ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ  ᠪᠠᠷ  ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠥᠬᠦ ᠬᠦᠴᠦᠨ ᠢᠶᠠᠷ ᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2023/12/7
   ᠣᠬᠠᠭᠤᠯᠭ᠎ᠠ ᠪᠠᠨ ᠥᠷᠭᠡᠳᠬᠡᠵᠦ᠂ ᠰᠠᠶᠢᠨ ᠰᠠᠶᠢᠬᠠᠨ ᠬᠠᠣᠯᠢ ᠪᠠᠷ ᠵᠠᠰᠠᠬᠤ ᠣᠷᠴᠢᠨ   ᠢ ᠡᠬᠦᠳᠪᠡ᠃ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠶᠢᠭᠤᠯᠵᠤ ᠪᠠᠶᠢᠭ᠎ᠠ ᠲᠥᠷᠥᠯ ᠵᠦᠶ᠋ᠯ ᠤᠨ ᠪᠠᠷᠢᠯᠭ᠎ᠠ ᠶᠢᠨ ᠭᠠᠵᠠᠷ᠂ ᠬᠤᠳᠠᠯᠳᠤᠭᠠᠨ ᠤ ᠲᠠᠯᠠᠪᠠᠶ ᠵᠡᠷᠭᠡ ᠭᠠᠵᠠᠷ ᠲᠤ ᠭᠦᠨᠵᠡᠭᠡᠶᠢᠷᠡᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠭᠠᠷ ᠳᠡᠪᠲᠡᠷ ᠢ 12700 ᠭᠠᠷᠤᠶ ᠬᠤᠪᠢ ᠲᠠᠷᠬᠠᠭᠠᠪᠠ᠃  ᠦᠢᠯᠡᠴᠢᠯᠡᠭᠡ ᠪᠠᠨ ᠰᠢᠯᠢᠳᠡᠭᠵᠢᠭᠦᠯᠦᠨ᠂ ᠬᠦᠳᠡᠯᠮᠦᠷᠢ ᠶᠢᠨ ᠬᠠᠷᠢᠴᠠᠭᠠᠨ ᠤ  ᠬᠤᠶᠠᠷ ᠲᠠᠯ᠎ᠠ ᠶᠢᠨ ᠡᠷᠬᠡ ᠠᠰᠢᠭ ᠢ  ᠬᠠᠮᠠᠭᠠᠯᠠᠪᠠ᠃ ︽ᠲᠦᠪᠯᠡᠷᠡᠬᠦᠯᠦᠭᠰᠡᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ + ᠨᠡᠶᠢᠲᠡᠯᠢᠭ ᠵᠢᠱᠢᠶ᠎ᠡ ᠵᠠᠮ ᠳᠠᠭᠠᠭᠤᠯᠬᠤ︾ ᠵᠠᠭᠪᠤᠷ ᠢ ᠬᠡᠷᠡᠭᠯᠡᠨ ᠡᠯᠧᠲᠷᠤᠨ ᠬᠥᠳᠡᠯᠮᠦᠷᠢ ᠶᠢᠨ ᠭᠡᠷ᠎ᠡ ᠲᠣᠭᠲᠠᠬᠤ ᠠᠵᠢᠯ ᠢ ᠠᠬᠢᠭᠤᠯᠵᠤ᠂ ᠬᠦᠳᠡᠯᠮᠦᠷᠢ ᠶᠢᠨ ᠬᠤᠷᠢᠴᠠᠭᠠᠨ ᠤ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠵᠤ᠂ ᠣᠳᠣ ᠪᠣᠯᠲᠠᠯ᠎ᠠ᠂ ᠡᠯᠧᠲᠷᠤᠨ ᠬᠥᠳᠡᠯᠮᠦᠷᠢ ᠶᠢᠨ ᠭᠡᠷ᠎ᠡ ᠶᠢ ᠨᠡᠶᠢᠲᠡ 400 ᠭᠠᠷᠤᠶ ᠬᠤᠪᠢ ᠲᠣᠭᠲᠠᠵᠠᠶ︔ ᠬᠠᠷᠢᠶ᠎ᠠ ᠣᠷᠣᠨ ᠤ 10 ᠠᠵᠤ ᠠᠬᠤᠶᠢᠯᠠᠯ ᠤᠨ ᠳᠣᠲᠣᠷ᠎ᠠ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ 44 ᠨᠡᠷᠡᠰ ᠬᠥᠳᠡᠯᠮᠦᠷᠢ ᠶᠢᠨ ᠬᠠᠷᠢᠴᠠᠭᠠᠨ ᠤ ᠵᠣᠬᠢᠴᠠᠭᠤᠯᠤᠭᠴᠢ ᠲᠣᠬᠢᠷᠠᠭᠤᠯᠪᠠ᠃    ᠲᠣᠭᠲᠠᠴᠠ ᠶᠢ ᠲᠡᠭᠦᠯᠳᠡᠷᠵᠢᠭᠦᠯᠵᠦ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠠᠷᠢᠯᠭᠠᠪᠠ  ᠃ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠡᠰᠢᠲᠦ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠮᠠᠷᠭᠤᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠠᠬᠢᠭᠤᠯᠪᠠ᠃ ᠣᠳᠣᠬᠠᠨ ᠪᠣᠯᠲᠠᠯ᠎ᠠ᠂ ᠡᠯ᠎ᠡ ᠲᠥᠷᠥᠯ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ ᠢ ᠨᠡᠶᠢᠲᠡ 23 ᠬᠤᠪᠢ ᠭᠥᠯᠢᠶᠡᠨ ᠠᠪᠴᠤ᠂ ᠬᠡᠷᠡᠭ  ᠳᠠᠭᠤᠰᠬᠠᠭᠰᠠᠨ ᠨᠣᠷᠮ᠎ᠠ ᠨᠢ 100% ᠳᠤ ᠬᠥᠷᠪᠡ︔ ᠬᠡᠷᠡᠭ ᠤᠨ ᠭᠠᠳᠠᠨᠠᠬᠢ ᠡᠶᠡᠳᠡᠭᠦᠯᠭᠡ 33 ᠬᠤᠪᠢ ᠪᠠᠶᠢᠵᠤ᠂ ᠦᠨᠳᠦᠰᠦᠨ ᠱᠠᠲᠤᠨ ᠤ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠬᠠᠪᠰᠤᠷᠤᠨ 3 ᠬᠤᠪᠢ ᠡᠶᠡᠳᠡᠬᠦᠯᠵᠥ᠂ ᠠᠮᠵᠢᠯᠲᠠ ᠣᠯᠤᠭᠰᠠᠨ ᠨᠣᠷᠮ᠎ᠠ ᠨᠢ 93%  ᠂ ᠬᠥᠨᠳᠡᠯᠡᠨ ᠠᠴᠠ ᠲᠠᠰᠤᠯᠵᠤ ᠳᠠᠭᠤᠰᠬᠠᠭᠰᠠᠨ ᠨᠣᠷᠮ᠎ᠠ ᠨᠢ 80%   ᠳᠤ ᠬᠦᠷᠴᠦ᠂ ᠲᠤᠬᠠᠶ ᠶᠢᠨ ᠬᠥᠮᠦᠨ ᠤ ᠡᠯ᠎ᠡ ᠲᠥᠷᠥᠯ ᠤᠨ ᠠᠵᠤ ᠠᠬᠤᠶ ᠶᠢᠨ ᠬᠤᠬᠢᠷᠠᠯ ᠢ 111.57 ᠲᠦᠮᠡᠨ ᠲᠥᠭᠦᠷᠢᠭ  ᠡᠭᠡᠬᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号