ᠪᠣᠯᠪᠠᠰᠤᠨ ᠢᠶᠠᠷ ᠵᠤᠭᠠᠴᠠᠵᠤ᠂ ᠵᠤᠭᠠᠴᠠᠯ ᠢ ᠨᠡᠩ ᠰᠠᠶᠢᠨ ᠰᠠᠶᠢᠬᠠᠨ ᠪᠤᠯᠭᠠᠶ᠎ᠠ
ᠨᠡᠶᠢᠲᠡᠯᠡᠭᠰᠡᠨ ᠴᠠᠭ᠄
2023/11/23
   ᠪᠣᠯᠪᠠᠰᠤᠨ ᠵᠢᠭᠤᠯᠴᠢᠯᠠᠯ ᠢ ᠵᠥᠪ ᠲᠠᠯ᠎ᠠ ᠠᠴᠠ ᠬᠥᠲᠥᠯᠥᠨ ᠵᠢᠯᠤᠭᠤᠳᠬᠤ ᠪᠠ ᠡᠰᠡᠷᠭᠦ ᠲᠠᠯ᠎ᠠ ᠠᠴᠠ  ᠢᠯᠡᠴᠢᠯᠡᠶ᠎ᠡ    ᠪᠣᠯᠪᠠᠰᠤᠨ᠂ ᠨᠠᠶᠢᠷ ᠲᠠᠯᠪᠢᠬᠤ ᠨᠢ ᠨᠢᠭᠡᠨᠲᠡ ᠤᠯᠠᠮ   ᠠᠴᠠ ᠤᠯᠠᠮ ᠣᠯᠠᠨ ᠵᠤᠭᠠᠴᠠᠭᠰᠠᠳ ᠤᠨ ᠤᠬᠠᠮᠰᠠᠷ   ᠠᠴᠠ ᠪᠠᠨ ᠵᠢᠷᠤᠮᠯᠠᠨ ᠰᠠᠬᠢᠬᠤ ᠦᠶᠯᠡ ᠠᠵᠢᠯᠯᠠᠭᠠᠨ ᠤ ᠵᠢᠷᠤᠮᠵᠢᠯ ᠪᠣᠯᠵᠤ ᠪᠠᠶᠢᠨ᠎ᠠ᠃ ᠭᠡᠪᠡᠴᠦ ᠣᠨᠴᠠ ᠵᠠᠷᠢᠮ ᠵᠢᠭᠤᠯᠴᠢᠯᠠᠭᠴᠢᠳ ᠤᠨ ᠭᠠᠳᠠᠭᠰᠢ ᠭᠠᠷᠴᠤ ᠵᠤᠭᠠᠴᠠᠬᠤ ᠶᠠᠪᠤᠴᠠ ᠳᠤ ᠵᠠᠷᠢᠮ ︽ᠪᠣᠯᠪᠠᠰᠤᠨ ᠪᠤᠰᠤ︾ ᠦᠶᠯᠡ ᠠᠵᠢᠯᠯᠠᠭ᠎ᠠ ᠣᠷᠣᠰᠢᠵᠤ ᠪᠠᠶᠢᠨ᠎ᠠ᠂ ᠵᠢᠱᠢᠶᠡᠯᠡᠪᠡᠯ᠄ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠳᠤᠷ᠎ᠠ ᠪᠠᠷ ᠢᠶᠠᠨ ᠠᠪᠠᠷᠢᠵᠤ ᠮᠠᠴᠤᠬᠤ᠂ ᠳᠤᠷ᠎ᠠ ᠪᠠᠷ ᠢᠶᠠᠨ ᠡᠷᠢᠶᠡᠴᠢᠵᠦ ᠵᠢᠷᠤᠬᠤ ᠵᠡᠷᠭᠡ ᠨᠢ ᠬᠤᠪᠢ ᠬᠥᠮᠥᠨ ᠤ ᠳᠦᠷᠢ ᠲᠥᠷᠬᠦ ᠶᠢ ᠴᠢᠬᠤᠯᠠᠴᠢᠯᠠᠬᠤ ᠦᠭᠡᠢ ᠮᠥᠷᠲᠡᠭᠡᠨ ᠡᠷᠬᠢᠨ ᠲᠣᠭᠤᠷᠢᠨ ᠤ ᠣᠷᠴᠢᠨ ᠲᠣᠭᠤᠷᠢᠨ ᠢᠶᠠᠨ ᠴᠤ ᠬᠠᠶᠢᠷᠠᠯᠠᠬᠤ ᠦᠭᠡᠢ ᠪᠠᠶᠢᠳᠠᠭ᠃ ᠬᠡᠷᠬᠢᠨ ᠪᠣᠯᠪᠠᠰᠤᠨ᠂ ᠡᠷᠡᠭᠦᠯ᠂ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠪᠡᠶᠡᠯᠡᠭᠦᠯᠬᠦ ᠪᠤᠢ︖ ᠨᠠᠶᠢᠷᠠᠭᠤᠯᠤᠭᠴᠢ ᠲᠠᠢ ᠬᠠᠮᠲᠤ ᠣᠢᠯᠠᠭᠠᠵᠤ ᠦᠵᠡᠶ᠎ᠡ᠃       ᠪᠣᠯᠪᠠᠰᠤᠨ ᠦᠢᠯᠡ ᠠᠵᠢᠯᠯᠠᠭ᠎ᠠ ᠶᠢ ᠵᠥᠪ ᠢᠶᠠᠷ ᠬᠥᠲᠥᠯᠥᠨ ᠵᠢᠯᠤᠭᠤᠳᠬᠤ
 
      ᠡᠮᠬᠢ ᠵᠢᠷᠤᠮ ᠢ ᠰᠠᠬᠢᠬᠤ᠄
    ᠦᠵᠡᠮᠵᠢ ᠶᠢᠨ ᠭᠠᠵᠠᠷ ᠢᠶᠠᠷ ᠵᠤᠭᠠᠴᠠᠨ ᠨᠠᠭᠠᠳᠬᠤ ᠳᠠᠭᠠᠨ ᠵᠠᠮ ᠢ ᠵᠡᠷᠭᠡ ᠪᠠᠷ ᠬᠠᠰᠢᠬᠤ ᠦᠭᠡᠢ᠂ ᠳᠤᠷ᠎ᠠ ᠪᠠᠷ ᠢᠶᠠᠨ ᠵᠢᠭᠰᠠᠭᠠᠯ ᠳᠤ ᠰᠢᠬᠠᠯᠳᠤᠨ ᠤᠷᠤᠵᠤ ᠪᠣᠯᠬᠤ ᠦᠭᠡᠢ᠂ ᠵᠢᠭᠤᠯᠴᠢᠳ ᠨᠡᠯᠢᠶᠡᠳ ᠰᠢᠬᠠᠯᠳᠤᠵᠤ ᠪᠠᠶᠢᠪᠠᠯ᠂ ᠳᠠᠷᠤᠤ ᠬᠢᠴᠢᠶᠡᠩᠭᠦᠢ ᠪᠠᠷ ᠵᠠᠶᠢᠯᠠᠵᠤ᠂ ᠠᠮᠤᠷ ᠲᠦᠪᠰᠢᠨ ᠢ ᠪᠠᠲᠤᠯᠠᠬᠤ ᠬᠡᠷᠡᠭᠲᠡᠢ᠃      ᠶᠣᠰᠣᠷᠬᠠᠭ ᠢᠶᠠᠷ ᠪᠤᠰᠤᠳ ᠲᠤ ᠬᠠᠨᠳᠤᠨ᠎ᠠ᠄
   ᠬᠤᠪᠴᠠᠰᠤ ᠬᠤᠨᠠᠷ ᠨᠢ ᠴᠡᠪᠡᠷ ᠴᠡᠮᠴᠡᠭᠡᠷ᠂ ᠣᠯᠠᠨ ᠨᠡᠶᠢᠲᠡ ᠶᠢᠨ ᠲᠠᠯᠠᠪᠤᠷ ᠲᠤ ᠴᠡᠭᠡᠵᠢ ᠨᠢᠴᠦᠭᠦᠨ᠂ ᠦᠰᠦ ᠭᠡᠵᠢᠭᠡ ᠪᠠᠨ ᠥᠷᠪᠥᠶᠢᠯᠭᠡᠬᠦ ᠦᠭᠡᠢ ᡽ ᠦᠶᠯᠡ ᠠᠵᠢᠯᠯᠠᠭ᠎ᠠ ᠨᠢ ᠶᠣᠰᠣ ᠮᠣᠷᠠᠯ ᠲᠠᠢ᠂ ᠦᠢᠯᠡᠴᠢᠯᠡᠭᠴᠢ ᠶᠢ ᠳᠣᠷᠣᠮᠵᠢᠯᠠᠨ ᠬᠠᠷᠢᠶᠠᠵᠤ ᠵᠣᠳᠣᠬᠤ ᠦᠭᠡᠢ︔ ᠰᠠᠨᠠᠭᠠᠴᠢᠯᠠᠭ᠎ᠠ   ᠠᠴᠠ ᠪᠠᠨ ᠬᠥᠭᠰᠢᠨ ᠪᠠᠭᠤᠷᠠᠢ ᠡᠬᠡ ᠨᠢᠯᠬᠠᠰ ᠲᠤ ᠵᠠᠮ ᠲᠠᠯᠪᠢᠵᠤ᠂ ᠤᠷᠢᠳ ᠢᠶᠠᠷ ᠪᠤᠯᠢᠶᠠᠯᠳᠤᠵᠤ ᠪᠣᠯᠬᠤ ᠦᠭᠡᠢ︔ ᠪᠤᠰᠤᠳ ᠤᠨ ᠡᠷᠬᠡ ᠠᠰᠢᠭ ᠢ ᠬᠦᠨᠳᠦᠳᠬᠡᠵᠦ᠂ ᠬᠥᠭᠰᠢᠨ ᠪᠠᠭᠤᠷᠠᠢ ᠡᠪᠡᠳᠴᠢᠲᠡᠢ ᠵᠡᠮᠳᠡᠭᠴᠦᠳ ᠢ ᠬᠠᠯᠠᠮᠵᠢᠯᠠᠨ ᠬᠠᠶᠢᠷᠠᠯᠠᠨ᠎ᠠ᠃    ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠬᠤ᠄
 
  ᠣᠷᠴᠢᠨ ᠠᠬᠤᠢ ᠶᠢ ᠬᠠᠮᠠᠭᠠᠯᠠᠵᠤ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠦᠭᠡᠢ; ᠠᠮᠢ ᠠᠬᠤᠢ   ᠶᠢᠨ ᠣᠷᠴᠢᠨ ᠨᠥᠬᠦᠴᠡᠯ   ᠢ ᠡᠪᠳᠡᠬᠦ ᠦᠭᠡᠢ᠂ ᠵᠦᠯᠭᠡ   ᠶᠢ ᠭᠢᠰᠬᠢᠯᠡᠬᠦ ᠦᠭᠡᠢ᠂ ᠴᠡᠴᠡᠭ ᠮᠣᠳᠣ   ᠶᠢ ᠬᠤᠭᠤᠯᠬᠤ ᠦᠭᠡᠢ ᡽ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠦᠭᠡᠢ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠰᠠᠶᠢᠲᠤᠷ ᠬᠢᠨ᠎ᠡ᠃   ᠪᠣᠯᠪᠠᠰᠤᠨ ᠪᠤᠰᠤ ᠥᠢᠯᠨ ᠠᠵᠢᠯᠯᠠᠭ᠎ᠠ ᠶᠢᠨ ᠢᠯᠡᠴᠢᠯᠡᠯ    ᠨᠢᠭᠡ᠄ ᠡᠷᠦᠢ ᠬᠤᠷᠤᠢ ᠦᠭᠡᠢ ᠵᠢᠷᠤᠵᠤ ᠡᠷᠢᠶᠡᠴᠢᠬᠦ
 
    ᠬᠤᠶᠠᠷ᠄ ᠳᠤᠷ᠎ᠠ ᠪᠠᠷ ᠢᠶᠠᠨ ᠠᠪᠠᠷᠢᠵᠤ ᠮᠠᠴᠤᠬᠤ
 
     ᠭᠤᠷᠪᠠ᠄ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ
 
   ᠳᠥᠷᠪᠡ᠄  ᠮᠦᠷᠦᠯᠡᠭᠰᠡᠨ ᠡᠩᠨᠡᠭᠡᠨ ᠳᠤ ᠳᠤᠷ᠎ᠠ ᠪᠠᠷ ᠢᠶᠠᠨ ᠰᠢᠬᠠᠯᠳᠤᠨ ᠣᠷᠣᠬᠤ
 
 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号