| | ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠦᠨᠳᠦᠰᠦᠨ ᠪᠤᠳᠤᠯᠭ᠎ᠠ ᠴᠢᠭᠯᠡᠯᠲᠡ ᠶᠢ ᠨᠢᠭᠡᠨᠲᠡ ᠲᠤᠬᠳᠠᠭᠠᠵᠠᠢ | ᠂ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠳᠤ ᠪᠠᠶᠢᠨ᠎ᠠ᠃ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ | ᠲᠣᠭᠤᠷᠢᠨ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ︽ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠯᠲᠠ ᠶᠢ | ᠠᠳᠬᠤᠬᠤ ᠬᠡᠷᠡᠭᠲᠡᠢ︾᠂ ︽ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ︾᠂ ︽ | ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ︾᠂ ︽ᠵᠣᠷᠢᠭᠲᠠᠢ | ᠬᠢᠵᠦ ᠴᠢᠳᠠᠮᠠᠭᠠᠢ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ︾ ᠭᠡᠵᠦ ᠴᠢᠬᠤᠯᠠᠴᠢᠯᠠᠪᠠ᠂ ᠡᠨᠡ ᠨᠢ | ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ | ᠯᠠᠪᠳᠠᠭᠤᠨ ᠪᠠᠲᠤᠲᠠᠢ ᠠᠬᠢᠭᠤᠯᠬᠤ ᠳᠤ ᠴᠢᠬᠤᠯᠠ ᠠᠷᠭ᠎ᠠ ᠶᠢᠨ ᠵᠢᠯᠤᠭᠤᠳᠤᠯᠭ᠎ᠠ ᠬᠠᠩᠭᠠᠭᠰᠠᠨ ᠪᠥᠭᠡᠳ ᠪᠠᠰᠠ | ᠪᠢᠳᠡᠨ ᠤ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠭᠠᠨ ᠰᠢᠨ᠎ᠡ ᠲᠡᠦᠬᠡ ᠶᠢᠨ ᠠᠭᠤᠤ ᠦᠢᠯᠡᠰ ᠢ ᠡᠭᠦᠳᠬᠦ ᠳᠤ | ᠴᠢᠷᠮᠠᠶᠢᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ | ᠦᠵᠦ ᠲᠥᠯᠥᠪᠯᠡᠭᠡ ᠶᠢᠨ ᠲᠠᠯ᠎ᠠ ᠪᠠᠷ ᠬᠢ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠲᠠ ᠪᠠᠶᠢᠬᠤ ᠮᠥᠷᠲᠡᠭᠡᠨ | ᠪᠠᠰᠠ ᠨᠠᠶᠢᠳᠠᠪᠤᠷᠢᠵᠢᠭᠤᠯᠤᠯᠲᠠ ᠶᠢ ᠠᠳᠬᠤᠬᠤ ᠢᠵᠢ ᠪᠦᠷᠢᠨ ᠲᠦᠷᠢᠮ ᠲᠣᠭᠲᠠᠴᠠ ᠪᠠᠶᠢᠬᠤ ᠪᠣᠯ ᠮᠠᠨ ᠤ ᠨᠠᠮ ᠤᠨ | ᠲᠦᠷᠦ ᠶᠢ ᠵᠠᠰᠠᠵᠤ ᠵᠠᠰᠠᠭ ᠢ ᠡᠷᠬᠢᠯᠡᠬᠦ ᠴᠢᠬᠤᠯᠠ ᠳᠠᠪᠠᠭᠤᠯᠢᠭ ᠪᠣᠯᠤᠨ᠎ᠠ᠃ ᠰᠢᠨ᠎ᠡ ᠴᠠᠭ ᠦᠶ᠎ᠡ ᠠᠴᠠ ᠨᠠᠭᠠᠰᠢ᠂ | ᠮᠠᠨ ᠤ ᠨᠠᠮ ᠲᠦᠭ ᠲᠦᠮᠡᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠤᠷᠳᠤ ᠬᠤᠭᠤᠴᠠᠭ᠎ᠠ ᠪᠠᠷ | ᠰᠢᠢᠳᠪᠦᠷᠢᠯᠡᠵᠦ ᠳᠡᠶᠢᠯᠦᠭᠡᠳᠦᠢ ᠪᠠᠶᠢᠭᠰᠠᠨ ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠯᠤᠰ | ᠬᠡᠳᠤ ᠳᠤ ᠬᠤᠯᠪᠣᠭᠳᠠᠬᠤ ᠮᠠᠰᠢ ᠤᠯᠠᠨ ᠶᠡᠭᠡ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ ᠴᠢᠳᠠᠭᠰᠠᠨ ᠤ ᠨᠢᠭᠡᠨ | ᠲᠦᠢᠯ ᠤᠨ ᠴᠢᠬᠤᠯᠠ ᠲᠠᠯ᠎ᠠ ᠨᠢ ᠳᠠᠷᠤᠢ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠪᠠᠶᠢᠷᠢᠯᠠᠭᠤᠯᠤᠯᠲᠠ ᠶᠢ | ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠱᠠᠯᠠᠪᠳᠠᠭᠤᠯᠤᠨ ᠪᠠᠶᠢᠴᠠᠭᠠᠬᠤ ᠶᠢ ᠠᠳᠬᠤᠵᠤ᠂ ᠪᠦᠷᠢᠨ | ᠢᠯᠠᠯᠲᠠ ᠤᠯᠬᠤ ᠦᠭᠡᠢ ᠪᠣᠯ ᠶᠠᠭᠠᠬᠢᠭᠰᠠᠨ ᠴᠤ ᠴᠡᠷᠢᠭ ᠢᠶᠠᠨ ᠲᠠᠲᠠᠵᠤ ᠦᠭᠡᠢ ᠪᠠᠶᠢᠬᠤ ᠳᠤ ᠪᠤᠢ᠃ ᠨᠠᠮ ᠤᠨ | ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ | ᠬᠦᠴᠦᠷᠭᠡᠭᠵᠢᠭᠦᠯᠭᠦ ᠪᠠᠶᠢᠭᠤᠯᠤᠯᠳᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ | ᠲᠠᠯ᠎ᠠ ᠪᠠᠷ ᠠᠬᠢᠭᠤᠯᠬᠤ ᠠᠤᠭ᠎ᠠ ᠲᠥᠰᠦᠪ ᠢ ᠵᠢᠷᠤᠭᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠨᠠᠮ | ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠶᠢᠯᠠᠪᠠ᠃ | ᠣᠳᠣᠬᠠᠨ ᠳᠤ ᠮᠠᠨ ᠤ ᠤᠯᠤᠰ ᠤᠨ ᠬᠥᠭᠵᠢᠯᠲᠡ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠪᠠ ᠠᠶᠤᠯ | ᠲᠦᠭᠰᠢᠭᠦᠷᠢ ᠥᠷᠢᠰᠥᠯᠳᠦᠭᠡᠨ ᠵᠡᠷᠭᠡ ᠪᠠᠷ ᠤᠷᠤᠰᠢᠬᠤ᠂ ᠵᠢᠱᠢᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠶᠢᠭ᠎ᠠ | ᠴᠠᠭ ᠦᠶ᠎ᠡ ᠳᠤ ᠣᠷᠣᠭᠠᠳ ᠪᠠᠶᠢᠨ᠎ᠠ᠃ ᠪᠠᠶᠢᠳᠠᠯ ᠪᠤᠳᠤᠯᠢᠶᠠᠨᠲᠠᠢ ᠪᠣᠯᠬᠤ ᠲᠤᠳᠤᠮ᠂ ᠡᠭᠦᠷᠭᠡ ᠬᠠᠲᠠᠭᠤ ᠪᠡᠷᠬᠡ | ᠪᠣᠯᠬᠤ ᠲᠤᠳᠤᠮ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢᠨ ᠤᠯᠤᠰ ᠲᠦᠷᠦ ᠶᠢᠨ | ᠳᠠᠪᠠᠭᠤᠯᠢᠭ ᠪᠣᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ | ᠤᠯᠠᠮ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠳᠣᠣᠷ᠎ᠠ ᠪᠦᠯᠬᠦᠮᠳᠡᠨ ᠨᠢᠭᠡᠳᠴᠦ᠂ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠵᠤ᠂ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠳᠤᠳᠠᠢ | ᠠᠬᠢᠭᠤᠯᠬᠤ ᠬᠡᠷᠡᠭᠲᠡᠢ᠃ | ︽ᠵᠥᠪ ᠠᠷᠭ᠎ᠠ ᠶᠢ ᠰᠣᠩᠭᠤᠵᠤ ᠠᠵᠢᠯ ᠢᠶᠠᠨ ᠰᠠᠶᠢᠲᠤᠷ ᠬᠢᠬᠦ ᠶᠢᠨ ᠨᠢᠭᠡᠨ ᠮᠠᠰᠢ ᠭᠦᠨ ᠲᠦᠷᠦᠭᠳᠡᠯ ᠪᠣᠯ | ᠳᠠᠷᠤᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ | ᠶᠣᠰᠣᠭᠠᠷ ᠨᠢ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ︾᠃ ᠶᠡᠷᠦᠩᠬᠡᠢ ᠱᠦᠵᠢ ᠰᠢ ᠶᠢᠨ ᠫᠢᠩ ᠵᠠᠷᠢᠮ | ᠤᠳᠤᠷᠢᠳᠬᠤ ᠺᠠᠳ᠋ᠷ ᠤᠨ ᠪᠣᠳᠠᠲᠠᠢ ᠲᠦᠷᠦᠭᠳᠡᠯ ᠢ ᠣᠨᠴᠠᠭᠠᠶᠢᠯᠠᠨ ᠶᠠᠷᠢᠵᠤ᠂ ︽ᠠᠵᠤ ᠠᠬᠤᠢ ᠶᠢᠨ ᠠᠵᠢᠯ ᠤᠨ | ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠨᠢ ᠡᠯ᠎ᠡ | ᠱᠠᠲᠤᠨ ᠤ ᠤᠳᠤᠷᠢᠳᠬᠤ ᠺᠠᠳ᠋ᠷᠴᠤᠳ ᠤᠨ ᠤᠶᠢᠯᠠᠭᠠᠨ ᠡᠵᠡᠮᠰᠢᠭᠦ ᠶᠢ ᠱᠠᠭᠠᠷᠳᠠᠵᠤ ᠪᠠᠶᠢᠨ᠎ᠠ︾ ᠭᠡᠵᠦ ᠴᠢᠬᠤᠯᠠᠴᠢᠯᠠᠪᠠ | ᠃ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠡᠩ ᠲᠡᠷᠢᠭᠦᠨ ᠳᠤ ᠪᠦᠷᠢᠨ ᠪᠦᠲᠦᠨ ᠵᠥᠪ | ᠣᠨᠣᠪᠴᠢᠲᠠᠢ ᠪᠦᠬᠦ ᠲᠠᠯ᠎ᠠ ᠪᠠᠷ ᠡᠵᠡᠮᠳᠡᠬᠦ ᠳᠡᠭᠡᠷ᠎ᠡ ᠬᠦᠴᠦ ᠲᠠᠯᠪᠢᠵᠤ᠂ ︽ᠤᠯᠤᠰ ᠤᠨ ᠲᠤᠮᠤ ᠶᠠᠪᠤᠳᠠᠯ︾ ᠢ | ᠲᠤᠤᠱᠳᠠᠢ ᠣᠶᠢᠯᠠᠭᠠᠵᠤ᠂ ᠶᠠᠭᠤ ᠪᠤᠯᠬᠤ᠂ ᠶᠠᠭᠤ ᠬᠢᠬᠦ᠂ ᠶᠠᠭᠠᠬᠢᠵᠤ ᠬᠢᠭᠦ ᠲᠤᠬᠠᠢ ᠬᠡᠬᠦᠳᠡᠭ ᠴᠡᠭᠡᠵᠢᠨ ᠳᠡᠭᠡᠨ | ᠲᠤᠳᠤ ᠮᠡᠳᠡᠵᠦ᠂ ᠨᠠᠮ ᠤᠨ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠪᠣᠯᠤᠨ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠡᠦᠬᠡᠨ ᠯᠣᠭᠢᠭ᠂ ᠤᠨᠤᠯ ᠤᠨ ᠯᠣᠭᠢᠭ᠂ ᠦᠢᠯᠡᠳᠦᠯᠭᠡ ᠶᠢᠨ ᠯᠣᠭᠢᠭ ᠢ | ᠭᠦᠨᠵᠡᠭᠡᠢ ᠣᠶᠢᠯᠠᠭᠠᠵᠤ᠂ ᠤᠴᠢᠷ ᠶᠠᠪᠤᠳᠠᠯ ᠢ ᠨᠢ ᠮᠡᠳᠡᠬᠦ ᠪᠠᠷ ᠪᠠᠷᠠᠬᠤ ᠦᠭᠡᠢ ᠨᠡᠩ ᠴᠤ ᠤᠴᠢᠷ ᠰᠢᠯᠲᠠᠭᠠᠨ ᠢ ᠨᠢ | ᠮᠡᠳᠡᠬᠦ ᠪᠣᠯᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠪᠠᠲᠤ ᠰᠠᠭᠤᠷᠢ ᠶᠢ ᠲᠠᠯᠪᠢᠬᠤ ᠬᠡᠷᠡᠭᠲᠡᠢ᠃ ᠠᠵᠤ | ᠠᠬᠤᠢ ᠶᠢᠨ ᠠᠵᠢᠯ ᠪᠣᠯ ᠶᠡᠷᠦ ᠠᠴᠠ ᠬᠡᠶᠢᠰᠪᠦᠷᠢ᠂ ᠭᠠᠭᠴᠠᠭᠠᠷᠳᠠᠮᠠᠯ ᠪᠢᠰᠢ᠂ ᠬᠠᠷᠢᠨ ᠪᠣᠳᠠᠲᠠᠢ᠂ ᠬᠤᠯᠪᠤᠭ᠎ᠠ ᠲᠠᠢ | ᠪᠠᠶᠢᠳᠠᠭ᠃ ᠭᠠᠭᠴᠠ ᠬᠦ ᠤᠯᠤᠰ ᠲᠦᠷᠦ ᠶᠢᠨ ᠦᠨᠳᠦᠷᠴᠡ ᠠᠴᠠ ᠦᠵᠡᠪᠡᠯ᠂ ᠨᠠᠮ ᠤᠨ ᠲᠥᠪ ᠬᠤᠷᠢᠶᠠᠨ ᠤ | ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠡᠩ ᠨᠡᠪᠲᠡᠷᠬᠡᠢ ᠣᠶᠢᠯᠠᠭᠠᠵᠤ ᠴᠢᠳᠠᠨ᠎ᠠ᠂ | ᠠᠵᠢᠯᠯᠠᠵᠤ ᠡᠬᠢᠯᠡᠪᠡᠯ ᠰᠠᠶ᠋ᠢ ᠨᠡᠩ ᠶᠡᠭᠡ ᠤᠷᠢᠳᠴᠢᠯᠠᠨ ᠮᠡᠳᠡᠬᠦ ᠴᠢᠨᠠᠷ ᠪᠠ ᠰᠠᠨᠠᠭᠠᠴᠢᠯᠠᠭᠠᠲᠤ ᠴᠢᠨᠠᠷ ᠲᠠᠢ ᠪᠤᠯᠵᠤ | ᠴᠢᠳᠠᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ | ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠭᠡᠭᠦ ᠴᠢᠳᠠᠪᠤᠷᠢ ᠪᠠᠨ ᠲᠠᠰᠤᠷᠠᠯᠲᠠ ᠦᠭᠡᠢ | ᠲᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠠᠵᠢᠭᠯᠠᠬᠤ ᠪᠠ ᠰᠢᠢᠳᠪᠦᠷᠢᠯᠡᠬᠦ ᠳᠡᠭᠡᠨ | ᠴᠢᠳᠠᠮᠠᠭᠠᠢ ᠪᠠᠶᠢᠵᠤ᠂ ᠨᠠᠮ ᠤᠨ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠶᠢ ᠦᠨᠡᠨ ᠬᠦ ᠨᠡᠪᠲᠡᠷᠬᠡᠢ | ᠣᠶᠢᠯᠠᠭᠠᠵᠤ᠂ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠬᠤ ᠶᠢ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢ ᠲᠥᠯᠥᠪᠵᠢᠭᠦᠯᠬᠦ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠲᠣᠭᠲᠠᠭᠠᠬᠤ᠂ ᠴᠢᠬᠤᠯᠠ ᠶᠡᠭᠡ | ᠡᠭᠦᠷᠭᠡ ᠶᠢ ᠪᠠᠶᠢᠷᠢᠯᠠᠭᠤᠯᠬᠤ᠂ ᠴᠢᠬᠤᠯᠠ ᠶᠡᠭᠡ ᠠᠵᠢᠯ ᠢ ᠠᠬᠢᠭᠤᠯᠬᠤ ᠦᠢᠯᠡᠳᠦᠯᠭᠡ ᠶᠢᠨ ᠳᠤᠮᠳᠠ ᠢᠯᠡᠷᠡᠭᠦᠯᠬᠦ | ᠬᠡᠷᠡᠭᠲᠡᠢ᠃ | ᠲᠡᠷᠡ ᠶᠤᠰᠤᠭᠠᠷ ᠨᠢ ᠨᠠᠶᠢᠳᠠᠪᠤᠷᠢᠵᠢᠭᠤᠯᠤᠯᠳᠠ ᠶᠢ ᠠᠳᠬᠤᠬᠤ ᠶᠢᠨ ᠵᠠᠩᠭᠢᠯᠠᠭ᠎ᠠ ᠨᠢ ᠤᠨᠤᠪᠴᠢᠳᠠᠢ | ᠠᠳᠬᠤᠵᠤ ᠨᠠᠶᠢᠳᠠᠪᠤᠷᠢᠵᠢᠭᠤᠯᠬᠤ ᠳᠤ ᠪᠠᠶᠢᠨ᠎ᠠ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠡᠯ᠎ᠡ ᠲᠠᠯ᠎ᠠ ᠳᠤ ᠬᠤᠯᠪᠣᠭᠳᠠᠵᠤ᠂ ᠲᠣᠭᠲᠠᠭᠠᠭᠰᠠᠨ ᠬᠠᠷᠠᠯᠲᠠ ᠡᠭᠦᠷᠭᠡ ᠳᠤ ᠤᠢᠢᠷ᠎ᠠ ᠶᠢᠨ | ᠬᠤᠭᠤᠴᠠᠭᠠᠨ ᠤ ᠬᠢ ᠪᠤᠢ᠂ ᠳᠤᠮᠳᠠ ᠬᠤᠭᠤᠴᠠᠭᠠᠨ ᠤ ᠬᠢ ᠪᠤᠢ᠂ ᠤᠷᠳᠤ ᠬᠤᠭᠤᠴᠠᠭᠠᠨ ᠤ ᠬᠢ ᠴᠦ ᠪᠤᠢ᠂ | ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠲᠠ | ᠤᠶᠠᠯᠳᠤᠪᠠᠯ ᠬᠡᠯᠪᠡᠶᠢᠵᠦ ᠦᠭᠡᠷᠡᠳᠦᠭᠦ ᠦᠭᠡᠢ ᠶᠤᠮ᠃ ᠵᠢᠱᠢᠶᠡᠯᠡᠪᠡᠯ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ | ᠪᠣᠯ ᠨᠢᠭᠡᠨ ᠪᠦᠬᠦᠯᠢ ᠴᠣᠭᠴᠠ ᠮᠥᠨ᠂ ᠠᠵᠢᠯ ᠤᠨ ᠳᠤᠮᠳᠠ ᠪᠠᠨ ᠴᠥᠮ ᠠᠩᠬᠠᠷᠴᠤ᠂ ᠲᠡᠭᠦᠨ ᠢ ᠬᠠᠮᠵᠢᠯᠴᠠᠭᠤᠯᠤᠨ | ᠬᠦᠴᠦᠯᠡᠭᠦᠯᠵᠦ᠂ ᠬᠠᠮᠳᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠂ ᠬᠦᠨᠳᠦ ᠬᠦᠡᠭᠭᠡᠨ ᠢ ᠨᠢ ᠲᠡᠩᠴᠡᠭᠦᠷᠢ | ᠦᠭᠡᠢ ᠪᠠᠶᠢᠯᠭᠠᠵᠤ ᠪᠣᠯᠬᠤ ᠦᠭᠡᠢ᠂ ᠥᠷᠥᠭᠡᠰᠦᠭᠡᠯ ᠢᠶᠠᠷ ᠪᠦᠬᠦ ᠲᠠᠯ᠎ᠠ ᠶᠢ ᠬᠤᠷᠢᠶᠠᠩᠭᠤᠶᠢᠯᠠᠵᠤ ᠪᠣᠯᠬᠤ ᠦᠭᠡᠢ︔ | ᠡᠯ᠎ᠡ ᠭᠠᠵᠠᠷ ᠣᠷᠣᠨ ᠲᠣᠰ ᠪᠡᠶ᠎ᠡ ᠶᠢᠨ ᠨᠥᠬᠦᠴᠡᠯ ᠪᠠ ᠪᠣᠯᠤᠯᠴᠠᠭ᠎ᠠ ᠪᠠᠨ ᠦᠨᠳᠦᠰᠦᠯᠡᠨ᠂ ᠰᠢᠨ᠎ᠡ ᠬᠥᠭᠵᠢᠯᠲᠡ ᠶᠢᠨ | ᠤᠶᠢᠯᠠᠭᠠᠬᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠬᠤ ᠮᠥᠷᠲᠡᠭᠡᠨ | ᠪᠠᠰᠠ ᠳᠤᠲᠠᠭᠤᠳᠠᠯ ᠪᠠ ᠪᠠᠭᠤᠷᠠᠶ ᠲᠠᠯ᠎ᠠ ᠪᠠᠨ ᠠᠳᠬᠤᠨ ᠭᠤᠤᠯᠳᠠᠯᠭ᠎ᠠ ᠲᠠᠢ ᠠᠬᠢᠭᠤᠯᠬᠤ ᠬᠡᠷᠡᠭᠲᠡᠶ᠂ ᠪᠣᠳᠠᠲᠠᠶ ᠠᠴᠠ | ᠰᠠᠯᠤᠩᠭᠢᠷᠠᠨ ᠰᠤᠬᠤᠷ ᠪᠠᠯᠠᠢ ᠪᠠᠷ ᠠᠵᠢᠯᠯᠠᠵᠤ ᠪᠣᠯᠬᠤ ᠥᠬᠡᠶ᠂ ᠨᠠᠩ ᠴᠤ ᠠᠵᠢᠯ ᠤᠨ ᠠᠮᠵᠢᠯᠲᠠ ᠪᠦᠲᠦᠮᠵᠢ | ᠭᠠᠷᠭᠠᠬᠤ ᠶᠢᠨ ᠲᠥᠯᠥᠭᠡ ᠨᠥᠬᠦᠴᠡᠯ ᠢ ᠬᠠᠮᠢᠶᠠᠷᠬᠤ ᠥᠬᠡᠶ ᠪᠠᠷ ᠶᠠᠭᠤ ᠶᠢ ᠴᠤ ᠬᠢᠬᠦ ᠭᠡᠵᠦ ᠪᠤᠳᠤᠵᠤ ᠪᠣᠯᠬᠤ ᠥᠬᠡᠶ᠃ | ᠪᠠᠰᠠ ᠵᠢᠱᠢᠶᠡᠯᠡᠪᠡᠯ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠬᠴᠠᠵᠢᠬᠰᠡᠨ ᠬᠥᠭᠵᠢᠯᠲᠡ ᠶᠢ ᠭᠦᠨᠵᠡᠭᠡᠢ | ᠠᠬᠢᠭᠤᠯᠬᠤ ᠳᠤ᠂ ᠨᠢᠭᠡ ᠴᠤᠬᠴᠠᠵᠢᠯᠳᠠ ᠪᠠ ᠴᠢᠨᠠᠷ ᠰᠠᠶᠢᠲᠠᠢ ᠭᠡᠬᠦ ᠬᠤᠶᠠᠷ ᠵᠠᠩᠭᠢᠯᠠᠭ᠎ᠠ ᠶᠢᠨ ᠦᠭᠡ ᠶᠢ ᠴᠢᠩᠭ᠎ᠠ | ᠡᠵᠡᠮᠳᠡᠵᠦ᠂ ᠨᠢᠭᠡ ᠴᠤᠬᠴᠠᠵᠢᠯᠳᠠ ᠶᠢᠨ ᠰᠡᠳᠬᠢᠮᠵᠢ ᠪᠠ ᠠᠷᠭ᠎ᠠ ᠬᠡᠮᠵᠢᠶ᠎ᠡ ᠪᠠᠷ ᠵᠠᠰᠠᠭ ᠵᠠᠬᠢᠷᠭᠠᠨ ᠤ ᠬᠤᠷᠢᠭ᠎ᠠ | ᠪᠠᠬᠢᠯᠡᠯᠲᠡ ᠶᠢ ᠡᠪᠳᠡᠵᠦ᠂ ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ ᠶᠢ ᠲᠡᠭᠡᠭᠰᠢᠯᠡᠭᠦᠯᠬᠦ ᠬᠡᠷᠡᠭᠲᠡᠢ᠃ ᠰᠢᠨ᠎ᠡ | ᠠᠶᠠᠨ ᠵᠠᠮ ᠳᠤ᠂ ᠪᠢᠳᠡ ᠨᠠᠮ ᠤᠨ ᠣᠨᠣᠯ ᠪᠠ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠡᠷᠡᠰ | ᠲᠤᠤᠱᠯᠠᠭᠤᠯᠤᠨ ᠬᠡᠷᠡᠭᠵᠢᠭᠦᠯᠵᠦ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠭᠡᠬᠦ ᠡᠨᠡ ᠬᠦ ᠭᠤᠤᠯ ᠠᠵᠢᠯ ᠪᠠ | ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠨᠠᠮ ᠤᠨ ᠲᠥᠪ ᠬᠤᠷᠢᠶᠠᠨ ᠤ ᠲᠣᠳᠣᠷᠬᠠᠶ ᠲᠣᠭᠲᠠᠭᠠᠭᠰᠠᠨ ᠬᠠᠷᠠᠯᠲᠠ ᠡᠭᠦᠷᠭᠡ᠂ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠭᠤᠤᠯ ᠰᠢᠪᠲᠤᠯᠬᠤ ᠴᠢᠭᠯᠡᠯ ᠲᠠᠢ ᠨᠢᠭᠲᠠ ᠤᠶᠠᠯᠳᠤᠭᠤᠯᠤᠨ᠂ ᠴᠠᠭ ᠦᠶ᠎ᠡ ᠶᠢᠨ | ᠬᠥᠭᠵᠢᠯᠲᠡ ᠶᠢᠨ ᠰᠤᠳᠠᠰᠤ ᠪᠠ ᠡᠯ᠎ᠡ ᠭᠠᠵᠠᠷ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ | ᠤᠶᠠᠯᠳᠤᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ | ᠶᠡᠷᠦᠩᠬᠡᠶ ᠱᠦᠵᠢ ᠰᠢ ᠶᠢᠨ ᠫᠢᠩ᠄ ︽ᠳᠤᠲᠠᠭᠤ ᠳᠣᠷᠭᠤᠨ ᠬᠢᠬᠦ ᠪᠣᠯ ᠬᠡᠯᠪᠡᠷᠢ ᠶᠢ ᠨᠢ ᠬᠤᠪᠢᠷᠠᠭᠤᠯᠤᠨ | ᠦᠭᠡᠷᠡᠳᠦᠭᠦᠯᠵᠦ ᠪᠠᠶᠢᠭ᠎ᠠ ᠶᠠᠪᠤᠳᠠᠯ ᠮᠥᠨ᠂ ᠱᠠᠲᠤ ᠱᠠᠲᠤ ᠪᠠᠷ ᠨᠡᠮᠡᠭᠦ ᠪᠤᠯ ᠪᠠᠰᠠ ᠴᠤ ᠬᠡᠯᠪᠡᠷᠢ ᠶᠢ ᠨᠢ | ᠬᠤᠪᠢᠷᠠᠭᠤᠯᠤᠨ ᠦᠭᠡᠷᠡᠳᠦᠭᠦᠯᠵᠦ ᠪᠠᠶᠢᠭ᠎ᠠ ᠶᠠᠪᠤᠳᠠᠯ ᠮᠥᠨ᠃ ᠵᠠᠩᠭᠢᠯᠠᠭ᠎ᠠ ᠨᠢ ᠡᠴᠦᠰ ᠤᠨ ᠦᠷ᠎ᠡ ᠪᠦᠲᠦᠮᠵᠢ ᠨᠢ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠵᠣᠷᠢᠯᠲᠠ ᠳᠤ ᠨᠡᠶᠢᠴᠡᠬᠦ ᠬᠡᠷᠡᠭᠲᠡᠢ︾ ᠭᠡᠵᠦ | ᠴᠢᠬᠤᠯᠠᠴᠢᠯᠠᠪᠠ᠃ ᠡᠨᠡ ᠨᠢ ᠲᠡᠷᠡ ᠶᠤᠰᠤᠭᠠᠷ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠪᠦᠷᠢᠨ ᠪᠦᠲᠦᠨ | ᠵᠦᠪ ᠣᠨᠣᠪᠴᠢᠲᠠᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠷᠡᠭᠵᠢᠭᠦᠯᠬᠦ ᠳᠡᠭᠡᠨ ᠬᠡᠯᠪᠡᠶᠢᠯᠭᠡᠭᠦ ᠦᠭᠡᠢ᠂ | ᠬᠤᠪᠢᠷᠠᠭᠤᠯᠬᠤ ᠦᠭᠡᠢ᠂ ᠦᠭᠡᠷᠡᠳᠦᠭᠦᠯᠭᠦ ᠦᠭᠡᠢ ᠪᠠᠶᠢᠬᠤ ᠶᠢ ᠪᠠᠲᠤᠯᠠᠬᠤ ᠪᠠᠷ ᠪᠠᠷᠠᠬᠤ ᠦᠭᠡᠢ ᠪᠠᠰᠠ ᠬᠠᠷᠠᠯᠲᠠ ᠪᠠᠷ | ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠪᠦᠲᠦᠭᠡᠯᠴᠢ | ᠴᠢᠨᠠᠷᠲᠠᠢ ᠠᠵᠢᠯ ᠢᠶᠠᠷ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ ᠭᠡᠳᠡᠭ ᠢ ᠪᠢᠳᠡᠨ ᠳᠤ ᠬᠡᠯᠡᠵᠦ ᠥᠭᠴᠡᠢ᠃ ᠬᠡᠯᠪᠡᠷᠢ ᠶᠢ ᠨᠢ ᠬᠤᠪᠢᠷᠠᠭᠤᠯᠤᠨ | ᠥᠭᠡᠷᠡᠲᠦᠭᠦᠯᠵᠦ᠂ ᠰᠠᠶᠢᠨ ᠨᠣᠮᠯᠠᠯ ᠢ ᠭᠠᠵᠢᠭᠤᠳᠠᠭᠤᠯᠬᠤ ᠶᠠᠪᠤᠳᠠᠯ ᠢ ᠨᠢᠭᠡ ᠯᠡ ᠦᠭᠡ ᠪᠠᠷ ᠬᠡᠯᠡᠪᠡᠯ ᠬᠡᠯᠪᠡᠷᠢᠴᠢ | ᠦᠵᠡᠯ᠂ ᠨᠣᠶᠠᠨᠴᠢ ᠰᠤᠷᠲᠠᠯ ᠠᠴᠠ ᠪᠣᠯᠤᠭᠰᠠᠨ ᠶᠤᠮ᠂ ᠡᠨᠡ ᠪᠣᠯ ᠠᠵᠢᠯ ᠢᠶᠠᠨ ᠦᠯᠦ ᠬᠢᠬᠦ᠂ ᠳᠤᠷ᠎ᠠ ᠪᠠᠷ ᠢᠶᠠᠨ | ᠬᠢᠬᠦ ᠶᠠᠪᠤᠳᠠᠯ ᠪᠠᠶᠢᠵᠤ᠂ ᠨᠠᠮ ᠪᠠ ᠤᠯᠤᠰ ᠤᠨ ᠠᠵᠢᠯ ᠦᠢᠯᠡᠰ ᠢ ᠰᠠᠭᠠᠳᠠᠭᠠᠵᠤ᠂ ᠤᠯᠠᠨ ᠲᠦᠮᠡᠨ ᠤ ᠲᠤᠰ | ᠪᠡᠶ᠎ᠡ ᠶᠢᠨ ᠠᠰᠢᠭ ᠲᠤᠰᠠ ᠶᠢ ᠬᠤᠬᠢᠷᠠᠭᠤᠯᠵᠤ᠂ ᠬᠤᠣᠷ ᠬᠥᠨᠥᠭᠡᠯ ᠨᠢ ᠲᠤᠶᠢᠯ ᠤᠨ ᠶᠡᠭᠡ ᠶᠤᠮ᠃ ᠵᠠᠷᠯᠢᠭ ᠪᠠᠶᠢᠲᠠᠯ᠎ᠠ | ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ ᠪᠠᠶᠢᠬᠤ ᠦᠢᠯᠡ ᠠᠵᠢᠯᠯᠠᠭ᠎ᠠ ᠶᠢ ᠴᠠᠭ | ᠲᠤᠬᠠᠢ ᠳᠤᠨᠢ ᠣᠨᠣᠪᠴᠢᠲᠠᠢ ᠢᠯᠡᠷᠡᠭᠦᠯᠵᠦ᠂ ᠲᠤᠤᠱᠯᠠᠭᠤᠯᠤᠨ ᠬᠡᠷᠡᠭᠵᠢᠭᠦᠯᠬᠦ ᠳᠤᠮᠳᠠᠬᠢ ᠲᠦᠭᠵᠢᠷᠡᠯ ᠪᠠ ᠬᠦᠴᠢᠷ | ᠠᠰᠠᠭᠤᠳᠠᠯ ᠢ ᠦᠨᠡᠨ ᠬᠦ ᠢ ᠰᠢᠯᠤᠭᠤᠳᠬᠠᠨ ᠰᠢᠢᠳᠪᠦᠷᠢᠯᠡᠵᠦ᠂ ᠨᠠᠮ ᠤᠨ ᠲᠥᠪ ᠬᠤᠷᠢᠶᠠᠨ ᠤ ᠰᠠᠨᠠᠭᠠᠴᠢᠯᠠᠭ᠎ᠠ ᠶᠢ | ᠡᠷᠡᠰ ᠴᠤᠤᠷᠢᠶᠠᠲᠤᠨ ᠲᠠᠭᠠᠵᠦ᠂ ᠨᠠᠮ ᠤᠨ ᠲᠥᠪ ᠬᠤᠷᠢᠶᠠᠨ ᠤ ᠲᠣᠭᠲᠠᠭᠠᠯ ᠢ ᠡᠷᠡᠰ ᠬᠡᠷᠡᠭᠵᠢᠭᠦᠯᠵᠦ᠂ ᠨᠠᠮ ᠤᠨ | ᠲᠥᠪ ᠬᠤᠷᠢᠶᠠᠨ ᠤ ᠴᠠᠭᠠᠵᠠᠯᠠᠭᠰᠠᠨ ᠢ ᠡᠷᠡᠰ ᠬᠢᠬᠦ ᠦᠭᠡᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ | ︽ᠵᠥᠪ ᠪᠠᠶᠢᠯᠳᠤᠬᠤ ᠪᠤᠳᠤᠯᠭ᠎ᠠ ᠶᠢ ᠵᠥᠪ ᠪᠠᠶᠢᠯᠳᠤᠬᠤ ᠠᠷᠭ᠎ᠠ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ | ᠬᠡᠷᠡᠭᠲᠡᠢ᠂ ᠨᠠᠶᠢᠳᠠᠪᠤᠷᠢᠵᠢᠭᠤᠯᠪᠠᠯ ᠰᠠᠶ᠋ᠢ ᠠᠮᠵᠢᠯᠲᠠ ᠪᠦᠲᠦᠮᠵᠢ ᠭᠠᠷᠭᠠᠵᠤ᠂ ᠬᠡᠷᠡᠭᠵᠢᠭᠦᠯᠪᠡᠯ ᠰᠠᠶ᠋ᠢ ᠦᠷ᠎ᠡ | ᠪᠦᠲᠦᠮᠵᠢ ᠣᠯᠵᠤ ᠴᠢᠳᠠᠨ᠎ᠠ᠃ ᠶᠠᠮᠠᠷᠪᠠ ᠨᠢᠭᠡᠨ ᠠᠵᠢᠯ ᠢ ᠬᠢᠬᠦ ᠳᠤ ᠪᠢᠳᠡ ᠬᠠᠰᠢ ᠶᠠᠰᠢ ᠪᠠᠷ ᠬᠠᠨᠳᠤᠵᠤ᠂ ᠪᠠᠷᠰ ᠤᠨ | ᠲᠣᠯᠣᠭᠠᠢ ᠪᠠᠷ ᠡᠬᠢᠯᠡᠭᠡᠳ ᠮᠣᠭᠠᠢ ᠶᠢᠨ ᠰᠡᠭᠦᠯ ᠢᠶᠠᠷ ᠳᠠᠭᠤᠰᠬᠠᠵᠤ ᠪᠣᠯᠬᠤ ᠦᠭᠡᠢ᠂ ᠬᠠᠷᠢᠨ ᠦᠨᠡᠨ ᠬᠦ ᠠᠳᠬᠤᠨ | ᠪᠣᠳᠠᠲᠠᠢ ᠪᠠᠷ ᠬᠢᠵᠦ᠂ ᠰᠠᠶᠢᠲᠤᠷ ᠬᠢᠵᠦ ᠰᠠᠶᠢᠲᠤᠷ ᠪᠦᠲᠦᠭᠡᠬᠦ ᠬᠡᠷᠡᠭᠲᠡᠢ︾᠃ ᠰᠢᠨ᠎ᠡ ᠠᠶᠠᠨ ᠳᠤ᠂ ᠪᠢᠳᠠ ᠰᠢ ᠶᠢᠨ | ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠨᠡᠨ ᠬᠦ ᠠᠳᠬᠤᠬᠤ ᠪᠣᠳᠠᠲᠤ ᠬᠦᠴᠦᠨ᠂ | ᠵᠣᠷᠢᠭᠲᠠᠢ ᠠᠳᠬᠤᠬᠤ ᠴᠢᠩᠭ᠎ᠠ ᠬᠦᠴᠦᠨ᠂ ᠴᠢᠳᠠᠮᠠᠭᠠᠢ ᠠᠳᠬᠤᠬᠤ ᠤᠷᠠᠨ ᠬᠦᠴᠦᠨ᠂ ᠪᠠᠶᠢᠩᠭᠤ ᠠᠳᠬᠤᠬᠤ | ᠬᠠᠳᠠᠨ ᠵᠣᠷᠢᠭ ᠢᠶᠠᠷ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ | ᠶᠣᠰᠣᠭᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠬᠤᠮ ᠠᠯᠬᠤᠮ ᠢᠶᠠᠷ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠠᠶᠢᠨ ᠰᠠᠶᠢᠬᠠᠨ ᠵᠢᠷᠤᠭ ᠲᠥᠰᠦᠪ ᠢ ᠪᠣᠳᠠᠲᠤ ᠠᠬᠤᠢ ᠪᠣᠯᠭᠠᠨ ᠬᠤᠪᠢᠷᠠᠭᠤᠯᠰᠤᠭᠠᠢ᠃ | |