ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 1 ᠰᠠᠷ᠎ᠠ ᠠᠴᠠ 3 ᠰᠠᠷ᠎ᠠ ᠶᠢᠨ ᠲᠣᠮᠣ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/13
   2023 ᠣᠨ ᠤ 1 ᠰᠠᠷ᠎ᠠ    1 ᠰᠠᠷ᠎ᠠ ᠶᠢᠨ 2  ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠸᠠᠩ ᠶᠢᠨ ᠴᠢᠶᠠᠩ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠤᠷᠢᠳ ᠬᠤᠵᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ 2022 ᠣᠨ ᠤ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠣᠳᠣᠬᠠᠨ ᠤ ᠪᠠ 2023 ᠣᠨ ᠤ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠲᠦᠩ ᠭᠦᠸᠧ ᠪᠢᠶᠤᠤ ᠬᠤᠷᠠᠯ ᠡᠷᠭᠢᠯᠡᠨ ᠬᠤᠷᠠᠯᠳᠤᠭᠤᠯᠵᠤ᠂ 2023 ᠣᠨ ᠤ ᠭᠤᠤᠯᠳᠠᠯᠭ᠎ᠠ ᠲᠠᠢ ᠠᠵᠢᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃    1 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ ᠸᠧᠨ ᠰᠢ᠂ ᠳᠡᠳ᠋ ᠬᠤᠰᠢᠭᠤᠨ ᠳᠠᠷᠤᠭ᠎ᠠ ᠲᠦᠩ ᠭᠦᠸᠧ ᠪᠢᠶᠣᠤ ᠬᠠᠮᠲᠤ ᠪᠠᠷ 2023 ᠣᠨ ᠤ ᠠᠩᠬᠠᠳᠤᠭᠠᠷ ᠤᠳᠠᠭᠠᠨ ᠤ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠳᠡᠭᠡᠷ᠎ᠡ 2022 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠠᠵᠢᠯ ᠢ ᠲᠣᠪᠴᠢ ᠳ᠋ᠦᠩᠨᠡᠵᠦ᠂ ᠣᠳᠣᠬᠠᠨ ᠤ ᠡᠯ᠎ᠡ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠠᠭᠤᠯᠭ᠎ᠠ ᠶᠢ ᠳᠣᠭᠢᠷᠠᠭᠤᠯᠤᠨ ᠠᠬᠢᠭᠤᠯᠬᠤ ᠶᠢᠨ ᠬᠠᠮᠲᠤ 2023 ᠣᠨ ᠤ ᠠᠵᠢᠯ ᠤᠨ ᠭᠤᠤᠯᠳᠠᠯᠭ᠎ᠠ ᠳᠤ ᠪᠠᠶᠢᠷᠢᠯᠠᠭᠤᠯᠤᠯᠲᠠ ᠬᠢᠪᠠ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ ᠸᠧᠨ ᠰᠢ  ᠲᠦᠷᠭᠡᠨ ᠵᠠᠮ  ᠪᠠ ᠵᠠᠰᠠᠮᠠᠯ ᠵᠠᠮ ᠤᠨ ᠬᠤᠯᠪᠣᠬᠤ ᠱᠤᠭᠤᠮ ᠤᠨ ᠲᠥᠷᠥᠯ ᠵᠦᠢᠯ ᠤᠨ ᠭᠠᠵᠠᠷ ᠰᠢᠷᠣᠶ ᠲᠠᠲᠠᠪᠤᠷᠢᠯᠠᠬᠤ ᠠᠵᠢᠯ ᠢ ᠠᠬᠢᠭᠤᠯᠬᠤ ᠬᠤᠷᠠᠯ ᠢ  ᠡᠷᠭᠢᠯᠡᠨ ᠬᠤᠷᠠᠯᠳᠤᠭᠤᠯᠵᠤ᠂ ᠣᠳᠣᠬᠠᠨ ᠤ ᠭᠠᠵᠠᠷ ᠰᠢᠷᠣᠶ ᠲᠠᠲᠠᠪᠤᠷᠢᠯᠠᠬᠤ ᠠᠵᠢᠯ ᠤᠨ ᠲᠤᠬᠠᠶ ᠳᠠᠬᠢᠨ ᠲᠣᠬᠢᠷᠠᠭᠤᠯᠤᠯᠲᠠ ᠬᠢᠵᠦ ᠪᠠᠶᠢᠷᠢᠯᠠᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠸᠧᠶ ᠮᠢᠩ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠭᠠᠨᠵᠤᠭ᠎ᠠ ᠪᠠᠯᠭᠠᠰᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    1 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠰᠢᠭᠤᠨ ᠤ ᠵᠠᠰᠠᠭ ᠤᠨ ᠣᠷᠳᠣᠨ ᠤ 2023 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ ᠡᠬᠡ ᠪᠢᠴᠭ ‍ᠤᠨ‌ᠨᠣᠤᠷᠠᠭ︶︾ ᠢ ᠰᠤᠳᠤᠯᠤᠨ ᠶᠠᠷᠢᠯᠴᠠᠵᠤ᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠶ ᠮᠡᠳᠡᠭᠦᠯᠦᠯᠲᠡ ︵ᠶᠠᠷᠢᠯᠴᠠᠬᠤ ᠨᠣᠤᠷᠠᠭ︶︾᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2022 ~ 2023 ᠤᠨ ᠡᠪᠦᠯ ᠬᠠᠪᠤᠷ ᠤᠨ ᠤᠯᠠᠷᠢᠯ ᠤᠨ ᠭᠠᠮᠰᠢᠭᠳᠠᠭᠰᠠᠨ ᠬᠥᠮᠦᠰ ᠤᠨ ᠠᠮᠢᠳᠤᠷᠠᠯ ᠢ ᠠᠪᠤᠷᠠᠨ ᠲᠤᠰᠠᠯᠠᠬᠤ ᠠᠵᠢᠯ ᠤᠨ ᠬᠡᠷᠡᠭᠵᠢᠭᠦᠯᠬᠦ ᠲᠥᠰᠦᠯ︾ ᠵᠡᠷᠭᠡ ᠶᠢ ᠬᠢᠨᠠᠨ ᠵᠥᠪᠯᠡᠵᠦ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      1 ᠰᠠᠷ᠎ᠠ ᠶᠢᠨ 5 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠸᠠᠩ ᠶᠢᠨ ᠴᠢᠶᠠᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂  ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠬᠠᠮᠠᠭᠠᠯᠠᠨ ᠨᠡᠭᠡᠭᠡᠨ ᠠᠰᠢᠭᠯᠠᠬᠤ ᠪᠠ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ᠂ ᠭᠤᠤᠯ ᠮᠥᠷᠡᠨ ᠤ ᠤᠰᠤᠨ ᠣᠷᠣᠨ ᠢ ᠬᠠᠮᠠᠭᠠᠯᠠᠬᠤ ᠵᠡᠷᠭᠡ ᠠᠵᠢᠯ ᠢ ᠰᠤᠳᠤᠯᠤᠨ ᠶᠠᠷᠢᠯᠴᠠᠬᠤ ᠶᠢᠨ ᠬᠠᠮᠲᠤ  ᠲᠠᠷᠢᠶᠠᠯᠠᠩ ᠤᠨ ᠰᠠᠯᠠᠭ᠎ᠠ ᠮᠦᠴᠢᠷ ᠤᠨ 2023 ᠣᠨ ᠤ ᠠᠵᠢᠯ ᠤᠨ ᠰᠡᠳᠬᠢᠴᠡ ᠵᠢᠴᠢ ᠡᠭᠦᠷᠭᠡ ᠬᠠᠷᠠᠯᠲᠠ ᠶᠢ ᠲᠤᠳᠤᠷᠬᠠᠶᠢᠯᠠᠵᠥ᠂ 2023 ᠣᠨ ᠤ  ᠲᠠᠷᠢᠶᠠᠯᠠᠩ ᠤᠨ ᠰᠠᠯᠠᠭ᠎ᠠ ᠮᠥᠴᠢᠷ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠠᠶᠢᠷᠢᠰᠢᠭᠤᠯᠤᠯᠲᠠ ᠵᠡᠷᠭᠡ ᠠᠵᠢᠯ ᠢ ᠪᠠᠶᠢᠷᠢᠯᠠᠭᠤᠯᠪᠠ᠃    1 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ  ᠂ ᠹᠦ᠋ ᠶᠣᠣ ᠴᠠᠬᠢᠭᠤᠷ ᠡᠯᠡᠰᠦᠨ ᠤ ᠬᠢᠵᠠᠭᠠᠷᠲᠤ ᠺᠣᠮᠫᠠᠨᠢ᠂ ᠸᠧᠶ ᠯᠢᠶᠠᠩ ᠰᠢᠭᠰᠢᠬᠦ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠵᠣᠯᠭᠠᠭᠤᠯᠤᠨ ᠵᠥᠪᠳᠡᠯᠴᠡᠪᠡ᠃     1 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠪᠦᠯᠬᠦᠮ ᠳᠠᠭᠠᠭᠤᠯᠤᠨ ᠲᠢᠶᠠᠨᠵᠢᠨ ᠬᠤᠲᠠ ᠶᠢᠨ ᠠᠭᠠᠷ ᠤᠨ ᠭᠠᠷᠠᠮ ᠤᠨ ᠠᠵᠤ ᠠᠬᠤᠶ ᠶᠢᠨ ᠲᠣᠭᠤᠷᠢᠭ ᠲᠤ ᠬᠦᠷᠴᠦ᠂ ᠮᠧᠩ ᠮᠧᠩ ᠤᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠠᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠵᠣᠯᠭᠠᠭᠤᠯᠤᠨ ᠵᠥᠪᠳᠡᠯᠴᠡᠪᠡ᠃    ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠬᠤᠷᠴᠢᠨ ᠪᠡᠶ᠎ᠡ ᠲᠠᠮᠢᠷ ᠤᠨ ᠴᠤᠭᠯᠠᠭᠠᠨ ᠵᠢᠴᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠥᠰᠥ ᠴᠠᠰᠤᠨ ᠤ ᠰᠣᠨᠢᠷᠬᠠᠯᠲᠤ ᠪᠡᠶ᠎ᠡ ᠲᠠᠮᠢᠷ ᠤᠨ ᠴᠤᠭᠯᠠᠭᠠᠨ ᠧᠦ ᠰᠢᠶᠠᠩ ᠵᠢᠦ ᠴᠠᠰᠤᠨ ᠳᠤ ᠭᠤᠯᠭᠤᠬᠤ ᠲᠠᠯᠠᠪᠠᠶ ᠳᠤ ᠶᠠᠪᠤᠭᠳᠠᠪᠠ᠃    1 ᠰᠠᠷ᠎ᠠ ᠶᠢᠨ 18 ᠤ ᠡᠳᠦᠷ᠂ ᠪᠥᠬᠦ ᠬᠤᠰᠢᠭᠤᠨ ᠤ ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ 2022 ᠣᠨ ᠤ ᠪᠥᠬᠦ ᠬᠤᠰᠢᠭᠤᠨ ᠤ ᠵᠠᠮ ᠬᠠᠷᠢᠯᠴᠠᠭᠠᠨ ᠤ ᠠᠳᠡᠯ ᠤᠨ ᠪᠠᠶᠢᠳᠠᠯ ᠢ ᠮᠡᠳᠡᠭᠳᠡᠵᠦ᠂ ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃   1 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠰᠤᠷᠪᠤᠯᠵᠢᠯᠠᠬᠤ ᠪᠠᠷ ᠢᠷᠡᠭᠰᠡᠨ ᠴᠠᠩᠴᠦ᠋ᠨ ᠤ ᠰᠢᠨ ᠮᠤᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠢᠵᠠᠭᠠᠷᠲᠤ ᠺᠣᠮᠫᠠᠨᠢ᠂ ᠲᠢᠶᠠᠨᠵᠢᠨ ᠤ ᠪᠥᠸᠧ ᠬᠠᠶ ᠲᠢᠶᠠᠨ ᠪᠠᠩ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠳ᠋ᠠᠨ ᠳ᠋ᠦᠩ ᠰᠢᠨ ᠪᠠᠩ ᠣᠷᠭᠠᠨᠢᠭ ᠴᠠᠬᠢᠭᠤᠷ ᠤᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠡᠷᠭᠡ ᠣᠯᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠪᠠ᠃    ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠢᠨ ᠴᠢᠶᠠᠩ ᠣᠶ ᠶᠢᠨ ᠲᠤᠲᠤᠷᠠᠬᠢ ᠲᠠᠷᠢᠮᠠᠯ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃    ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠢᠨ ᠴᠢᠶᠠᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠭᠤᠤᠯᠳᠠᠯᠭ᠎ᠠ ᠲᠠᠢ ᠡᠭᠦᠷᠭᠡ ᠶᠢ ᠵᠠᠳᠠᠯᠤᠨ ᠨᠠᠶᠢᠳᠠᠪᠤᠷᠢᠵᠢᠭᠤᠯᠬᠤ ᠪᠠ ᠲᠥᠷᠥᠯ ᠵᠦᠢᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠪᠤᠳᠠᠯ ᠢ ᠰᠤᠳᠤᠯᠪᠠ᠃    1 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠡᠷᠭᠢᠯᠡᠨ ᠬᠤᠷᠠᠯᠳᠤᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠶ ᠰᠡᠳᠦᠪ ᠢᠶᠠᠷ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤᠨ ᠳᠠᠷᠤᠭ᠎ᠠ ᠯᠢᠦ ᠸᠧᠨ ᠰᠢ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠠᠵᠠᠷ ᠲᠠᠲᠠᠪᠤᠷᠢᠯᠠᠬᠤ᠂ ᠢᠵᠢ ᠪᠥᠷᠢᠳᠦᠭᠦᠯᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠰᠤᠯᠠ ᠪᠠᠶᠢᠬᠤ ᠭᠠᠵᠠᠷ ᠰᠢᠷᠣᠶ ᠶᠢ ᠰᠢᠢᠳᠪᠦᠷᠢᠯᠡᠬᠦ᠂ ᠴᠠᠬᠢᠯᠭᠠᠨ ᠬᠠᠩᠭᠠᠬᠤ ᠱᠤᠭᠤᠮ ᠢ ᠵᠢᠷᠤᠮᠵᠢᠭᠤᠯᠬᠤ ᠵᠡᠷᠭᠡ ᠠᠵᠢᠯ ᠢ ᠰᠤᠳᠤᠯᠪᠠ᠃    ᠬᠤᠰᠢᠭᠤᠨ  ᠳᠡᠳ᠋ ᠳᠠᠷᠤᠭ᠎ᠠ ᠸᠠᠩ ᠶᠢᠨ ᠴᠢᠶᠠᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    1 ᠰᠠᠷ᠎ᠠ ᠶᠢᠨ 31 ᠤ ᠡᠳᠦᠷ᠂ ᠬᠤᠰᠢᠭᠤᠨ  ᠳᠡᠳ᠋ ᠳᠠᠷᠤᠭ᠎ᠠ ᠸᠠᠩ ᠶᠢᠨ ᠴᠢᠶᠠᠩ ᠨᠤᠭᠤᠰᠤᠳᠠᠢ ᠪᠠᠯᠭᠠᠰᠤᠨ ᠳᠤ ᠬᠦᠷᠴᠦ 2023 ᠣᠨ ᠤ ᠮᠠᠯᠵᠢᠬᠤ ᠲᠠᠷᠢᠶᠠᠯᠠᠬᠤ ᠣᠷᠣᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠷᠠᠯ ᠳᠤ ᠣᠷᠣᠯᠴᠠᠭᠰᠠᠳ ᠲᠠᠢ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠮᠠᠯᠵᠢᠬᠤ ᠲᠠᠷᠢᠶᠠᠯᠠᠬᠤ ᠣᠷᠣᠨ ᠤ ᠭᠤᠤᠯᠳᠠᠯᠭ᠎ᠠ ᠲᠠᠢ ᠠᠵᠢᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃    ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠲᠦᠩ ᠭᠦᠸᠧ ᠪᠢᠶᠤᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠳᠤ ᠴᠡᠭ ᠲᠤ ᠰᠠᠭᠤᠵᠤ ᠬᠤᠳᠠᠯᠳᠤᠭᠠᠴᠢᠨ ᠤᠷᠢᠬᠤ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃   2023 ᠣᠨ ᠤ 2 ᠰᠠᠷ᠎ᠠ    2 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠱᠠᠨᠳᠦ᠋ᠩ ᠤᠨ ᠯᠦᠩ ᠭᠤᠸᠠᠩ ᠲᠢᠶᠠᠨ ᠰᠢᠤᠢ ᠨᠡᠷᠡᠨ ᠤ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠠᠢ ᠵᠣᠯᠭᠠᠭᠤᠯᠤᠨ ᠵᠥᠪᠳᠡᠯᠴᠡᠪᠡ᠃    ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤᠨ ᠳᠠᠷᠤᠭ᠎ᠠ ᠯᠢᠦ ᠸᠧᠨ ᠰᠢ᠂ ᠳᠡᠳ᠋ ᠬᠤᠰᠢᠭᠤᠨ ᠳᠠᠷᠤᠭ᠎ᠠ ᠲᠦᠩ ᠭᠦᠸᠧ ᠪᠢᠶᠣᠤ ᠬᠠᠮᠲᠤ ᠪᠠᠷ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃   ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠢᠨ ᠴᠢᠶᠠᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠦ ᠢᠦᠶ ᠰᠢᠨ ᠨᠡᠷ ᠵᠢᠷᠭᠠᠯᠠᠩ ᠪᠠᠯᠭᠠᠰᠤ᠂ ᠪᠠᠭᠠᠳᠠᠯ᠎ᠠ ᠰᠤᠮᠤᠨ ᠳᠤ ᠬᠦᠷᠴᠦ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ᠃    ᠬᠤᠰᠢᠭᠤᠨ ᠳᠡᠳ᠋ ᠳᠠᠷᠤᠭ᠎ᠠ ᠸᠠᠩ ᠶᠢᠨ ᠴᠢᠶᠠᠩ ᠪᠡᠭᠡᠵᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠹᠢᠽᠢᠺ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠳᠡᠳ᠋ ᠵᠠᠬᠢᠷᠤᠯ ᠳ᠋ᠢᠩ ᠺᠧ ᠵᠢᠶᠠᠨ ᠫᠷᠤᠹᠧᠰᠰᠤᠷ ᠮᠠᠯ ᠵᠢᠭᠦᠷᠲᠡᠨ ᠤ ᠢᠯᠭᠠᠳᠠᠰᠤ ᠶᠢ ᠬᠤᠤᠷ ᠥᠬᠡᠶ ᠪᠣᠯᠭᠠᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠤᠬᠠᠶ ᠶᠠᠷᠢᠯᠴᠠᠬᠤ ᠬᠤᠷᠠᠯ ᠬᠢᠪᠠ᠃    2 ᠰᠠᠷ᠎ᠠ ᠶᠢᠨ 2 ᠤ ᠡᠳᠦᠷ᠂ ᠬᠤᠰᠢᠭᠤᠨ  ᠳᠡᠳ᠋ ᠳᠠᠷᠤᠭ᠎ᠠ ᠸᠠᠩ ᠶᠢᠨ ᠴᠢᠶᠠᠩ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠴᠤᠭᠯᠠᠭᠤᠯᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠲᠤᠬᠠᠶ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ  ᠳᠤ ᠬᠤᠲᠠ ᠶᠢᠨ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠳᠡᠳ᠋ ᠳᠠᠷᠤᠭ᠎ᠠ ᠮᠠ ᠵᠦᠸᠧ᠂ ᠳᠡᠳ᠋ ᠨᠠᠷᠢᠨ ᠪᠢᠴᠢᠭ ᠤᠨ ᠳᠠᠷᠤᠭ᠎ᠠ ᠵᠠᠩ ᠯᠢ ᠢᠦᠶ᠂ ᠬᠤᠰᠢᠭᠤᠨ ᠤ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠳᠠᠷᠤᠭ᠎ᠠ ᠯᠢᠦ ᠰᠢᠶᠠᠩ ᠣᠷᠣᠯᠴᠠᠵᠠᠶ᠃    2 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠰᠣᠶᠣᠯ ᠵᠢᠭᠤᠯᠴᠢᠯᠠᠯ ᠤᠨ ᠦᠢᠯᠡᠰ ᠤᠨ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ ᠡᠨᠡ ᠵᠢᠯ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ  ᠂ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠪᠠ ᠤᠷᠤᠯᠳᠤᠭᠠᠨ ᠤ ᠠᠵᠢᠯᠯᠠᠭ᠎ᠠ ᠡᠷᠭᠢᠯᠡᠬᠦ ᠵᠡᠷᠭᠡ ᠠᠵᠢᠯ ᠤᠨ ᠲᠣᠭᠤᠷᠢᠨ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃        2 ᠰᠠᠷ᠎ᠠ ᠶᠢᠨ 4 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ᠪᠦᠦ ᠪᠦᠦ ᠵᠢᠶᠦ᠋ᠨ ᠨᠡᠷ ᠮᠠᠨ ᠤ ᠬᠤᠰᠢᠭᠤᠨ ᠳᠤ ᠢᠷᠡᠵᠦ ᠬᠤᠷᠴᠢᠨ ᠲᠠᠯ᠎ᠠ ᠨᠤᠲᠤᠭ ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠡᠷᠭᠦᠭᠡᠨ ᠵᠠᠰᠠᠬᠤ ᠢᠨᠵᠧᠨᠧᠷᠢᠩ ᠤᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃     2 ᠰᠠᠷ᠎ᠠ ᠶᠢᠨ 5 ᠤ ᠡᠳᠦᠷ᠂ ᠬᠤᠰᠢᠭᠤᠨ ᠳᠡᠳ᠋ ᠳᠠᠷᠤᠭ᠎ᠠ ᠸᠠᠩ ᠶᠢᠨ ᠴᠢᠶᠠᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠢᠶᠠᠭ ᠲᠠᠷᠢᠬᠤ ᠭᠠᠵᠠᠷ ᠤᠨ ᠨᠠᠶᠢᠳᠠᠪᠤᠷᠢᠵᠢᠭᠤᠯᠤᠯᠲᠠ᠂ ᠭᠠᠨᠵᠤᠭ᠎ᠠ ᠪᠠᠯᠭᠠᠰᠤᠨ ᠤ ᠭᠤᠷᠪᠠᠳᠤᠭᠠᠷ ᠤᠰᠤᠨ ᠤ ᠦᠢᠯᠡᠳᠪᠦᠷᠢ ᠶᠢᠨ ᠰᠢᠨ᠎ᠡ ᠤᠰᠤᠨ ᠤ ᠰᠤᠷᠪᠤᠯᠵᠢ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃    2 ᠰᠠᠷ᠎ᠠ ᠶᠢᠨ 7 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠶ᠃    2 ᠰᠠᠷ᠎ᠠ ᠶᠢᠨ 7 ᠤ ᠡᠳᠦᠷ᠂ ᠬᠤᠰᠢᠭᠤᠨ  ᠳᠡᠳ᠋ ᠳᠠᠷᠤᠭ᠎ᠠ ᠲᠦᠩ ᠭᠦᠸᠧ ᠪᠢᠶᠤᠤ ᠲᠦᠩᠯᠢᠶᠣᠤ ᠶᠢᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠨᠡᠭᠡᠭᠡᠯᠲᠡ ᠶᠢᠨ ᠲᠣᠭᠤᠷᠢᠭ ᠲᠤ ᠬᠦᠷᠴᠦ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠵᠢᠯᠣᠭᠤᠳᠬᠤ ᠶᠢᠨ ᠬᠠᠮᠲᠤ ᠪᠥᠬᠦ ᠺᠠᠳ᠋ᠷᠴᠤᠳ ᠤᠨ ᠬᠤᠷᠠᠯ ᠬᠤᠷᠠᠯᠳᠤᠭᠤᠯᠪᠠ᠃    2 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠯᠢᠶᠣᠤᠨᠢᠩ ᠮᠤᠵᠢ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠵᠤ ᠬᠠᠷᠢᠭᠤ ᠰᠤᠷᠪᠤᠯᠵᠢᠯᠠᠬᠤ ᠠᠵᠢᠯᠯᠠᠭ᠎ᠠ ᠥᠷᠨᠢᠭᠦᠯᠦᠭᠰᠡᠨ ᠪᠥᠭᠡᠳ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠲᠠᠯᠠᠰᠲᠤ ᠪᠤᠰᠤ ᠬᠥᠩᠭᠡᠨᠴᠠᠭᠠᠨ᠂ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠵᠡᠷᠭᠡ ᠲᠥᠷᠥᠯ ᠵᠦᠢᠯ ᠤᠨ ᠲᠤᠬᠠᠶ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃    2 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠰᠢᠭᠤᠨ ᠤ ᠵᠠᠰᠠᠭ ᠤᠨ ᠣᠷᠳᠣᠨ ᠤ 2023 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠤᠨ 2023 ᠣᠨ ᠳᠤ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠪᠠᠶᠢᠭ᠎ᠠ᠂ ᠲᠦᠩᠯᠢᠶᠣᠤ ᠶᠢᠨ ᠠᠵᠤ ᠦᠢᠯᠡᠰ ᠤᠨ ᠰᠢᠯᠵᠢᠯᠲᠡ ᠶᠢ ᠵᠣᠯᠭᠠᠭᠤᠯᠬᠤ ᠨᠡᠭᠡᠭᠡᠯᠲᠡ ᠶᠢᠨ ᠲᠣᠭᠤᠷᠢᠭ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠵᠡᠷᠭᠡ ᠶᠠᠪᠤᠳᠠᠯ ᠢ ᠰᠤᠳᠤᠯᠵᠤ᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠲᠤᠰᠠᠯᠠᠬᠤ ᠦᠢᠯᠡᠴᠢᠯᠡᠭᠡᠨ ᠤ ᠲᠥᠷᠥᠯ ᠵᠦᠢᠯ ᠢ ᠬᠤᠳᠠᠯᠳᠤᠨ ᠠᠪᠬᠤ ᠲᠤᠬᠠᠶ ᠬᠡᠷᠡᠭᠵᠢᠭᠦᠯᠬᠦ ᠲᠥᠰᠦᠯ︾᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ︾ ᠢ ᠬᠢᠨᠠᠨ ᠵᠥᠪᠯᠡᠵᠦ ᠪᠠᠲᠤᠯᠠᠪᠠ᠃    2 ᠰᠠᠷ᠎ᠠ ᠶᠢᠨ 12 ᠤ ᠡᠳᠦᠷ᠂ ᠬᠤᠰᠢᠭᠤᠨ  ᠳᠡᠳ᠋ ᠳᠠᠷᠤᠭ᠎ᠠ ᠸᠠᠩ ᠶᠢᠨ ᠴᠢᠶᠠᠩ ᠭᠠᠨᠵᠤᠭ᠎ᠠ ᠪᠠᠯᠭᠠᠰᠤ᠂ ᠪᠠᠭᠠᠳᠠᠯ᠎ᠠ ᠰᠤᠮᠤ ᠳᠤ ᠬᠦᠷᠴᠦ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠪᠠᠶᠢᠴᠠᠭᠠᠨ ᠰᠤᠳᠤᠯᠪᠠ᠃    2 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ᠂ ᠬᠤᠰᠢᠭᠤᠨ ᠳᠡᠳ᠋ ᠳᠠᠷᠤᠭ᠎ᠠ ᠲᠦᠩ ᠭᠦᠸᠧ ᠪᠢᠶᠤᠤ ᠴᠦᠩᠴᠢᠩ ᠬᠤᠲᠠ ᠳᠤ ᠬᠦᠷᠴᠦ ᠬᠠᠮᠢᠶ᠎ᠠ ᠪᠦᠬᠦᠢ ᠴᠢᠳᠬᠤᠨ ᠦᠢᠯᠡᠳᠬᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠵᠣᠯᠭᠠᠭᠤᠯᠤᠨ ᠵᠥᠪᠳᠡᠯᠴᠡᠵᠦ᠂ ᠬᠠᠨᠳᠤᠯᠭᠠᠲᠤ ᠴᠢᠨᠠᠷᠲᠠᠶ ᠪᠠᠷ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠦᠭᠰᠡᠨ ᠪᠥᠭᠡᠳ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃    2 ᠰᠠᠷ᠎ᠠ ᠶᠢᠨ 14 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ ᠮᠠᠨ ᠤ ᠬᠤᠰᠢᠭᠤᠨ ᠤ ᠪᠠᠶᠠᠨᠮᠣᠳᠣ ᠰᠤᠮᠤ ᠶᠢᠨ ᠪᠠᠶᠠᠨᠮᠣᠳᠣ ᠭᠠᠴᠠᠭ᠎ᠠ᠂ ᠠᠮᠳᠠᠳᠠᠢ ᠵᠡᠬᠦᠨ ᠪᠠᠭᠠᠳᠠᠯ᠎ᠠ ᠶᠢᠨ ᠪᠠᠷᠢᠮᠵᠢᠶᠠᠵᠢᠭᠰᠠᠨ ᠴᠠᠭᠠᠨ ᠢᠳᠡᠭᠡᠨ ᠤ ᠦᠢᠯᠡᠳᠪᠦᠷᠢ᠂ ᠠᠷᠠᠳ ᠤᠨ ᠠᠭᠤᠳᠠᠮ ᠲᠠᠯᠠᠪᠠᠢ᠂ ᠴᠦᠩᠭᠦᠯ ᠤᠨ ᠮᠦᠽᠧᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠠᠷᠭ᠎ᠠ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃     2 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠶ ᠠᠩᠭᠢ ᠶᠢᠨ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠯᠢ ᠵᠥᠩ ᠨᠠᠷ ᠮᠠᠨ ᠤ ᠬᠤᠰᠢᠭᠤᠨ ᠳᠤ ᠢᠷᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠲᠠ᠂ ᠵᠠᠰᠠᠭ ᠤᠨ ᠣᠷᠳᠣᠨ ᠤ ᠲᠤᠰᠬᠠᠶ ︵ᠬᠠᠪᠰᠤᠷᠭᠠᠭᠰᠠᠨ ︶ ᠲᠤᠰᠢᠶᠠᠯᠳᠤ ᠭᠠᠯ ᠤᠨᠲᠠᠷᠠᠭᠠᠬᠤ ᠠᠩᠭᠢ ᠵᠢᠴᠢ ᠭᠠᠯ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠤᠨ ᠪᠣᠳᠠᠲᠤ ᠴᠣᠭᠴᠠ ᠶᠢᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵ᠊ ᠳᠡᠳ᠋ ᠬᠤᠰᠢᠭᠤᠨ ᠳᠠᠷᠤᠭ᠎ᠠ ᠯᠢᠦ ᠸᠧᠨ ᠰᠢ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠮᠣᠳᠣᠲᠤ ᠰᠤᠮᠤ᠂ ᠠᠳᠤᠭᠤᠴᠢᠨ ᠰᠤᠮᠤ ᠶᠢᠨ ᠬᠠᠷᠢᠭᠤᠴᠠᠯᠭᠠᠲᠠᠨ ᠣᠷᠣᠯᠴᠠᠵᠠᠶ᠃     2 ᠰᠠᠷ᠎ᠠ ᠶᠢᠨ 22 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠰᠢᠭᠤᠨ ᠤ ᠵᠠᠰᠠᠭ ᠤᠨ ᠣᠷᠳᠣᠨ ᠤ 2023 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠦᠩᠯᠢᠶᠣᠤ ᠬᠤᠲᠠ ᠶᠢᠨ 2023 ᠣᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠤᠨ ᠲᠥᠰᠦᠯ︾ ᠢ ᠬᠢᠨᠠᠨ ᠵᠥᠪᠯᠡᠵᠦ ᠪᠠᠲᠤᠯᠠᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠲᠠ ᠪᠠᠯᠭᠠᠰᠤᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠲᠣᠬᠢᠷᠠᠭᠤᠯᠤᠯᠲᠠ᠂ 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢᠨ ᠨᠥᠬᠦᠪᠥᠷᠢ ᠶᠢᠨ ᠪᠠᠯᠠ ᠮᠥᠩᠭᠦ ᠶᠢᠨ ᠬᠡᠷᠡᠭᠯᠡᠯᠲᠡ᠂ ᠣᠶ ᠶᠢᠨ ᠬᠤᠷᠮᠣᠶ ᠶᠢᠨ ᠲᠠᠷᠢᠮᠠᠯ ᠢ ᠤᠯᠠᠮ ᠨᠢᠭᠡ ᠠᠯᠬᠤᠮ ᠵᠢᠷᠤᠮᠵᠢᠭᠤᠯᠬᠤ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠤᠨ ᠪᠠᠲᠤᠯᠠᠪᠠ᠃    2 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    2 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠧᠨ ᠵᠧᠨ᠂ ᠳᠡᠳ᠋ ᠬᠤᠰᠢᠭᠤᠨ ᠳᠠᠷᠤᠭ᠎ᠠ ᠸᠠᠩ ᠶᠢᠨ ᠴᠢᠶᠠᠩ ᠪᠦᠯᠬᠦᠮ ᠳᠠᠭᠠᠭᠤᠯᠤᠨ ᠪᠡᠭᠡᠵᠢᠩ ᠬᠤᠲᠠ ᠶᠢᠨ ᠴᠤᠤᠶᠠᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠬᠦᠷᠴᠦ ᠵᠡᠭᠦᠨ ᠪᠠᠷᠠᠭᠤᠨ ᠣᠷᠣᠨ ᠤ ᠬᠠᠮᠵᠢᠯᠴᠠᠬᠤ ᠠᠵᠢᠯ ᠢ ᠵᠣᠯᠭᠠᠭᠤᠯᠪᠠ᠃    2 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠳᠤᠮᠳᠠᠳᠤ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠤᠨ ᠭᠠᠨᠵᠤᠭ᠎ᠠ ᠡᠯᠡᠰᠦᠨ ᠠᠭᠤᠷᠬᠠᠢ᠂ ᠪᠠᠭᠠᠳᠠᠯ᠎ᠠ ᠡᠯᠡᠰᠦᠨ ᠠᠭᠤᠷᠬᠠᠢ ᠪᠠ ᠵᠢᠨᠱᠦ᠋ᠨ ᠡᠯᠡᠰᠦᠨ ᠠᠭᠤᠷᠬᠠᠢ ᠵᠡᠷᠭᠡ ᠠᠵᠤ ᠠᠬᠤᠶᠢᠯᠠᠯ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠵᠢᠯᠣᠭᠤᠳᠪᠠ᠃    2 ᠰᠠᠷ᠎ᠠ ᠶᠢᠨ 27 ᠤ ᠡᠳᠦᠷ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠸᠧᠶ ᠬᠤᠩ ᠲᠤᠤ ᠨᠠᠷ ᠮᠠᠨ ᠤ ᠬᠤᠰᠢᠭᠤᠨ ᠤ ᠺᠠᠩ ᠴᠧᠨ ᠡᠮ ᠤᠨ ᠦᠢᠯᠡᠰ᠂ ᠯᠦᠩ ᠱᠧᠩ ᠹᠧᠩ ᠪᠠᠶᠢᠭᠠᠯᠢ ᠶᠢᠨ ᠰᠢᠲᠠᠮᠠᠬᠠᠶ ᠬᠡᠶ ᠶᠢᠨ ᠬᠢᠵᠠᠭᠠᠷᠲᠤ ᠺᠣᠮᠫᠠᠨᠢ᠂ ᠴᠠᠩ ᠵᠢᠶᠠᠩ ᠳᠦᠷᠰᠦ ᠪᠦᠲᠦᠭᠡᠬᠦ ᠮᠠᠲ᠋ᠧᠷᠢᠶᠠᠯ ᠤᠨ ᠪᠦᠯᠦᠭᠯᠡᠯ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠢᠵᠠᠭᠠᠷᠲᠤ ᠺᠣᠮᠫᠠᠨᠢ᠂ ᠰᠢᠩ ᠲᠠᠢ ᠡᠯᠡᠰᠦᠨ ᠤ ᠦᠢᠯᠡᠰ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠲᠣᠰᠣ ᠨᠡᠮᠡᠬᠦ ᠥᠷᠲᠡᠭᠡ ᠵᠡᠷᠭᠡ ᠭᠠᠵᠠᠷ ᠲᠤ ᠬᠦᠷᠴᠦ ᠠᠶᠤᠯᠭᠦᠶ ᠦᠢᠯᠳᠪᠦᠷᠢᠯᠡᠯ ᠤᠨ ᠠᠵᠢᠯ ᠢ ᠪᠠᠶᠢᠴᠠᠭᠠᠨ ᠵᠢᠯᠣᠭᠤᠳᠬᠤ ᠶᠢᠨ ᠬᠠᠮᠲᠤ ᠶᠠᠷᠢᠯᠴᠠᠨ ᠰᠣᠯᠢᠯᠴᠠᠪᠠ᠃    2 ᠰᠠᠷ᠎ᠠ ᠶᠢᠨ 28 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠲᠦᠩ ᠭᠦᠸᠧ ᠪᠢᠶᠤᠤ ᠬᠤᠳᠠᠯᠳᠤᠭᠠᠴᠢᠨ ᠤᠷᠢᠬᠤ ᠳᠤᠭᠤᠶᠢᠯᠠᠩ ᠢ ᠳᠠᠭᠠᠭᠤᠯᠤᠨ ᠱᠠᠨᠳᠦ᠋ᠩ ᠮᠤᠵᠢ ᠶᠢᠨ ᠽᠤᠤ ᠵᠤᠸᠠᠩ ᠬᠤᠲᠠ ᠶᠢᠨ 30 ᠲᠦᠮᠡᠨ ᠲᠣᠨ ᠵᠢᠩᠬᠢᠨᠢ ᠪᠢᠯᠢᠭ ᠲᠦᠢᠯ ᠤᠨ ᠮᠠᠲ᠋ᠧᠷᠢᠶᠠᠯ ᠤᠨ ᠰᠠᠭᠤᠷᠢᠨ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠵᠤ ᠵᠣᠯᠭᠠᠭᠤᠯᠪᠠ          2023 ᠣᠨ ᠤ 3 ᠰᠠᠷ᠎ᠠ ᠳᠤ    3 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠰᠢᠭᠤᠨ ᠤ ᠵᠠᠰᠠᠭ ᠤᠨ ᠣᠷᠳᠣᠨ ᠤ 2023 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠡᠯ᠎ᠡ ᠰᠠᠯᠠᠭ᠎ᠠ ᠮᠥᠴᠢᠷ ᠤᠨ 2023 ᠣᠨ ᠤ ᠭᠤᠤᠯᠳᠠᠯᠭ᠎ᠠ ᠲᠠᠢ ᠠᠵᠢᠯ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ︾᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠬᠤᠲᠠ ᠬᠤᠰᠢᠭᠤ ᠬᠤᠶᠠᠷ ᠱᠠᠲᠤᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠵᠢᠴᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    3 ᠰᠠᠷ᠎ᠠ ᠶᠢᠨ 2 ᠤ ᠡᠳᠦᠷ᠂ ᠲᠦᠩᠯᠢᠶᠣᠤ ᠬᠤᠲᠠ ᠶᠢᠨ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠰᠢᠮᠳᠠᠭᠤᠯᠤᠨ ᠵᠢᠯᠣᠭᠤᠳᠬᠤ ᠳᠤᠭᠤᠶᠢᠯᠠᠩ ᠵᠢᠭᠰᠠᠭᠠᠨ ᠪᠠᠶᠢᠴᠠᠭᠠᠭᠰᠠᠨ ᠠᠰᠠᠭᠤᠳᠠᠯ ᠢ ᠬᠠᠷᠢᠭᠤ ᠲᠤᠰᠬᠠᠬᠤ ᠬᠤᠷᠠᠯ ᠬᠤᠷᠠᠯᠳᠤᠭᠤᠯᠵᠤ᠂ ᠶᠢᠰᠦᠨ ᠬᠦᠷᠢᠶᠡᠨ ᠤ ᠬᠡᠳᠦᠨ ᠠᠵᠤ ᠠᠬᠤᠶᠢᠯᠠᠯ᠂ ᠨᠢᠭᠡᠴᠡ ᠶᠢᠨ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠬᠠᠷᠢᠭᠤ ᠲᠤᠰᠬᠠᠪᠠ᠃ ᠬᠠᠷᠢᠭᠤ ᠲᠤᠰᠬᠠᠬᠤ ᠬᠤᠷᠠᠯ ᠤᠨ ᠳᠠᠷᠠᠭ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ ᠸᠧᠨ ᠰᠢ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠱᠠᠯᠠᠪᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    3 ᠰᠠᠷ᠎ᠠ ᠶᠢᠨ 3 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠢᠨ ᠴᠢᠶᠠᠩ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠠᠬᠢᠭᠤᠯᠬᠤ ᠬᠤᠷᠠᠯ ᠬᠢᠪᠠ᠃    3 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ  ᠸᠧᠨ ᠮᠢᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠲᠦᠩ ᠭᠦᠸᠧ ᠪᠢᠶᠣᠣ ᠬᠠᠮᠲᠤ ᠪᠠᠷ ᠬᠤᠷᠠᠯ ᠡᠷᠭᠢᠯᠡᠨ ᠬᠤᠷᠠᠯᠳᠤᠭᠤᠯᠵᠤ᠂ ᠠᠵᠤ ᠦᠢᠯᠡᠰ ᠤᠨ ᠬᠦᠷᠢᠶᠡᠯᠡᠩ ᠤᠨ ᠭᠠᠵᠠᠷ ᠬᠡᠷᠡᠭᠯᠡᠬᠦ ᠭᠠᠷᠳᠠᠮ ᠢ ᠭᠦᠢᠴᠡᠳᠬᠡᠬᠦ ᠶᠢ ᠠᠬᠢᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃    3 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠭᠦᠸᠧ ᠲᠢᠶᠠᠨ ᠪᠦᠦ᠂ ᠵᠧᠵᠢᠶᠠᠩ ᠤᠨ ᠸᠧ ᠬᠤᠶ ᠳ᠋ᠧ ᠤᠶᠤᠨᠲᠤ ᠤᠷᠤᠰᠤᠩᠭᠢ ᠴᠣᠭᠴᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠠᠢ ᠵᠢᠪᠡᠷᠡᠬᠦ ᠥᠬᠡᠶ ᠪᠣᠯᠣᠳ ᠨᠡᠭᠡᠯᠡᠭᠡᠢ ᠦᠢᠯᠡᠳᠪᠤᠷᠢᠯᠡᠬᠦ ᠲᠥᠷᠥᠯ ᠵᠦᠢᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠠᠷᠠᠭᠠᠴᠢ ᠶᠢᠨ ᠠᠯᠬᠤᠮ ᠤᠨ ᠬᠠᠮᠲᠤᠷᠠᠯᠴᠠᠭᠠᠨ ᠤ ᠲᠤᠬᠠᠶ ᠠᠩᠬ᠎ᠠ ᠠᠯᠬᠤᠮ ᠤᠨ ᠰᠠᠨᠠᠮᠵᠢ ᠲᠣᠭᠲᠠᠪᠠ᠃     3 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠡᠷᠭᠢᠯᠡᠨ ᠬᠤᠷᠠᠯᠳᠤᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠲᠤᠰᠬᠠᠶ ᠰᠡᠳᠦᠪ ᠢᠶᠠᠷ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    3 ᠰᠠᠷ᠎ᠠ ᠶᠢᠨ 7 ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠠᠵᠢᠯᠯᠠᠬᠤ ᠭᠠᠵᠠᠷ ᠤᠨ ᠳᠠᠷᠤᠭ᠎ᠠ ᠲᠠᠩ ᠰᠥᠩ᠂ ᠲᠠᠷᠢᠶᠠᠯᠠᠩ ᠤᠨ ᠪᠠᠶᠢᠳᠠᠯ ᠤᠨ ᠭᠠᠵᠠᠷ ᠤᠨ ᠺᠠᠳ᠋ᠷ ᠯᠦ ᠵᠧᠩ ᠴᠠᠩ ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳ᠋ᠣᠺᠲ᠋ᠣᠷ ᠯᠢ ᠢ ᠼᠦᠩ ᠨᠠᠷ ᠮᠠᠨ ᠤ ᠬᠤᠰᠢᠭᠤᠨ ᠤ ᠪᠠᠭᠠᠳᠠᠯ᠎ᠠ ᠰᠤᠮᠤ᠂ ᠭᠠᠨᠵᠤᠭ᠎ᠠ ᠪᠠᠯᠭᠠᠰᠤᠨ ᠳᠤ ᠬᠦᠷᠴᠦ ᠠᠮᠤ ᠲᠣᠰᠣ ᠵᠢᠴᠢ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠳᠠᠯᠳᠠ ᠬᠦᠴᠦᠨ ᠤ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ᠃    3 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ᠂ ᠰᠦᠩ ᠯᠢᠶᠣᠤ ᠶᠢᠨ ᠵᠥᠪᠯᠡᠯ ᠤᠨ ᠳᠡᠳ᠋ ᠡᠷᠬᠢᠯᠡᠭᠴᠢ ᠯᠢᠶᠠᠩ ᠲᠤᠸᠠᠨ ᠬᠤᠤ ᠨᠠᠷ ᠮᠠᠨ ᠤ ᠬᠤᠰᠢᠭᠤᠨ ᠤ ᠵᠡᠭᠦᠨ ᠲᠠᠪᠤᠨᠭᠡᠷ ᠤᠰᠤᠨ ᠴᠥᠭᠦᠷᠥᠮ᠂ ᠵᠡᠭᠦᠨ ᠪᠠᠷᠠᠭᠤᠨ ᠯᠢᠶᠣᠤ ᠾᠧ ᠭᠤᠣᠯ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃    3 ᠰᠠᠷ᠎ᠠ ᠶᠢᠨ 9 ᠤ ᠡᠳᠤᠷ᠂ ᠬᠤᠳᠠ ᠶᠢᠨ ᠨᠠᠮ ᠤᠨ ᠬᠤᠷᠢᠶ᠎ᠠ ᠶᠢᠨ ᠠᠮᠢ ᠠᠬᠤᠢ ᠶᠢ ᠬᠠᠮᠠᠭᠠᠯᠠᠬᠤ ᠪᠠ ᠰᠡᠷᠬᠦᠭᠡᠨ ᠵᠠᠰᠠᠬᠤ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠤᠨ ᠤᠢ ᠰᠢᠭᠤᠢ ᠨᠤᠳᠤᠭ ᠪᠡᠯᠴᠢᠭᠡᠷ ᠤᠨ ᠲᠦᠷᠦᠯ ᠵᠦᠢᠯ ᠢ ᠲᠤᠰᠬᠠᠢ ᠲᠦᠷᠦᠯ ᠢᠶᠠᠷ ᠠᠬᠢᠭᠤᠯᠬᠤ ᠱᠠᠭᠠᠷᠳᠠᠨ ᠵᠢᠯᠤᠭᠤᠳᠬᠤ ᠲᠤᠭᠤᠶᠢᠯᠠᠩ ᠤᠨ ᠲᠠᠷᠤᠭ᠎ᠠ᠂ ᠬᠤᠳᠠ ᠶᠢᠨ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ ᠶᠢᠨ ᠲᠠᠷᠤᠭ᠎ᠠ ᠾᠧ ᡁᠢ ᠸᠧᠢ ᠨᠠᠷ ᠮᠠᠨ ᠤ ᠬᠤᠰᠢᠭᠤᠨ ᠳᠤ ᠢᠷᠡᠵᠦ ᠠᠮᠢ ᠠᠬᠤᠢ ᠶᠢ ᠬᠠᠮᠠᠭᠠᠯᠠᠬᠤ ᠪᠠ ᠰᠡᠷᠬᠦᠭᠡᠨ ᠵᠠᠰᠠᠬᠤ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠤᠨ ᠤᠢ ᠰᠢᠭᠤᠢ ᠨᠤᠳᠤᠭ ᠪᠡᠯᠴᠢᠭᠡᠷ ᠤᠨ ᠲᠦᠷᠦᠯ ᠵᠦᠢᠯ ᠤᠨ ᠠᠬᠢᠭᠤᠯᠤᠯᠳᠠ ᠶᠢᠨ ᠪᠠᠶᠢᠳᠠᠯ ᠢ ᠱᠠᠭᠠᠷᠳᠠᠨ ᠵᠢᠯᠤᠭᠤᠳᠪᠠ᠃    3 ᠰᠠᠷ᠎ᠠ ᠶᠢᠨ 10 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠢᠨ ᠴᠢᠶᠠᠩ ᠪᠦᠯᠬᠦᠮ ᠳᠠᠭᠠᠭᠤᠯᠤᠨ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠳᠠᠷᠤᠭ᠎ᠠ ᠪᠦᠦ ᠪᠦᠦ ᠵᠢᠶᠦ᠋ᠨ ᠵᠢᠴᠢ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠷᠠᠭᠤᠨ ᠬᠤᠶᠢᠲᠤ ᠶᠢᠨ ᠪᠠᠶᠢᠴᠠᠭᠠᠯᠲᠠ ᠶᠢᠨ ᠲᠥᠯᠥᠪᠵᠢᠭᠦᠯᠭᠡ ᠶᠢᠨ ᠬᠦᠷᠢᠶᠡᠯᠡᠩ᠂ ᠲᠦᠩᠯᠢᠶᠣᠤ ᠬᠤᠲᠠ ᠶᠢᠨ ᠶᠦᠩ ᠽᠧ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠯᠠᠪᠯᠠᠭ᠎ᠠ ᠶᠢᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠮᠠᠨ ᠤ ᠬᠤᠰᠢᠭᠤᠨ ᠤ ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ ᠶᠢᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠶ᠋ᠯ ᠢ ᠠᠬᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠪᠠ ᠵᠣᠯᠭᠠᠭᠤᠯᠤᠯᠲᠠ ᠬᠢᠪᠠ᠃    3 ᠰᠠᠷ᠎ᠠ ᠶᠢᠨ 12 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠭᠡᠷ ᠤᠨ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠠᠩᠭᠢ ᠳᠠᠭᠠᠭᠤᠯᠤᠨ ᠮᠠᠨ ᠤ ᠬᠤᠰᠢᠭᠤᠨ ᠳᠤ ᠬᠦᠷᠴᠦ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠲᠦᠩᠯᠢᠶᠣᠤ ᠬᠤᠲᠠ ᠶᠢᠨ ᠳᠡᠳ᠋ ᠳᠠᠷᠤᠭ᠎ᠠ ᠯᠢᠦᠶ ᠭᠦᠸᠧ ᠬᠤᠸᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠴᠢᠦ ᠵᠢᠶᠦ᠋ᠨ᠂ ᠳᠡᠳ᠋ ᠲᠣᠪᠴᠢᠶᠠᠨ ᠳᠠᠷᠤᠭ᠎ᠠ ᠪᠦᠦ ᠰᠡᠴᠡᠩᠭᠤᠸ᠎ᠠ᠂ ᠬᠤᠰᠢᠭᠤᠨ ᠤ ᠤᠳᠤᠷᠢᠳᠤᠯᠭ᠎ᠠ ᠭᠦᠸᠧ ᠲᠢᠶᠠᠨ ᠪᠦᠦ᠂ ᠸᠠᠩ ᠶᠢᠨ ᠴᠢᠶᠠᠩ ᠵᠢᠴᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    3 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃    3 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ ᠸᠧᠨ ᠰᠢ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠦᠩ ᠭᠦᠸᠧ ᠪᠢᠶᠤᠤ ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃    3 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠸᠧᠨ ᠰᠢ 2023 ᠣᠨ ᠤ ᠲᠥᠷᠥᠯ ᠵᠦᠢᠯ ᠢ ᠲᠥᠯᠥᠪᠯᠡᠨ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠡᠯ᠎ᠡ ᠰᠠᠯᠠᠭ᠎ᠠ ᠮᠥᠴᠢᠷ ᠤᠨ ᠲᠥᠯᠥᠪᠵᠢᠭᠦᠯᠦᠭᠰᠡᠨ ᠲᠥᠷᠥᠯ ᠵᠦᠢᠯ ᠤᠨ ᠪᠠᠶᠢᠳᠠᠯ ᠢ ᠰᠣᠨᠣᠰᠤᠭᠰᠠᠨ ᠪᠥᠭᠡᠳ ᠨᠢᠭᠡᠳ ᠨᠢᠭᠡ ᠪᠠᠷ ᠰᠤᠳᠤᠯᠤᠨ ᠵᠢᠭᠠᠨ ᠵᠢᠯᠣᠭᠤᠳᠪᠠ᠃     3 ᠳ᠋ᠤᠭᠠᠷ ᠰᠠᠷ᠎ᠠ ᠶᠢᠨ 16 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠢᠨ ᠴᠢᠶᠠᠩ ᠦᠨᠳᠦᠰᠦᠨ ᠨᠤᠲᠤᠭ ᠪᠡᠯᠴᠢᠭᠡᠷ ᠤᠨ ᠬᠤᠪᠢᠶᠠᠷᠢᠯᠠᠨ ᠲᠣᠭᠲᠠᠭᠠᠬᠤ ᠲᠣᠬᠢᠷᠠᠭᠤᠯᠤᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    3 ᠰᠠᠷ᠎ᠠ ᠶᠢᠨ 17 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠢᠨ ᠴᠢᠶᠠᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠲᠠᠷᠢᠶᠠᠯᠠᠩ ᠤᠨ ᠰᠠᠯᠠᠭ᠎ᠠ ᠮᠦᠴᠢᠷ  ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠣᠳᠣᠬᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    3 ᠰᠠᠷ᠎ᠠ ᠶᠢᠨ 17 ᠤ ᠡᠳᠦᠷ᠂  ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠱᠤᠸᠠᠩ ᠵᠦ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠤᠨ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃    3 ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠬᠤᠰᠢᠭᠤᠨ ᠳᠡᠳ᠋ ᠳᠠᠷᠤᠭ᠎ᠠ ᠸᠠᠩ ᠶᠢᠨ ᠴᠢᠶᠠᠩ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠵᠣᠬᠢᠶᠠᠨ ᠪᠠᠶᠢᠭᠤᠯᠤᠭᠰᠠᠨ ︽ᠪᠡᠭᠡᠵᠢᠩ ᠥᠪᠥᠷ ᠮᠣᠩᠭᠤᠯ ᠲᠠᠢ ᠠᠭᠤᠯᠵᠠᠬᠤ︾ ᠪᠡᠭᠡᠵᠢᠩ ᠥᠪᠥᠷ ᠮᠣᠩᠭᠤᠯ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠥᠪᠯᠡᠷᠡᠭᠦᠯᠦᠨ ᠬᠤᠳᠠᠯᠳᠤᠨ ᠠᠪᠬᠤ ᠲᠠᠨᠢᠯᠴᠠᠭᠤᠯᠭ᠎ᠠ ᠶᠢᠨ ᠬᠤᠷᠠᠯ ᠵᠢᠴᠢ ᠬᠠᠪᠰᠤᠷᠤᠨ ᠲᠡᠳᠬᠦᠬᠦ ᠦᠢᠯᠡᠳᠬᠦᠨ ᠤ ︽ᠲᠠᠪᠤ ᠶᠢ ᠣᠷᠣᠭᠤᠯᠬᠤ︾ ᠠᠵᠢᠯᠯᠠᠭ᠎ᠠ ᠳᠤ ᠣᠷᠣᠯᠴᠠᠪᠠ᠃    3 ᠰᠠᠷ᠎ᠠ ᠶᠢᠨ 21 ᠤ ᠡᠳᠦᠷ᠂ ᠪᠡᠭᠡᠵᠢᠩ ᠬᠤᠲᠠ ᠶᠢᠨ ᠭᠠᠳᠠᠭᠠᠳᠤ ᠠᠵᠤ ᠠᠬᠤᠶ ᠠᠷᠠᠯᠵᠢᠶᠠᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠵᠠᠬᠢᠷᠤᠯ ᠯᠢᠦ ᠭᠦᠸᠧ ᠰᠢᠶᠦ᠋ᠩ ᠰᠤᠷᠭᠠᠭᠤᠯᠢ ᠶᠢᠨ ᠬᠠᠮᠢᠶ᠎ᠠ ᠪᠥᠬᠦᠶ ᠤᠳᠤᠷᠢᠳᠤᠯᠭ᠎ᠠ᠂ ᠭᠤᠤᠯᠯᠠᠭᠴᠢ ᠪᠠᠭᠰᠢ ᠶᠢ ᠳᠠᠭᠠᠭᠤᠯᠤᠨ ᠮᠠᠨ ᠤ ᠬᠤᠰᠢᠭᠤᠨ ᠤ ᠭᠠᠨᠵᠤᠭ᠎ᠠ ᠬᠤᠶᠠᠳᠤᠭᠠᠷ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠪᠠ᠃    3 ᠰᠠᠷ᠎ᠠ ᠶᠢᠨ 23 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠢᠨ ᠴᠢᠶᠠᠩ ᠪᠠᠭᠠᠳᠠᠯ᠎ᠠ ᠰᠤᠮᠤ᠂ ᠨᠤᠭᠤᠰᠤᠳᠠᠢ ᠪᠠᠯᠭᠠᠰᠤᠨ ᠳᠤ ᠬᠦᠷᠴᠦ ᠲᠡᠮᠦᠷ ᠵᠠᠮ ᠤᠨ ᠪᠠᠷᠠᠭᠤᠨ ᠬᠡᠰᠡᠭ ᠤᠨ ᠤᠰᠤ ᠭᠠᠳᠠᠭᠰᠢᠯᠠᠭᠤᠯᠬᠤ ᠠᠬᠢᠴᠠ ᠶᠢ ᠪᠠᠶᠢᠴᠠᠭᠠᠨ ᠦᠵᠡᠪᠡ᠃    3 ᠰᠠᠷ᠎ᠠ ᠶᠢᠨ 24 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠦᠦ ᠯᠠᠨ ᠹᠠᠩ ᠨᠠᠷ ᠮᠠᠨ ᠤ ᠬᠤᠰᠢᠭᠤᠨ ᠳᠤ ᠢᠷᠡᠵᠦ ᠢᠳᠡᠭᠡᠨ ᠤ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃    3 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠺᠠᠩ ᠶᠦᠩ ᠴᠢᠶᠠᠩ ᠮᠠᠨ ᠤ ᠬᠤᠰᠢᠭᠤᠨ ᠳᠤ ᠢᠷᠡᠵᠦ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠠᠶᠢᠴᠠᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠵᠢᠴᠢ ᠬᠤᠲᠠ ᠬᠤᠰᠢᠭᠤ ᠬᠤᠶᠠᠷ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃   3 ᠰᠠᠷ᠎ᠠ ᠶᠢᠨ 27 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠱᠤᠸᠠᠩ ᠵᠦ ᠣᠯᠠᠨ ᠲᠦᠮᠡᠨ ᠤ ᠵᠢᠭᠤᠯᠴᠢᠯᠠᠯ ᠤᠨ ᠠᠮᠠᠷᠠᠯᠲᠠ ᠶᠢᠨ ᠣᠷᠣᠨ᠂ ᠠᠭᠤᠯᠠ ᠵᠢᠭᠤᠯᠴᠢᠯᠠᠯ ᠤᠨ ᠣᠷᠣᠨ᠂ ᠴᠦᠩᠭᠦᠯ ᠤᠨ ᠦᠵᠡᠮᠵᠢ ᠶᠢᠨ ᠣᠷᠣᠨ ᠵᠡᠷᠭᠡ ᠭᠠᠵᠠᠷ ᠲᠤ ᠬᠦᠷᠴᠦ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠶᠢᠨ ᠲᠠᠯᠠᠪᠤᠷ ᠤᠨ ᠬᠤᠷᠠᠯ ᠤᠨ ᠪᠡᠯᠡᠳᠬᠡᠯ ᠠᠵᠢᠯ ᠢ ᠪᠠᠶᠢᠴᠠᠭᠠᠨ ᠵᠢᠯᠣᠭᠤᠳᠪᠠ᠃    3 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ  ᠸᠧᠨ ᠮᠢᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠲᠦᠩ ᠭᠦᠸᠧ ᠪᠢᠶᠣᠤ ᠬᠠᠮᠲᠤ ᠪᠠᠷ ᠬᠤᠷᠠᠯ ᠡᠷᠭᠢᠯᠡᠨ ᠬᠤᠷᠠᠯᠳᠤᠭᠤᠯᠵᠤ᠂ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠶᠢ ᠠᠬᠢᠭᠤᠯᠬᠤ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃    ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠲᠦᠩ ᠭᠦᠸᠧ ᠪᠢᠶᠤᠤ ᠬᠤᠷᠠᠯ ᠡᠷᠭᠢᠯᠡᠨ ᠬᠤᠷᠠᠯᠳᠤᠭᠤᠯᠵᠤ᠂ EOD ᠲᠥᠷᠥᠯ  ᠵᠦᠢᠯ᠂ ᠴᠠᠬᠢᠭᠤᠷ ᠡᠯᠡᠰᠦᠨ ᠤ ᠠᠵᠤ  ᠦᠢᠯᠡᠰ ᠤᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃    ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠸᠧᠶ ᠮᠢᠩ ᠬᠤᠷᠠᠯ ᠡᠷᠭᠢᠯᠡᠵᠦ᠂ ᠭᠠᠨᠵᠤᠭ᠎ᠠ ᠭᠤᠤᠯ ᠬᠤᠲᠠ ᠶᠢᠨ ᠲᠣᠭᠤᠷᠢᠭ ᠤᠨ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠠᠵᠢᠯ ᠤᠨ ᠦᠯᠡᠳᠡᠭᠳᠡᠯ ᠠᠰᠠᠭᠤᠳᠠᠯ ᠢ ᠰᠤᠳᠤᠯᠪᠠ᠃    ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠱᠤᠸᠠᠩ ᠵᠦ ᠭᠠᠨᠵᠤᠭ᠎ᠠ ᠭᠤᠤᠯ ᠨᠠᠰᠤᠲᠠᠨ ᠢ ᠠᠰᠠᠷᠠᠬᠤ ᠬᠦᠷᠢᠶᠡᠯᠡᠩ᠂ ᠶᠠᠩ ᠭᠤᠸᠠᠩ ᠨᠡᠶᠢᠭᠡᠮ ᠲᠣᠭᠤᠷᠢᠭ ᠵᠡᠷᠭᠡ ᠭᠠᠵᠠᠷ ᠲᠤ ᠬᠦᠷᠴᠦ᠂ ᠲᠥᠪᠯᠡᠷᠡᠭᠦᠯᠦᠨ ᠠᠰᠠᠷᠠᠬᠤ᠂ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃    
 
ᠢᠷᠡᠯᠲᠡ᠄ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号