ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠡᠪᠴᠢᠶᠡᠨ ᠳᠤ ᠠᠩ ᠠᠩᠨᠠᠬᠤ ᠶᠢ ᠴᠠᠭᠠᠵᠠᠯᠠᠬᠤ ᠲᠤᠬᠠᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2023/12/28
   ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠵᠢᠴᠢ ᠲᠡᠭᠦᠨ ᠤ ᠣᠷᠣᠰᠢᠨ ᠠᠮᠢᠳᠤᠷᠠᠬᠤ ᠭᠠᠵᠠᠷ ᠢ ᠪᠦᠲᠦᠮᠵᠢᠲᠡᠶ ᠬᠠᠮᠠᠭᠠᠯᠠᠵᠤ᠂ ᠠᠩ ᠠᠩᠨᠠᠯ ᠤᠨ ᠠᠵᠢᠯᠯᠠᠭ᠎ᠠ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠤᠨ ᠲᠠᠷᠬᠠᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠬᠤᠰᠢᠭᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷ ᠨᠡᠶᠢᠳᠡᠯᠡᠪᠡ᠃     ᠨᠢᠭᠡ᠂ ᠠᠩ ᠤᠨ ᠬᠤᠷᠢᠭᠠᠲᠠᠢ ᠣᠷᠣᠨ ᠤ ᠬᠦᠷᠢᠶ᠎ᠡ ᠬᠡᠪᠴᠢᠶ᠎ᠡ    ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠰᠠᠭ ᠵᠠᠬᠢᠷᠭᠠᠨ ᠤ ᠣᠷᠣᠨ ᠳᠤ ᠴᠥᠮ ᠠᠩ ᠠᠩᠨᠠᠬᠤ ᠶᠢ ᠴᠠᠭᠠᠵᠠᠯᠠᠬᠤ ᠣᠷᠣᠨ ᠢᠶᠠᠷ ᠲᠣᠭᠲᠠᠭᠠᠵᠤ᠂ ᠪᠥᠬᠦ ᠵᠢᠯ ᠤᠨ ᠶᠠᠮᠠᠷᠪᠠ ᠴᠠᠭ ᠲᠤ ᠬᠠᠤᠯᠢ ᠪᠤᠰᠤ ᠪᠠᠷ ᠠᠩ ᠠᠩᠨᠠᠬᠤ ᠶᠢ ᠴᠠᠭᠠᠵᠠᠯᠠᠨ᠎ᠠ᠃     ᠬᠤᠶᠠᠷ᠂ ᠠᠩ ᠤᠨ ᠬᠤᠷᠢᠭᠠᠲᠠᠢ ᠡᠲᠡᠭᠡᠳ   ᠠᠩ ᠤᠨ ᠬᠤᠷᠢᠭᠠᠲᠠᠢ ᠠᠮᠢᠳᠠᠨ ᠤ ᠲᠦᠷᠦᠯ ᠪᠣᠯ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠨᠡᠷᠡᠰ ᠤᠨ ᠵᠢᠭᠰᠠᠭᠠᠯᠲᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠬᠤ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠨᠡᠷᠡᠰ ᠤᠨ ᠵᠢᠭᠰᠠᠭᠠᠯᠲᠠ᠂ ᠤᠯᠤᠰ ᠤᠨ ᠬᠠᠮᠠᠭᠠᠯᠠᠯᠲᠠ ᠳᠤ ᠪᠠᠶᠢᠭ᠎ᠠ ᠠᠮᠢ ᠠᠬᠤᠢ᠂ ᠰᠢᠨᠵᠢᠯᠡᠬᠦ ᠤᠬᠠᠭᠠᠨ᠂ ᠨᠡᠶᠢᠭᠡᠮ ᠤᠨ ᠴᠢᠬᠤᠯᠠ ᠦᠨ᠎ᠡ ᠥᠷᠲᠡᠭ ᠲᠠᠢ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠨᠡᠷᠡᠰ ᠤᠨ ᠵᠢᠭᠰᠠᠭᠠᠯᠲᠠ ᠳᠤ ᠣᠷᠣᠭᠰᠠᠨ ᠬᠠᠭᠤᠷᠠᠢ ᠶᠢᠨ ᠬᠡᠭᠡᠷ᠎ᠡ ᠶᠢᠨ ᠠᠮᠢᠲᠠᠨ ᠪᠣᠯᠣᠨ᠎ᠠ᠃     ᠭᠤᠷᠪᠠ᠂ ᠠᠩᠨᠠᠬᠤ ᠳᠤ ᠬᠡᠷᠡᠭᠯᠡᠬᠦ ᠶᠢ ᠴᠠᠭᠠᠵᠠᠯᠠᠬᠤ ᠪᠠᠭᠠᠵᠢ ᠬᠡᠷᠡᠭᠰᠡᠯ    ᠴᠡᠷᠢᠭ ᠤᠨ ᠵᠡᠷ ᠵᠡᠪᠰᠡᠭ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠫᠤᠤ ᠵᠡᠪᠰᠡᠭ᠂ ᠬᠤᠣᠷᠲᠤ ᠡᠮ᠂ ᠳᠡᠯᠪᠡᠷᠡᠬᠦ ᠪᠣᠳᠠᠰ᠂ ᠴᠠᠬᠢᠯᠭᠠᠨ ᠳᠤ ᠴᠣᠬᠢᠭᠳᠠᠬᠤ ᠪᠤᠶᠤ ᠡᠯᠧᠺᠲᠷᠣᠨ ᠢᠶᠠᠷ ᠥᠳᠥᠭᠡᠨ ᠪᠠᠷᠢᠬᠤ ᠲᠣᠨᠣᠭᠯᠠᠯ ᠵᠢᠴᠢ ᠠᠪᠠ ᠶᠢᠨ ᠳᠤᠭᠲᠤᠢ᠂ ᠠᠪᠠ ᠶᠢᠨ ᠬᠠᠪᠴᠢᠭᠤᠷ᠂ ᠬᠡᠶᠢᠲᠦ ᠫᠤᠤ᠂ ᠭᠠᠵᠠᠷ ᠳᠡᠭᠡᠷᠡᠬᠢ ᠫᠤᠤ᠂ ᠫᠤᠤ ᠰᠤᠮᠤ᠂ ᠴᠠᠬᠢᠯᠭᠠᠨ ᠲᠣᠣᠷ᠂ ᠲᠡᠮᠦᠷ ᠬᠠᠪᠴᠢᠭᠤᠷ᠂ ᠲᠡᠮᠦᠷ ᠰᠢᠩᠭᠡᠯᠢᠭ᠂ ᠨᠠᠭᠠᠯᠳᠤᠮᠠᠯ ᠲᠣᠣᠷ᠂ ᠨᠤᠮᠤ᠂ ᠬᠤᠯᠬᠤᠪᠴᠢ ᠨᠤᠮᠤ᠂ ᠨᠤᠮᠤ ᠰᠤᠮᠤ ᠵᠢᠴᠢ ᠬᠥᠮᠥᠨ ᠮᠠᠯ᠂ ᠬᠡᠭᠡᠷ᠎ᠡ ᠶᠢᠨ ᠠᠮᠢᠲᠠᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠵᠤ ᠮᠡᠳᠡᠬᠦ ᠪᠤᠰᠤᠳ ᠪᠠᠭᠠᠵᠢ ᠬᠡᠷᠡᠭᠰᠡᠯ᠂ ᠲᠣᠨᠣᠭᠯᠠᠯ ᠵᠡᠷᠭᠡ ᠶᠢ ᠪᠠᠭᠲᠠᠭᠠᠨ᠎ᠠ᠃      ᠳᠥᠷᠪᠡ᠂ ᠬᠡᠷᠡᠭᠯᠡᠬᠦ ᠶᠢ ᠴᠠᠭᠠᠵᠠᠯᠠᠬᠤ ᠠᠩᠨᠠᠬᠤ ᠠᠷᠭ᠎ᠠ    ᠰᠥᠨᠢ ᠳᠡᠭᠡᠨ ᠭᠡᠷᠡᠯᠲᠦᠭᠦᠯᠭᠡ ᠪᠠᠷ ᠠᠩᠨᠠᠬᠤ᠂ ᠰᠥᠨᠥᠭᠡᠬᠦ ᠴᠢᠨᠠᠷᠲᠠᠢ ᠪᠠᠷ ᠬᠦᠷᠢᠶᠡᠯᠡᠨ ᠠᠩᠨᠠᠬᠤ᠂ ᠡᠭᠦᠷ ᠢ ᠨᠢ ᠡᠪᠳᠡᠬᠦ᠂ ᠭᠠᠯ ᠢᠶᠠᠷ ᠳᠠᠭᠠᠷᠢᠬᠤ᠂ ᠤᠲᠤᠬᠤ᠂ ᠨᠦᠬᠡ ᠮᠠᠯᠲᠠᠬᠤ᠂ ᠤᠨᠠᠭᠤᠯᠢ ᠭᠠᠷᠭᠠᠬᠤ᠂  ᠤᠰᠤ ᠤᠷᠤᠭᠤᠯᠬᠤ᠂ ᠤᠷᠭᠠᠯᠠᠬᠤ᠂ ᠰᠢᠩᠭᠡᠯᠢᠭ ᠢᠶᠠᠷ ᠪᠠᠷᠢᠬᠤ᠂ ᠥᠨᠳᠡᠭᠡ ᠶᠢ ᠨᠢ ᠠᠪᠬᠤ᠂ ᠥᠨᠳᠡᠭᠡ ᠲᠡᠭᠦᠬᠦ᠂ ᠨᠣᠬᠠᠢ ᠪᠠᠷ ᠬᠥᠭᠡᠭᠡᠬᠦ᠂ ᠬᠢᠲᠤᠭ᠎ᠠ ᠪᠠᠷ ᠴᠠᠪᠴᠢᠬᠤ᠂ ᠰᠢᠳᠠᠮᠳᠠᠬᠤ ᠵᠡᠷᠭᠡ ᠠᠷᠭ᠎ᠠ ᠪᠠᠷᠢᠯ ᠢᠶᠠᠷ  ᠠᠩᠨᠠᠬᠤ ᠶᠢ ᠴᠠᠭᠠᠵᠠᠯᠠᠨ᠎ᠠ᠂ ᠭᠡᠪᠡᠴᠦ ᠰᠢᠨᠵᠢᠯᠡᠬᠦ ᠤᠬᠠᠭᠠᠨ ᠤ ᠰᠤᠳᠤᠯᠭᠠᠨ ᠠᠴᠠ ᠪᠣᠯᠣᠭᠠᠳ ᠦᠨᠡᠬᠡᠷ ᠡᠯᠧᠺᠲᠷᠣᠨ ᠢᠶᠠᠷ ᠥᠳᠥᠭᠡᠨ ᠪᠠᠷᠢᠬᠤ᠂ ᠲᠣᠣᠷ ᠢᠶᠠᠷ ᠪᠠᠷᠢᠪᠴᠢᠯᠠᠬᠤ ᠴᠢᠬᠤᠯᠠᠲᠠᠢ ᠪᠠᠶᠢᠪᠠᠯ ᠡᠭᠦᠨ ᠳᠤ ᠪᠠᠭᠲᠠᠬᠤ ᠦᠭᠡᠢ᠃      ᠲᠠᠪᠤ᠂ ᠬᠠᠤᠯᠢ ᠶᠢᠨ ᠬᠠᠷᠢᠭᠤᠴᠠᠯᠭ᠎ᠠ     ︵ᠨᠢᠭᠡ︶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠣᠰ ᠠᠯᠪᠠᠨ ᠵᠠᠷ ᠤᠨ ᠲᠣᠭᠲᠠᠭᠠᠯ ᠢ ᠵᠥᠷᠢᠴᠡᠵᠦ᠂ ᠬᠠᠤᠯᠢ ᠶᠣᠰᠣᠭᠠᠷ ᠰᠢᠳᠬᠡᠨ ᠲᠣᠷᠭᠠᠭᠠᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ︵ᠬᠤᠶᠠᠷ︶ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠠᠮᠢᠲᠠᠨ ᠢ ᠠᠩᠨᠠᠬᠤ ᠪᠠ ᠠᠯᠠᠬᠤ ᠶᠢ ᠴᠠᠭᠠᠵᠠᠯᠠᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ᠂ ᠠᠮᠢᠳᠠᠨ ᠤ ᠰᠦᠷᠦᠭ ᠢ ᠲᠣᠬᠢᠷᠠᠭᠤᠯᠤᠨ ᠡᠵᠡᠮᠳᠡᠬᠦ᠂ ᠬᠢᠵᠢᠭ ᠤᠨ ᠰᠤᠷᠪᠤᠯᠵᠢᠲᠤ ᠬᠢᠵᠢᠭ ᠡᠪᠡᠳᠴᠢᠨ ᠢ ᠬᠢᠨᠠᠨ ᠬᠡᠮᠵᠢᠬᠦ ᠪᠤᠶᠤ ᠪᠤᠰᠤᠳ ᠣᠨᠴᠠᠭᠠᠶ ᠪᠠᠶᠢᠳᠠᠯ ᠠᠴᠠ ᠪᠣᠯᠵᠤ ᠤᠯᠤᠰ ᠤᠨ ᠨᠢᠭᠡᠳᠦᠭᠡᠷ ᠳᠡᠰ ᠤᠨ ᠬᠡᠭᠡᠷ᠎ᠡ ᠶᠢᠨ ᠠᠮᠢᠲᠠᠨ ᠢ ᠠᠩᠨᠠᠬᠤ ᠴᠢᠬᠤᠯᠠᠲᠠᠢ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠣᠨᠴᠠ ᠵᠥᠪᠰᠢᠶᠡᠷᠡᠯ ᠤᠨ ᠠᠩᠨᠠᠬᠤ ᠦᠨᠡᠮᠯᠡᠯ ᠭᠤᠶᠤᠴᠢᠯᠠᠬᠤ ᠬᠡᠷᠡᠭᠲᠡᠢ︔ ᠤᠯᠤᠰ ᠤᠨ ᠬᠤᠶᠠᠳᠤᠭᠠᠷ ᠳᠡᠰ ᠤᠨ ᠬᠡᠭᠡᠷ᠎ᠡ ᠶᠢᠨ ᠠᠮᠢᠲᠠᠨ ᠢ ᠠᠩᠨᠠᠬᠤ ᠴᠢᠬᠤᠯᠠᠲᠠᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠣᠨᠴᠠ ᠵᠥᠪᠰᠢᠶᠡᠷᠡᠯ ᠤᠨ ᠠᠩᠨᠠᠬᠤ ᠦᠨᠡᠮᠯᠡᠯ ᠭᠤᠶᠤᠴᠢᠯᠠᠬᠤ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠢ ᠠᠩᠨᠠᠬᠤ ᠴᠢᠬᠤᠯᠠᠲᠠᠢ ᠪᠣᠯ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠣᠨᠴᠠ ᠵᠥᠪᠰᠢᠶᠡᠷᠡᠯ ᠤᠨ ᠠᠩᠨᠠᠬᠤ ᠦᠨᠡᠮᠯᠡᠯ ᠭᠤᠶᠤᠴᠢᠯᠠᠬᠤ ᠬᠡᠷᠡᠭᠲᠡᠢ︔ ᠠᠮᠢ ᠠᠬᠤᠢ᠂ ᠰᠢᠨᠵᠢᠯᠡᠬᠦ ᠤᠬᠠᠭᠠᠨ᠂ ᠨᠡᠶᠢᠭᠡᠮ ᠤᠨ ᠴᠢᠬᠤᠯᠠ ᠦᠨ᠎ᠡ ᠥᠷᠲᠡᠭ ᠲᠠᠢ ᠬᠡᠭᠡᠷ᠎ᠡ ᠶᠢᠨ ᠠᠮᠢᠲᠠᠨ ᠢ ᠠᠩᠨᠠᠬᠤ ᠳᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠨᠴᠠ ᠵᠥᠪᠰᠢᠶᠡᠷᠡᠯ ᠤᠨ ᠠᠪᠠ ᠶᠢᠨ ᠦᠨᠡᠮᠯᠡᠯ ᠭᠤᠶᠤᠴᠢᠯᠠᠬᠤ ᠬᠡᠷᠡᠭᠲᠡᠢ︔ ᠳᠡᠭᠡᠷ᠎ᠡ ᠳᠤᠷᠠᠳᠤᠭᠰᠠᠨ ᠬᠡᠭᠡᠷ᠎ᠡ ᠶᠢᠨ ᠠᠮᠢᠲᠠᠨ ᠢ ᠠᠩᠨᠠᠬᠤ ᠳᠤ ᠠᠩᠨᠠᠯ ᠤᠨ ᠬᠢᠵᠠᠭᠠᠷ ᠲᠣᠭᠠᠨ ᠤ ᠬᠠᠮᠢᠶᠠᠷᠤᠯᠲᠠ ᠶᠢ ᠳᠠᠭᠠᠬᠤ ᠬᠡᠷᠡᠭᠲᠡᠢ᠃      ᠵᠢᠷᠭᠤᠭ᠎ᠠ᠂ ᠪᠤᠰᠤᠳ ᠵᠦᠢᠯ     ︵ᠨᠢᠭᠡ︶ ᠶᠠᠮᠠᠷᠪᠠ ᠨᠢᠭᠡᠴᠡ᠂ ᠬᠤᠪᠢ ᠬᠥᠮᠥᠨ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠤᠢ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠢ ᠳᠤᠨᠢ ᠢᠯᠡᠴᠢᠯᠡᠨ ᠮᠡᠳᠡᠭᠦᠯᠵᠦ᠂ ᠤᠢ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠢᠯᠡᠴᠢᠯᠡᠨ ᠮᠡᠳᠡᠭᠦᠯᠦᠭᠰᠡᠳ ᠤᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠢ᠃     ︵ᠬᠤᠶᠠᠷ︶ ᠢᠯᠡᠴᠢᠯᠡᠨ ᠮᠡᠳᠡᠭᠦᠯᠬᠦ ᠤᠲᠠᠰᠤ᠄ 0475 ︱ 5226119᠂ 110᠃     ︵ᠭᠤᠷᠪᠠ︶ ᠲᠣᠰ ︽ᠠᠯᠪᠠᠨ ᠵᠠᠷ︾ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠣᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号