᠡᠮᠵᠢ ᠶᠢᠨ ᠣᠷᠣᠨ ᠢ 5A ᠳᠡᠰ ᠤᠨ | ᠵᠤᠭᠠᠴᠠᠯ ᠤᠨ ᠦᠵᠡᠮᠵᠢ ᠶᠢᠨ ᠣᠷᠣᠨ ᠪᠤᠯᠭᠠᠨ ᠡᠭᠦᠳᠦᠨ ᠪᠠᠶᠢᠭᠤᠯᠬᠤ᠂ ᠰᠤᠭᠤ ᠶᠢᠨ ᠪᠤᠯᠠᠭ ᠤᠨ ᠡᠯᠡᠰᠦᠨ | ᠴᠦᠯ ᠤᠨ ᠵᠤᠭᠠᠴᠠᠯ ᠤᠨ ᠣᠷᠣᠨ ᠢ 4A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠪᠤᠯᠭᠠᠨ ᠡᠭᠦᠳᠦᠨ | ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠠᠵᠠᠷ | ᠣᠷᠣᠨ ᠤ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ 10 ᠭᠠᠷᠤᠢ ᠵᠦᠢᠯ ᠨᠡᠭᠡᠭᠡᠨ | ᠬᠥᠭᠵᠢᠭᠦᠯᠵᠦ ᠵᠢᠷᠤᠭᠯᠠᠨ ᠲᠥᠯᠥᠪᠯᠡᠵᠦ᠂ ︽ᠢᠳᠡᠷᠡᠬᠦᠨ︾ ᠠᠳᠤᠭᠤᠨ ᠤ ᠬᠡᠷᠡᠭᠰᠡᠯ ᠢ ᠦᠢᠯᠡᠳᠬᠦ ᠪᠠ ︽ᠠᠮᠳᠠᠳᠠᠢ | ︾ ᠴᠠᠭᠠᠨ ᠢᠳᠡᠭᠡᠨ ᠢ ᠰᠤᠳᠤᠯᠤᠨ ᠨᠡᠭᠡᠭᠡᠬᠦ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ | ᠤᠯᠠᠮᠵᠢᠯᠠᠯ ᠪᠠ ᠣᠨᠴᠠᠯᠢᠭᠲᠤ ᠵᠢᠭᠤᠯᠴᠢᠯᠠᠯ ᠤᠨ ᠲᠠᠸᠠᠷ ᠢ ᠪᠣᠶᠢᠵᠢᠭᠤᠯᠤᠨ᠂ ᠰᠣᠶᠣᠯ ᠪᠠ ᠵᠢᠭᠤᠯᠴᠢᠯᠠᠯ ᠢ | ᠠᠭᠤᠰᠤᠯᠴᠠᠭᠤᠯᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠠᠩᠬ᠎ᠠ | ᠠᠯᠬᠤᠮ ᠤᠨ ᠦᠷ᠎ᠡ ᠪᠦᠲᠦᠮᠵᠢ ᠣᠯᠪᠠ᠃ ᠣᠳᠣᠬᠠᠨ ᠳᠤ᠂ ᠰᠤᠭᠤ ᠶᠢᠨ ᠪᠤᠯᠠᠭ ᠤᠨ ᠡᠯᠡᠰᠦᠨ ᠴᠦᠯ ᠤᠨ | ᠦᠵᠡᠮᠵᠢ ᠶᠢᠨ ᠵᠤᠭᠠᠴᠠᠯ ᠤᠨ ᠣᠷᠣᠨ ᠢ ᠲᠦᠩᠯᠢᠶᠣᠣ ᠬᠤᠳᠠ ᠶᠢᠨ ᠰᠣᠶᠣᠯ ᠵᠤᠭᠠᠴᠠᠯ ᠷᠠᠳᠢᠣ᠋ ᠲᠧᠯᠸᠢᠰ ᠤᠨ | ᠲᠣᠪᠴᠢᠶ᠎ᠠ ᠠᠴᠠ ᠬᠤᠳᠠ ᠶᠢᠨ ᠲᠡᠰ ᠤᠨ ᠪᠣᠯᠪᠠᠰᠤᠨ ᠵᠤᠭᠠᠴᠠᠯ ᠤᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠪᠡ︔ | ︽ᠢᠳᠡᠷᠡᠬᠦᠨ︾ ᠠᠷᠠᠰᠤᠨ ᠰᠡᠶᠢᠯᠦᠮᠡᠯ ᠠᠷᠠᠰᠤᠨ ᠡᠳ᠋ᠯᠡᠯ ᠤᠨ ᠭᠠᠷ ᠤᠷᠠᠯᠠᠯ ᠤᠨ ᠦᠢᠯᠡᠳᠬᠡᠯ ᠤᠨ ᠭᠠᠵᠠᠷ ᠤᠨ | ᠦᠢᠯᠡᠳᠪᠦᠷᠢᠯᠡᠭᠰᠡᠨ ᠰᠡᠶᠢᠯᠦᠮᠡᠯ ᠤᠭᠠᠯᠵᠠ ᠲᠠᠢ ᠡᠮᠡᠭᠡᠯ ᠪᠣᠯᠣᠨ ᠥᠪᠥᠷ ᠮᠣᠩᠭᠤᠯ ᠤᠨ ᠮᠠᠯᠴᠢᠨ ᠢᠳᠡᠭᠡᠨ ᠤ | ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ︽ᠠᠮᠳᠠᠳᠠᠢ︾ ᠮᠣᠩᠭᠤᠯ ᠰᠦ ᠲᠠᠢ ᠴᠠᠢ ᠨᠢ ᠲᠦᠩᠯᠢᠶᠣᠣ | ᠬᠤᠳᠠ ᠶᠢᠨ ᠰᠣᠶᠣᠯ ᠵᠢᠭᠤᠯᠴᠢᠯᠠᠯ ᠤᠨ ᠲᠠᠸᠠᠷ ᠤᠨ ᠰᠢᠨ᠎ᠡ ᠶᠢ ᠡᠭᠦᠳᠬᠦ ᠪᠦᠲᠦᠭᠡᠯᠴᠢ ᠡᠭᠦᠳᠦᠯᠲᠡ ᠶᠢᠨ | ᠤᠷᠤᠯᠳᠤᠭᠠᠨ ᠳᠤ ᠮᠥᠩᠭᠦᠨ ᠱᠠᠩᠨᠠᠯ ᠬᠦᠷᠳᠡᠭᠰᠡᠨ ᠪᠠᠶᠢᠨ᠎ᠠ᠃ | | |