ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | | 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠰᠠᠨᠠᠭᠤᠯᠭ᠎ᠠ ᠶᠢᠨ ᠲᠥᠰᠥᠯ ᠢ ᠴᠤᠭᠯᠠᠭᠤᠯᠬᠤ ᠲᠤᠬᠠᠢ ᠵᠠᠷᠯᠠᠯ | | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ | ᠲᠠᠯᠠᠪᠠᠶ᠂ ᠭᠠᠨᠵᠤᠭ᠎ᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ᠂ ᠬᠤᠰᠢᠭᠤᠨ ᠤ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠲᠦᠪ ᠤᠷᠤᠨ ᠬᠤᠲᠠ ᠶᠢᠨ ᠰᠢᠭᠤᠳ ᠬᠠᠷᠢᠶ᠎ᠠ ᠡᠯ᠎ᠡ ᠨᠢᠭᠡᠴᠡ ᠳᠤ᠄ | | ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ | ᠰᠢᠢᠳᠪᠦᠷᠢᠲᠦ ᠪᠣᠳᠣᠯᠭ᠎ᠠ ᠶᠢᠨ ᠠᠵᠢᠯ ᠤᠨ ᠠᠷᠠᠳᠴᠢᠯᠠᠯᠲᠠ ᠪᠠ ᠰᠢᠨᠵᠢᠯᠡᠬᠦ ᠤᠬᠠᠭᠠᠨᠴᠢᠯᠠᠯᠲᠠ ᠶᠢ ᠤᠯᠠᠮ ᠨᠢᠭᠡ | ᠠᠯᠬᠤᠮ ᠲᠡᠭᠡᠭᠰᠢᠯᠡᠬᠦᠯᠵᠦ᠂ ᠣᠯᠠᠨ ᠨᠡᠶᠢᠲᠡ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠢᠨᠵᠧᠨᠧᠷᠢᠩ ᠳᠤ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠤᠨ ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ᠂ ᠠᠰᠢᠭ ᠲᠤᠰᠠ ᠣᠯᠭᠤᠬᠤ | ᠵᠣᠷᠢᠯᠲᠠ ᠶᠢ ᠨᠠᠩ ᠰᠠᠶᠢᠲᠤᠷ ᠢᠯᠡᠷᠡᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ | ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠡᠶᠢᠭᠡᠮ ᠤᠨ ᠡᠯ᠎ᠡ ᠡᠲᠡᠭᠡᠳ ᠠᠴᠠ 2024 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠢᠯᠡ ᠪᠠᠷ ᠴᠤᠭᠯᠠᠭᠤᠯᠬᠤ | ᠪᠠᠷ ᠪᠤᠢ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠡᠯᠰᠡᠬᠦ ᠡᠳᠦᠷ ᠬᠤᠭᠤᠴᠠᠭ᠎ᠠ | ᠵᠠᠷᠯᠠᠨ ᠮᠡᠳᠡᠭᠳᠡᠭᠰᠡᠨ ᠡᠳᠦᠷ ᠠᠴᠠ ᠡᠬᠢᠯᠡᠨ 2023 ᠣᠨ ᠤ 12 ᠰᠠᠷ᠎ᠠ ᠶᠢᠨ 5 ᠤ ᠡᠳᠦᠷ ᠤᠨ ᠦᠳᠡ ᠶᠢᠨ | ᠬᠤᠶᠢᠨᠠᠬᠢ 17 ᠴᠠᠭ ᠪᠣᠯᠲᠠᠯ᠎ᠠ᠃ | ᠬᠤᠶᠠᠷ᠂ ᠡᠯᠰᠡᠬᠦ ᠠᠭᠤᠯᠭ᠎ᠠ ᠬᠢᠭᠡᠳ ᠬᠡᠪᠴᠢᠶ᠎ᠡ | ᠠᠷᠠᠳ ᠢᠶᠠᠷ ᠦᠨᠳᠦᠰᠦ ᠪᠣᠯᠭᠠᠬᠤ ᠵᠣᠷᠢᠯᠲᠠ ᠶᠢ ᠪᠠᠷᠢᠮᠲᠠᠯᠠᠨ᠂ ᠥᠷᠭᠡᠨ ᠣᠯᠠᠨ ᠲᠦᠮᠡᠨ ᠤ ︽ᠢᠳᠡᠵᠦ | ᠡᠮᠦᠰᠬᠦ ᠶᠠᠪᠤᠵᠤ ᠰᠠᠭᠤᠬᠤ᠂ ᠠᠮᠤᠷ ᠵᠢᠮᠤᠷ ᠠᠵᠤ ᠲᠦᠷᠦᠭᠦ︾ ᠪᠠᠷ ᠭᠤᠣᠯᠳᠠᠯᠭ᠎ᠠ ᠪᠣᠯᠭᠠᠨ᠂ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ | ᠤᠶᠠᠯᠳᠤᠭᠤᠯᠤᠨ᠂ ᠤᠯᠠᠨ ᠲᠦᠮᠡᠨ ᠤ ᠠᠮᠢᠳᠤᠷᠠᠯ᠂ ᠦᠢᠯᠡᠳᠪᠦᠷᠢᠯᠡᠯ ᠲᠠᠢ ᠨᠢᠭᠲᠠ ᠬᠤᠯᠪᠣᠭ᠎ᠠ ᠲᠠᠢ ᠨᠢᠭᠡ ᠪᠦᠯᠦᠭ | ᠳᠦᠷᠦᠯ ᠵᠦᠢᠯ ᠢ ᠲᠣᠬᠢᠷᠠᠭᠤᠯᠬᠤ ᠪᠠᠷ ᠴᠢᠷᠮᠠᠶᠢᠨ᠎ᠠ᠃ ᠡᠭᠦᠨ ᠳᠤ ᠭᠤᠣᠯᠳᠠᠭᠤ᠄ ᠠᠵᠢᠯ ᠤᠯᠭᠤᠵᠤ ᠦᠢᠯᠡᠰ | ᠪᠣᠰᠬᠠᠬᠤ ᠦᠢᠯᠡᠴᠢᠯᠡᠭᠡ᠂ ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠰ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ᠂ ᠨᠠᠰᠤᠵᠢᠯ ᠤᠨ | ᠠᠰᠠᠷᠠᠮᠵᠢ ᠪᠠᠷ ᠵᠡᠮᠳᠡᠭᠴᠦᠳ ᠢ ᠲᠤᠰᠠᠯᠠᠬᠤ ᠲᠠᠯ᠎ᠠ᠂ ᠤᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ᠂ | ᠰᠣᠶᠣᠯ ᠪᠡᠶ᠎ᠡ ᠶᠢᠨ ᠲᠠᠮᠢᠷ ᠤᠨ ᠲᠠᠯ᠎ᠠ᠂ ᠣᠶᠤᠨᠲᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠢᠳᠡᠭᠡᠨ ᠪᠠ ᠡᠮ ᠤᠨ | ᠠᠮᠤᠷ ᠲᠦᠪᠰᠢᠨ ᠤ ᠪᠠᠲᠤᠯᠠᠭ᠎ᠠ᠂ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡ᠂ ᠤᠯᠠᠨ ᠲᠦᠮᠡᠨ ᠤ ᠵᠠᠮ | ᠬᠠᠷᠢᠯᠴᠠᠭ᠎ᠠ ᠶᠠᠪᠤᠵᠤ ᠰᠠᠭᠤᠬᠤ᠂ ᠬᠤᠳᠠ ᠬᠥᠳᠡᠭᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ | ᠲᠣᠭᠤᠷᠢᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠭᠲᠠᠨ᠎ᠠ | ᠃ | ᠭᠤᠷᠪᠠ᠂ ᠡᠯᠰᠡᠬᠦ ᠱᠠᠭᠠᠷᠳᠠᠯᠭ᠎ᠠ | ︵ᠨᠢᠭᠡ︶ ᠲᠥᠷᠥᠯ ᠵᠦᠢᠯ ᠤᠨ ᠰᠠᠨᠠᠭᠤᠯᠭ᠎ᠠ ᠶᠢᠨ ᠲᠠᠯ᠎ᠠ ᠪᠠᠷ᠃ ᠬᠡᠷᠡᠭᠵᠢᠭᠦᠯᠵᠦ ᠪᠣᠯᠬᠤᠶᠢᠴᠠ ᠴᠢᠨᠠᠷ ᠢ | ᠪᠦᠷᠢᠳᠦᠭᠦᠯᠦᠭᠰᠡᠨ ᠪᠠᠶᠢᠬᠤ ᠬᠡᠷᠡᠭᠲᠡᠢ᠂ ᠡᠩ ᠤᠨ ᠪᠠᠶᠢᠳᠠᠯ ᠳᠤ ᠲᠥᠷᠥᠯ ᠵᠦᠢᠯ ᠤᠨ ᠨᠡᠷᠡᠶᠢᠳᠦᠯ᠂ ᠲᠥᠷᠥᠯ | ᠵᠦᠢᠯ ᠤᠨ ᠠᠬᠤᠢ ᠪᠠᠶᠢᠳᠠᠯ᠂ ᠪᠦᠲᠦᠭᠡᠨ ᠪᠠᠶᠢᠭᠤᠯᠤᠭᠰᠠᠨ ᠵᠢᠯ ᠬᠤᠭᠤᠴᠠᠭ᠎ᠠ᠂ ᠲᠥᠷᠥᠯ ᠵᠦᠢᠯ ᠤᠨ ᠠᠭᠤᠯᠭ᠎ᠠ᠂ | ᠬᠡᠷᠡᠭᠵᠢᠭᠦᠯᠬᠦ ᠭᠤᠣᠯ ᠴᠣᠭᠴᠠ ᠵᠢᠴᠢ ᠭᠠᠵᠠᠷ ᠣᠷᠣᠨ᠂ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠵᠢᠴᠢ ᠪᠡᠯᠡ | ᠮᠥᠩᠭᠦ ᠶᠢᠨ ᠢᠷᠡᠯᠲᠡ᠂ ᠪᠣᠯᠣᠮᠵᠢᠲᠤ ᠵᠠᠳᠠᠯᠤᠯᠲᠠ ᠶᠢᠨ ᠮᠠᠲ᠋ᠧᠷᠢᠶᠠᠯ ᠵᠢᠴᠢ ᠪᠤᠰᠤᠳ ᠬᠠᠩᠭᠠᠬᠤ ᠴᠢᠬᠤᠯᠠᠲᠠᠢ | ᠠᠭᠤᠯᠭ᠎ᠠ ᠶᠢ ᠪᠠᠭᠲᠠᠭᠠᠵᠤ᠂ ᠤᠨᠴᠠᠭᠠᠢ ᠪᠠᠶᠢᠳᠠᠯ ᠢ ᠳᠥᠭᠦᠮᠴᠢᠯᠡᠨ ᠰᠢᠢᠳᠪᠦᠷᠢᠯᠡᠵᠦ ᠪᠣᠯᠣᠨ᠎ᠠ᠃ | ︵ᠬᠤᠶᠠᠷ︶ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠲᠠᠯ᠎ᠠ ᠪᠠᠷ᠃ ᠲᠥᠯᠥᠭᠡᠯᠡᠬᠦ ᠴᠢᠨᠠᠷ᠂ ᠪᠥᠬᠦ | ᠲᠠᠯ᠎ᠠ ᠶᠢᠨ ᠴᠢᠨᠠᠷ ᠵᠢᠴᠢ ᠬᠠᠮᠤᠷᠬᠤ ᠬᠡᠪᠴᠢᠶ᠎ᠡ ᠪᠠ ᠠᠰᠢᠭ ᠭᠥᠷᠳᠡᠬᠦ ᠬᠡᠪᠴᠢᠶ᠎ᠡ ᠨᠢ ᠥᠷᠭᠡᠨ᠂ ᠨᠡᠶᠢᠭᠡᠮ ᠤᠨ ᠦᠷ᠎ᠡ | ᠠᠰᠢᠭ ᠨᠢ ᠢᠯᠡᠷᠬᠡᠢ ᠵᠡᠷᠭᠡ ᠣᠨᠴᠠᠯᠢᠭ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃ | ︵ᠭᠤᠷᠪᠠ︶ ᠪᠡᠯᠡ ᠮᠥᠩᠭᠦ ᠶᠢ ᠲᠣᠬᠢᠷᠠᠭᠤᠯᠬᠤ ᠲᠠᠯ᠎ᠠ ᠪᠠᠷ᠃ ᠪᠣᠯᠣᠮᠵᠢᠲᠤ ᠴᠢᠨᠠᠷ ᠢ ᠪᠦᠷᠢᠳᠦᠭᠦᠯᠵᠦ᠂ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠣᠯ ᠵᠥᠷᠢᠴᠡᠯ ᠲᠠᠢ ᠨᠢᠭᠲᠠ ᠤᠶᠠᠯᠳᠤᠭᠤᠯᠤᠨ᠂ ᠮᠠᠨ ᠤ | ᠬᠤᠰᠢᠭᠤᠨ ᠤ ᠪᠣᠳᠠᠲᠤ ᠪᠠᠶᠢᠳᠠᠯ ᠪᠠ ᠡᠳ᠋ ᠤᠨ ᠵᠠᠰᠠᠭ ᠤᠨ ᠳᠠᠭᠠᠭᠠᠴᠠ ᠶᠢ ᠭᠦᠢᠴᠡᠳ ᠪᠣᠳᠣᠯᠬᠢᠯᠠᠨ᠂ ︽ | ᠴᠢᠳᠠᠯ ᠤᠨ ᠬᠢᠷᠢ ᠪᠠᠷ ᠬᠢᠵᠦ᠂ ᠴᠢᠳᠠᠯ ᠤᠨ ᠬᠢᠷᠢ ᠪᠠᠷ ᠴᠢᠷᠮᠠᠶᠢᠬᠤ︾ ᠵᠠᠷᠴᠢᠮ ᠢᠶᠠᠷ ᠡᠳ᠋ ᠤᠨ ᠬᠦᠴᠦᠨ ᠢᠶᠠᠨ | ᠲᠥᠪᠯᠡᠷᠡᠭᠦᠯᠦᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ | ︵ᠳᠥᠷᠪᠡ︶ ᠪᠦᠲᠦᠭᠡᠨ ᠪᠠᠶᠢᠭᠤᠯᠤᠯᠲᠠ ᠶᠢᠨ ᠡᠭᠡᠯᠵᠢᠲᠦ ᠬᠤᠭᠤᠴᠠᠭ᠎ᠠ ᠶᠢᠨ ᠲᠠᠯ᠎ᠠ ᠪᠠᠷ᠃ ᠡᠵᠡᠮᠳᠡᠵᠦ ᠪᠣᠯᠬᠤ | ᠴᠢᠨᠠᠷ ᠲᠠᠢ᠂ ᠡᠩ ᠤᠨ ᠪᠠᠶᠢᠳᠠᠯ ᠳᠤ ᠲᠤᠬᠠᠢ ᠶᠢᠨ ᠵᠢᠯ ᠳᠤ ᠪᠡᠶᠡᠯᠡᠭᠦᠯᠵᠦ ᠳᠡᠶᠢᠯᠬᠦ ᠪᠤᠶᠤ ᠱᠠᠲᠤ ᠦᠶ᠎ᠡ ᠶᠢᠨ | ᠴᠢᠨᠠᠷᠲᠠᠢ ᠦᠷ᠎ᠡ ᠪᠦᠲᠦᠮᠵᠢ ᠣᠯᠵᠤ ᠳᠡᠶᠢᠯᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠪᠦᠷᠢᠯᠳᠦᠭᠦᠯᠪᠡᠯ ᠵᠣᠬᠢᠨ᠎ᠠ᠃ | ︵ᠲᠠᠪᠤ︶ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠲᠠᠯ᠎ᠠ ᠪᠠᠷ᠃ ᠣᠯᠠᠨ ᠶᠠᠩᠵᠤᠲᠤ ᠴᠢᠨᠠᠷ ᠢ | ᠪᠦᠷᠢᠯᠳᠦᠭᠦᠯᠪᠡᠯ ᠵᠣᠬᠢᠨ᠎ᠠ᠂ ᠰᠠᠨᠠᠭᠤᠯᠬᠤ ᠲᠥᠷᠥᠯ ᠵᠦᠢᠯ ᠨᠢ ᠬᠤᠰᠢᠭᠤᠨ ᠤ ᠡᠳ᠋ ᠤᠨ ᠵᠠᠰᠠᠭ ᠤᠨ ᠪᠡᠯᠡ | ᠣᠷᠣᠭᠤᠯᠤᠯᠲᠠ ᠪᠠᠶᠢᠵᠤ ᠪᠣᠯᠣᠨ᠎ᠠ᠂ ᠪᠠᠰᠠ ᠳᠡᠭᠡᠳᠦ ᠱᠠᠲᠤᠨ ᠤ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ | ᠠᠷᠠᠳ ᠤᠨ ᠠᠮᠢᠳᠤᠷᠠᠯ ᠤᠨ ᠲᠥᠷᠥᠯ ᠤᠨ ᠣᠯᠠᠨ ᠨᠡᠶᠢᠲᠡ ᠶᠢᠨ ᠠᠵᠢᠯ ᠦᠢᠯᠡᠰ ᠤᠨ ᠲᠥᠷᠥᠯ ᠵᠦᠢᠯ ᠪᠠᠶᠢᠵᠤ | ᠪᠣᠯᠣᠨ᠎ᠠ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ | ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ | ᠳᠥᠷᠪᠡ᠂ ᠲᠠᠭᠯᠠᠨ ᠮᠡᠳᠡᠭᠦᠯᠬᠦ ᠱᠠᠭᠠᠷᠳᠠᠯᠭ᠎ᠠ ᠵᠢᠴᠢ ᠬᠠᠷᠢᠯᠴᠠᠬᠤ ᠠᠷᠭ᠎ᠠ ᠬᠡᠯᠪᠡᠷᠢ | ︵ᠨᠢᠭᠡ︶ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2024 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠴᠤᠭᠯᠠᠭᠤᠯᠬᠤ ᠬᠦᠰᠦᠨᠦᠭᠲᠦ︾ ︵ | ᠳᠠᠭᠠᠯᠳᠤᠭᠤᠯᠤᠯ ᠳᠤ ᠦᠵᠡ︶ ᠶᠢᠨ ᠱᠠᠭᠠᠷᠳᠠᠯᠭ᠎ᠠ ᠶᠣᠰᠣᠭᠠᠷ ᠵᠢᠷᠤᠮᠵᠢᠭᠤᠯᠤᠨ ᠲᠠᠭᠯᠠᠵᠤ᠂ ᠬᠦᠰᠦᠨᠦᠭᠲᠦ ᠶᠢ | ᠳᠠᠭᠠᠯᠳᠤᠭᠤᠯᠤᠨ ᠪᠣᠯᠣᠮᠵᠢᠲᠤ ᠵᠠᠳᠠᠯᠤᠯᠲᠠ ᠶᠢᠨ ᠮᠠᠲ᠋ᠧᠷᠢᠶᠠᠯ ᠢ ᠳᠠᠭᠠᠯᠳᠤᠭᠤᠯᠤᠨ᠎ᠠ᠃ | ︵ᠬᠤᠶᠠᠷ︶ ᠪᠢᠴᠢᠭ ᠤᠨ ᠬᠡᠯᠪᠡᠷᠢ᠂ ᠤᠲᠠᠰᠤ᠂ ᠡᠯᠧᠺᠲᠷᠣᠨ ᠰᠢᠤᠳᠠᠨ ᠤ ᠵᠦᠢᠯ ᠵᠡᠷᠭᠡ ᠬᠡᠯᠪᠡᠷᠢ ᠪᠠᠷ | ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠲᠤ ᠰᠠᠨᠠᠯ ᠰᠠᠨᠠᠭᠤᠯᠭ᠎ᠠ ᠳᠤᠷᠠᠳᠤᠨ᠎ᠠ᠃ ᠪᠢᠴᠢᠭ ᠤᠨ | ᠵᠠᠬᠢᠳᠠᠯ ᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ︵610 ᠲᠠᠰᠤᠭ︶ ᠲᠤ ᠬᠦᠷᠭᠡᠨ᠎ᠡ᠃ | ᠬᠠᠷᠢᠯᠴᠠᠬᠤ ᠬᠥᠮᠥᠨ᠄ ᠮᠧᠩ ᠵᠢᠶᠠᠨ ᠳ᠋ᠦᠩ | ᠠᠰᠠᠭᠤᠨ ᠯᠠᠪᠯᠠᠬᠤ ᠤᠲᠠᠰᠤ᠄ 0475 ︱ 5223108 | ᠢᠮᠧᠯ᠄ hqzfb704@163.com | | 2023 ᠤᠨ 11 ᠰᠠᠷ᠎ᠠ ᠶᠢᠨ 28 ᠤ ᠡᠳᠦᠷ | | |