ᠨᠢᠭᠡ᠂ ᠨᠡᠶᠢᠲᠡᠯᠡᠭᠰᠡᠨ ᠠᠬᠤᠢ ᠪᠠᠶᠢᠳᠠᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠵᠣᠬᠢᠶᠠᠨ ᠪᠠᠶᠢᠭᠤᠯᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ︽ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠵᠢᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ︾ ︽ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠳᠦᠷᠢᠮ︾ ᠢᠶᠠᠷ ᠯᠠᠪᠯᠠᠯᠲᠠ ᠪᠣᠯᠭᠠᠵᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ | ᠲᠣᠰ ᠳᠦᠷᠢᠮ ᠢ ᠲᠤᠭᠳᠠᠭᠠᠪᠠ᠃ | ᠬᠤᠶᠠᠷ᠂ ᠭᠤᠣᠯ ᠠᠭᠤᠯᠭ᠎ᠠ | ︽ᠳᠦᠷᠢᠮ︾ ᠨᠢ ᠨᠡᠶᠢᠲᠡ ᠶᠢᠰᠦᠨ ᠪᠦᠯᠦᠭ ᠳᠥᠴᠢᠨ ᠨᠠᠢᠮᠠᠨ ᠵᠦᠢᠯ ᠪᠤᠢ᠃ | ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ᠂ ᠨᠡᠶᠢᠲᠡ 3 ᠵᠦᠢᠯ ᠪᠤᠶ᠃ ᠭᠤᠣᠯᠳᠠᠭᠤ ︽ᠳᠦᠷᠢᠮ︾ ᠢ | ᠲᠣᠭᠲᠠᠭᠠᠭᠰᠠᠨ ᠦᠨᠳᠦᠰᠦᠯᠡᠯ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠵᠢᠯᠤᠭᠤᠳᠬᠤ | ᠦᠵᠡᠯ ᠰᠠᠨᠠᠭ᠎ᠠ ᠵᠡᠷᠭᠡ ᠠᠭᠤᠯᠭ᠎ᠠ ᠪᠣᠯᠣᠨ᠎ᠠ᠃ | ᠬᠤᠶᠠᠳᠤᠭᠠᠷ ᠪᠦᠯᠦᠭ ᠲᠤ ᠪᠦᠷᠢᠯᠳᠦᠭᠦᠨ ᠬᠥᠮᠥᠰ ᠪᠠ ᠵᠠᠰᠠᠭ ᠤᠨ ᠣᠷᠳᠣᠨ ᠤ ᠡᠭᠦᠷᠭᠡ ᠲᠤᠰᠢᠶᠠᠯ ᠤᠨ | ᠲᠠᠯ᠎ᠠ ᠪᠠᠷ ᠨᠡᠶᠢᠳᠠ 4 ᠵᠦᠢᠯ ᠪᠤᠢ᠃ ᠭᠤᠣᠯᠳᠠᠭᠤ ᠬᠤᠰᠢᠭᠤᠨ ᠵᠠᠰᠠᠭ ᠤᠨ ᠣᠷᠳᠣᠨ ᠤ ᠪᠦᠷᠢᠯᠳᠦᠭᠦᠨ᠂ | ᠬᠤᠰᠢᠭᠤᠨ ᠳᠠᠷᠤᠭ᠎ᠠ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠵᠠᠰᠠᠭ ᠤᠨ ᠣᠷᠳᠣᠨ ᠤ ᠠᠯᠪᠠᠨ ᠭᠡᠷ ᠤᠨ | ᠡᠷᠬᠢᠯᠡᠭᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ᠂ ᠵᠠᠰᠠᠭ ᠤᠨ ᠣᠷᠳᠣᠨ ᠤ ᠡᠭᠦᠷᠭᠡ ᠴᠢᠳᠠᠪᠬᠢ᠂ ᠬᠤᠰᠢᠭᠤᠨ | ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠵᠡᠷᠭᠡ | ᠠᠭᠤᠯᠭ᠎ᠠ ᠶᠢ ᠪᠠᠭᠲᠠᠭᠠᠨ᠎ᠠ᠃ | ᠭᠤᠷᠪᠠᠳᠤᠭᠠᠷ ᠪᠦᠯᠦᠭ ᠨᠢ ᠠᠵᠢᠯ ᠤᠨ ᠵᠠᠷᠴᠢᠮ᠂ ᠨᠡᠶᠢᠲᠡ 6 ᠵᠦᠢᠯ ᠪᠤᠶ᠃ ᠡᠭᠦᠨ ᠳᠤ ᠭᠤᠣᠯᠳᠠᠭᠤ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠠᠤᠯᠢ ᠶᠣᠰᠣᠭᠠᠷ | ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠠᠷᠠᠳᠴᠢᠯᠠᠯ ᠢ ᠪᠠᠷᠢᠮᠲᠠᠯᠠᠵᠤ᠂ ᠲᠥᠪ ᠭᠤᠣᠯᠴᠢ ᠪᠠᠷ | ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠬᠤ ᠶᠠᠪᠤᠳᠠᠯ | ᠪᠣᠯᠣᠨ᠎ᠠ᠃ | ᠳᠥᠷᠪᠡᠳᠦᠭᠡᠷ ᠪᠦᠯᠦᠭ ᠨᠢ ᠬᠢᠨᠠᠯᠲᠠ ᠲᠠᠯᠪᠢᠬᠤ ᠳᠦᠷᠢᠮ ᠪᠣᠯᠣᠨ᠎ᠠ᠂ ᠨᠡᠶᠢᠲᠡ 4 ᠵᠦᠢᠯ ᠪᠤᠶ᠃ ᠭᠤᠣᠯᠳᠠᠭᠤ | ᠬᠤᠰᠢᠭᠤᠨ ᠤ ᠵᠠᠰᠠᠭ ᠤᠨ ᠣᠷᠳᠣᠨ ᠨᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ᠂ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠯ ᠤᠨ ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠨᠡᠶᠢᠭᠡᠮ ᠤᠨ ᠡᠯ᠎ᠡ | ᠡᠲᠡᠭᠡᠳ ᠤᠨ ᠬᠢᠨ ᠪᠠ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠬᠢᠨᠠᠯᠲᠠ ᠵᠡᠷᠭᠡ ᠶᠢ ᠤᠬᠠᠮᠰᠠᠷ ᠠᠴᠠ ᠪᠠᠨ | ᠬᠦᠯᠢᠶᠡᠬᠦ ᠬᠡᠷᠡᠭᠲᠡᠢ᠃ | ᠲᠠᠪᠤᠳᠤᠭᠠᠷ ᠪᠦᠯᠦᠭ ᠨᠢ ᠬᠤᠷᠠᠯ ᠤᠨ ᠳᠦᠷᠢᠮ ᠪᠣᠯᠣᠨ᠎ᠠ᠂ ᠨᠡᠶᠢᠳᠡ 11 ᠵᠦᠢᠯ ᠪᠤᠢ᠃ ᠭᠤᠣᠯᠳᠠᠭᠤ | ᠬᠤᠰᠢᠭᠤᠨ ᠤ ᠵᠠᠰᠠᠭ ᠤᠨ ᠣᠷᠳᠣᠨ ᠤ ᠬᠤᠷᠠᠯ ᠤᠨ ᠳᠦᠷᠢᠮ᠂ ᠬᠡᠷᠡᠭ ᠵᠥᠪᠯᠡᠬᠦ ᠬᠡᠪᠴᠢᠶ᠎ᠡ᠂ ᠬᠤᠷᠠᠯ ᠤᠨ ᠪᠡᠯᠡᠳᠬᠡᠯ | ᠂ ᠰᠤᠷᠤᠯᠴᠠᠯᠭ᠎ᠠ ᠶᠢᠨ ᠳᠦᠷᠢᠮ ᠵᠡᠷᠭᠡ ᠠᠭᠤᠯᠭ᠎ᠠ ᠶᠢ ᠪᠠᠭᠲᠠᠭᠠᠨ᠎ᠠ᠃ | ᠵᠢᠷᠭᠤᠳᠤᠭᠠᠷ ᠪᠦᠯᠦᠭ ᠨᠢ ᠠᠯᠪᠠᠨ ᠪᠢᠴᠢᠭ ᠢ ᠰᠢᠢᠳᠪᠦᠷᠢᠯᠡᠬᠦ ᠶᠢᠨ ᠲᠥᠯᠥᠭᠡ ᠨᠡᠶᠢᠳᠠ 10 ᠵᠦᠢᠯ ᠪᠤᠢ᠃ | ᠭᠤᠣᠯᠳᠠᠭᠤ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ | ᠮᠠᠯᠵᠢᠯ ᠤᠨ ᠲᠠᠯᠠᠪᠠᠶ ᠪᠠ ᠡᠯ᠎ᠡ ᠰᠠᠯᠠᠭ᠎ᠠ ᠮᠥᠴᠢᠷ ᠤᠨ ᠬᠤᠰᠢᠭᠤᠨ ᠵᠠᠰᠠᠭ ᠤᠨ ᠣᠷᠳᠣᠨ ᠤ ᠠᠯᠪᠠᠨ ᠪᠢᠴᠢᠭ ᠢ | ᠮᠡᠳᠡᠭᠦᠯᠦᠨ ᠬᠦᠷᠭᠡᠬᠦ ᠵᠢᠴᠢ ᠬᠤᠰᠢᠭᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠨᠡᠶᠢᠲᠡᠯᠡᠬᠦ᠂ ᠳᠡᠭᠡᠭᠰᠢ | ᠮᠡᠳᠡᠭᠦᠯᠬᠦ ᠠᠯᠪᠠᠨ ᠪᠢᠴᠢᠭ ᠤᠨ ᠶᠠᠪᠤᠭᠤᠯᠬᠤ ᠳᠦᠷᠢᠮ ᠪᠠ ᠲᠠᠰ ᠳᠠᠷᠠᠭᠠᠯᠠᠯ ᠵᠡᠷᠭᠡ ᠠᠭᠤᠯᠭ᠎ᠠ ᠶᠢ ᠪᠠᠭᠲᠠᠭᠠᠨ᠎ᠠ᠃ | ᠳᠣᠯᠣᠳᠤᠭᠠᠷ ᠪᠦᠯᠦᠭ ᠠᠵᠢᠯ ᠢ ᠨᠠᠶᠢᠳᠠᠪᠤᠷᠢᠵᠢᠭᠤᠯᠬᠤ ᠶᠢᠨ ᠲᠥᠯᠥᠭᠡ᠂ ᠨᠡᠶᠢᠳᠡ 3 ᠵᠦᠢᠯ ᠪᠤᠢ᠃ | ᠭᠤᠣᠯᠳᠠᠭᠤ ᠠᠵᠢᠯᠯᠠᠬᠤ ᠠᠷᠭ᠎ᠠ᠂ ᠠᠵᠢᠯ ᠤᠨ ᠱᠠᠭᠠᠷᠳᠠᠯᠭ᠎ᠠ ᠪᠣᠯᠣᠨ ᠱᠠᠯᠠᠪᠳᠠᠭᠤᠯᠤᠨ ᠪᠠᠶᠢᠴᠠᠭᠠᠬᠤ ᠱᠠᠭᠠᠷᠳᠠᠯᠭ᠎ᠠ | ᠵᠡᠷᠭᠡ ᠪᠣᠯᠣᠨ᠎ᠠ᠃ | ᠨᠠᠢᠮᠠᠳᠤᠭᠠᠷ ᠪᠦᠯᠦᠭ ᠠᠵᠢᠯ ᠤᠨ ᠰᠠᠬᠢᠯᠭ᠎ᠠ ᠪᠠᠲᠤ ᠪᠠ ᠲᠤᠰ ᠪᠡᠶ᠎ᠡ ᠶᠢᠨ ᠪᠠᠶᠢᠭᠤᠯᠤᠯᠲᠠ ᠶᠢᠨ ᠲᠥᠯᠥᠭᠡ | ᠨᠠᠶᠢᠳᠠ ᠲᠠᠪᠤᠨ ᠵᠦᠢᠯ ᠪᠤᠢ᠃ ᠭᠤᠣᠯᠳᠠᠭᠤ ᠡᠯ᠎ᠡ ᠵᠦᠢᠯ ᠤᠨ ᠠᠵᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ | ᠪᠣᠯᠣᠨ᠎ᠠ᠃ | ᠶᠢᠰᠦᠳᠦᠭᠡᠷ ᠪᠦᠯᠦᠭ ᠨᠢ ᠳᠠᠭᠠᠯᠳᠤᠭᠤᠯᠤᠭᠰᠠᠨ ᠳᠦᠷᠢᠮ ᠪᠣᠯᠣᠨ᠎ᠠ᠂ ᠨᠡᠶᠢᠲᠡ ᠬᠤᠶᠠᠷ ᠵᠦᠢᠯ ᠪᠤᠢ᠃ | ᠭᠤᠣᠯᠳᠠᠭᠤ ᠬᠡᠷᠡᠭᠯᠡᠬᠦ ᠬᠡᠪᠴᠢᠶ᠎ᠡ ᠪᠠ ᠬᠡᠷᠡᠭᠵᠢᠭᠦᠯᠬᠦ ᠡᠳᠦᠷ ᠬᠤᠭᠤᠴᠠᠭ᠎ᠠ ᠪᠣᠯᠣᠨ᠎ᠠ᠃ | ᠲᠠᠶᠢᠯᠤᠮᠵᠢ ᠬᠢᠭᠰᠡᠨ ᠨᠢᠭᠡᠴᠡ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ | ᠲᠠᠶᠢᠯᠤᠮᠵᠢ ᠬᠢᠭᠴᠢ᠄ ᠮᠦ᠋ᠴᠢᠷ | ᠬᠠᠷᠢᠯᠴᠠᠬᠤ ᠬᠡᠯᠪᠡᠷᠢ᠄ 0475 ︱ 5228022 | | |