ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ︽2024 ᠣᠨ ᠤ ᠪᠥᠬᠦ ᠤᠯᠤᠰ ᠤᠨ ᠰᠣᠳᠤᠯᠤᠨ ᠰᠤᠷᠤᠭᠴᠢ | ᠡᠯᠰᠡᠬᠦ ᠠᠵᠢᠯ ᠤᠨ ᠬᠠᠮᠢᠶᠠᠷᠤᠯᠲᠠ ᠶᠢᠨ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠳᠦᠭᠦᠮᠴᠢᠯᠡᠨ᠎ᠡ︶ ᠢ | ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠡᠯ᠎ᠡ ᠰᠣᠷᠣᠭᠴᠢ ᠡᠯᠰᠡᠬᠦ ᠨᠢᠭᠡᠴᠢ ᠶᠢᠨ 2024 ᠣᠨ ᠤ ᠪᠥᠬᠦ | ᠤᠯᠤᠰ ᠤᠨ ᠰᠣᠳᠤᠯᠤᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ᠃ | 2024 ᠣᠨ ᠤ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ ᠰᠢᠯᠭᠠᠯᠲᠠ ᠶᠢᠨ ᠠᠩᠬᠠᠨ ᠤ ᠰᠢᠯᠭᠠᠯᠲᠠ ᠶᠢ | 2023 ᠣᠨ ᠤ 12 ᠰᠠᠷ᠎ᠠ ᠶᠢᠨ 23-24 ᠤ ᠡᠳᠦᠷ ᠶᠠᠪᠤᠭᠳᠠᠭᠤᠯᠵᠤ᠂ ᠰᠢᠯᠭᠠᠯᠲᠠ ᠶᠢᠨ ᠴᠠᠭ 3 ᠴᠠᠭ ᠠᠴᠠ | ᠬᠡᠲᠦᠷᠡᠭᠰᠡᠨ ᠪᠤᠶᠤ ᠬᠡᠷᠡᠭᠯᠡᠬᠦ ᠵᠢᠷᠤᠭ ᠤᠨ ᠬᠠᠪᠲᠠᠰᠤ ᠬᠡᠷᠡᠭᠯᠡᠬᠦ ᠵᠡᠷᠭᠡ ᠣᠨᠴᠠᠭᠠᠶ ᠱᠠᠭᠠᠷᠳᠠᠯᠭ᠎ᠠ ᠲᠠᠢ ᠴᠥᠭᠡᠨ | ᠲᠣᠭᠠᠨ ᠤ ᠰᠢᠯᠭᠠᠯᠲᠠ ᠶᠢᠨ ᠬᠢᠴᠢᠶᠡᠯ ᠲᠥᠷᠥᠯ ᠢ 12 ᠰᠠᠷ᠎ᠠ ᠶᠢᠨ 25 ᠤ ᠡᠳᠦᠷ ᠶᠠᠪᠤᠭᠳᠠᠭᠤᠯᠤᠨ᠎ᠠ᠃ | ᠬᠠᠮᠲᠤ ᠳᠤ ᠪᠠᠨ ᠣᠶᠢᠯᠠᠭᠠᠵᠠᠭᠠᠶ᠎ᠠ᠃ | ︽ᠲᠣᠭᠲᠠᠭᠠᠯ︾ ᠳᠤ᠂ ᠡᠯ᠎ᠡ ᠭᠠᠵᠠᠷ ᠤᠨ ᠡᠯ᠎ᠡ ᠰᠣᠷᠣᠭᠴᠢ ᠡᠯᠰᠡᠬᠦ ᠨᠢᠭᠡᠴᠢ ᠰᠢᠯᠭᠠᠭᠤᠯᠤᠭᠴᠢ ᠪᠠᠷ ᠦᠨᠳᠦᠰᠦ | ᠪᠣᠯᠭᠠᠬᠤ ᠶᠢ ᠪᠠᠷᠢᠮᠲᠠᠯᠠᠵᠤ᠂ ᠰᠢᠯᠭᠠᠭᠤᠯᠤᠭᠴᠢ ᠳᠤ ᠨᠠᠩ ᠬᠠᠯᠠᠭᠤᠨ ᠳᠤᠯᠠᠭᠠᠨ ᠪᠥᠭᠡᠳ ᠳᠥᠭᠦᠮ ᠳᠥᠲᠡ | ᠦᠢᠯᠡᠴᠢᠯᠡᠭᠡ ᠬᠠᠩᠭᠠᠬᠤ ᠬᠡᠷᠡᠭᠲᠡᠶ᠃ ᠰᠢᠯᠭᠠᠯᠲᠠ ᠶᠢᠨ ᠡᠬᠢ ᠪᠠᠶᠠᠯᠢᠭ ᠤᠨ ᠪᠠᠲᠤᠯᠠᠭ᠎ᠠ ᠶᠢ ᠴᠢᠩᠭᠠᠳᠬᠠᠵᠤ᠂ | ᠰᠢᠯᠭᠠᠯᠲᠠ ᠶᠢᠨ ᠣᠷᠣᠨ ᠪᠠᠶᠢᠷᠢ ᠪᠠ ᠰᠢᠯᠭᠠᠯᠲᠠ ᠶᠢᠨ ᠠᠵᠢᠯᠲᠠᠨ ᠢ ᠭᠦᠢᠴᠡᠳ ᠲᠣᠬᠢᠷᠠᠭᠤᠯᠵᠤ᠂ ᠰᠢᠯᠭᠠᠯᠲᠠ ᠶᠢ | ᠵᠣᠬᠢᠶᠠᠨ ᠪᠠᠶᠢᠭᠤᠯᠬᠤ ᠠᠵᠢᠯ ᠳᠤ ᠦᠢᠯᠡᠴᠢᠯᠡᠵᠦ ᠪᠠᠲᠤᠯᠠᠨ᠎ᠠ᠃ ᠨᠡᠷ᠎ᠡ ᠮᠡᠳᠡᠭᠦᠯᠬᠦ ᠴᠡᠭ ᠤᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠵᠦ᠂ ᠨᠥᠬᠦᠴᠡᠯ ᠲᠠᠢ ᠮᠤᠵᠢ ᠣᠷᠣᠨ ᠨᠠᠩ ᠣᠯᠠᠨ ᠰᠢᠯᠭᠠᠭᠤᠯᠤᠭᠴᠢ ᠲᠤᠬᠠᠶ ᠶᠢᠨ ᠭᠠᠵᠠᠷ ᠲᠤ ᠪᠠᠨ | ᠨᠡᠷ᠎ᠡ ᠮᠡᠳᠡᠭᠦᠯᠬᠦ ᠳᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠰᠢᠯᠭᠠᠭᠤᠯᠤᠭᠴᠢ ᠶᠢᠨ ᠡᠷᠦᠬᠡ ᠠᠮᠠ ᠶᠢᠨ | ᠲᠠᠩᠰᠠ ᠪᠠᠶᠢᠭ᠎ᠠ ᠭᠠᠵᠠᠷ ᠨᠡᠷ᠎ᠡ ᠮᠡᠳᠡᠭᠦᠯᠬᠦ ᠦᠨᠳᠦᠰᠦᠨ ᠵᠦᠢᠯ ᠢ ᠪᠠᠲᠤᠯᠠᠬᠤ ᠦᠢᠯᠡᠴᠢᠯᠡᠭᠡ ᠶᠢ ᠰᠠᠶᠢᠲᠤᠷ ᠬᠢᠨ᠎ᠠ᠃ | ᠰᠢᠯᠭᠠᠭᠤᠯᠤᠭᠴᠢ ᠶᠢ ᠨᠣᠲᠠᠯᠠᠵᠤ ᠨᠡᠪᠲᠡᠷᠡᠬᠦ ᠪᠠᠨ ᠴᠢᠩᠭᠠᠳᠬᠠᠵᠤ᠂ ᠰᠣᠷᠣᠭᠴᠢ ᠡᠯᠰᠡᠬᠦ ᠨᠢᠭᠡᠴᠢ ᠠᠴᠠ | ᠰᠢᠯᠭᠠᠭᠤᠯᠤᠭᠴᠢ ᠶᠢ ᠡᠯᠰᠡᠬᠦ ᠪᠠᠷ ᠪᠠᠶᠢᠭ᠎ᠠ ᠪᠤᠶᠤ ᠬᠤᠶᠠᠳᠠᠬᠢ ᠰᠢᠯᠭᠠᠯᠲᠠ ᠬᠢᠯᠭᠡᠬᠦ ᠪᠠᠷ ᠪᠠᠶᠢᠭ᠎ᠠ ᠮᠡᠳᠡᠭᠳᠡᠯ ᠢ | ᠨᠡᠶᠢᠲᠡᠯᠡᠬᠦ ᠦᠶ᠎ᠡ ᠳᠤ᠂ ᠰᠢᠯᠭᠠᠭᠤᠯᠤᠭᠴᠢ ᠶᠢᠨ ᠰᠤᠷᠤᠯᠭ᠎ᠠ᠂ ᠠᠵᠢᠯ᠂ ᠠᠮᠠᠷᠠᠯᠲᠠ ᠶᠢᠨ ᠴᠠᠭ ᠢ ᠭᠦᠢᠴᠡᠳ | ᠪᠣᠳᠣᠯᠬᠢᠯᠠᠨ ᠵᠦᠶ ᠵᠣᠬᠢᠰᠲᠠᠶ ᠲᠣᠬᠢᠷᠠᠭᠤᠯᠵᠤ᠂ ᠰᠢᠯᠭᠠᠭᠤᠯᠤᠭᠴᠢ ᠳᠤ ᠨᠤᠲᠠᠯᠠᠬᠤ ᠴᠠᠭ ᠢ ᠭᠦᠢᠴᠡᠳ ᠦᠯᠡᠳᠡᠭᠡᠵᠦ | ᠥᠭᠬᠦ ᠬᠡᠷᠡᠭᠲᠡᠶ︔ ᠲᠣᠭᠲᠠᠭᠰᠠᠨ ᠴᠠᠭ ᠲᠤ ᠨᠣᠲᠠᠯᠠᠭᠰᠠᠨ ᠥᠬᠡᠶ ᠪᠣᠯ ᠰᠢᠯᠭᠠᠭᠤᠯᠤᠭᠴᠢ ᠲᠠᠢ ᠬᠠᠷᠢᠯᠴᠠᠵᠤ | ᠨᠣᠲᠠᠯᠠᠬᠤ ᠬᠡᠷᠡᠭᠲᠡᠶ᠂ ᠬᠠᠷᠢᠨ ︽ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠭᠥᠯᠢᠶᠡᠨ ᠠᠪᠬᠤ ᠥᠬᠡᠶ ᠪᠣᠯ ᠥᠪᠡᠰᠦᠪᠡᠨ | ᠲᠠᠶᠠᠭᠳᠠᠭᠰᠠᠨ︾ ᠢᠶᠠᠷ ᠦᠵᠡᠨ ᠬᠥᠩᠭᠡᠮᠰᠦᠭ ᠬᠠᠨᠳᠤᠵᠤ ᠪᠣᠯᠬᠤ ᠥᠬᠡᠶ ᠭᠡᠵᠦ ᠱᠠᠭᠠᠷᠳᠠᠪᠠ᠃ | ︽ᠲᠣᠭᠲᠠᠭᠠᠯ︾ ᠳᠤ᠂ ᠡᠯ᠎ᠡ ᠭᠠᠵᠠᠷ ᠤᠨ ᠡᠯ᠎ᠡ ᠰᠣᠷᠣᠭᠴᠢ ᠡᠯᠰᠡᠬᠦ ᠨᠢᠭᠡᠴᠢ ᠰᠣᠷᠣᠭᠴᠢ ᠡᠯᠰᠡᠬᠦ ᠲᠥᠷᠥ ᠶᠢᠨ | ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠰᠣᠷᠣᠭᠴᠢ ᠡᠯᠰᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ | ᠳᠠᠬᠢᠨ ᠰᠢᠯᠭᠠᠬᠤ ᠶᠢ ᠵᠣᠬᠢᠶᠠᠨ ᠪᠠᠶᠢᠭᠤᠯᠵᠤ ᠬᠠᠮᠢᠶᠠᠷᠬᠤ ᠶᠢ ᠴᠢᠩᠭ᠎ᠠ ᠵᠢᠷᠤᠮᠵᠢᠭᠤᠯᠵᠤ᠂ ᠰᠣᠷᠣᠭᠴᠢ ᠡᠯᠰᠡᠬᠦ | ᠨᠢᠭᠡᠴᠢ ᠨᠢ ᠳᠠᠬᠢᠨ ᠰᠢᠯᠭᠠᠬᠤ ᠠᠴᠠ ᠡᠮᠦᠨ᠎ᠡ ᠬᠥᠮᠦᠨ ᠤ ᠭᠡᠷᠡᠴᠢ ᠶᠢ ᠢᠯᠭᠠᠨ ᠲᠠᠨᠢᠬᠤ ᠵᠢᠴᠢ ᠬᠠᠮᠢᠶ᠎ᠠ ᠪᠥᠬᠦᠶ | ᠮᠡᠳᠡᠭᠡ ᠵᠠᠩᠭᠢ ᠶᠢᠨ ᠬᠥᠮᠥᠷᠭᠡ ᠶᠢᠨ ᠲᠤᠭ᠎ᠠ ᠪᠠᠷᠢᠮᠲᠠ ᠶᠢ ᠬᠠᠷᠢᠴᠠᠭᠤᠯᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ | ᠠᠪᠴᠤ᠂ ᠰᠢᠯᠭᠠᠭᠤᠯᠤᠭᠴᠢ ᠶᠢᠨ ᠬᠢᠷᠢ ᠬᠡᠮ ᠢ ᠬᠢᠨᠠᠨ ᠬᠠᠷᠭᠤᠭᠤᠯᠬᠤ ᠶᠢ ᠴᠢᠩᠭᠠᠳᠬᠠᠨ᠂ ᠳᠠᠬᠢᠨ ᠰᠢᠯᠭᠠᠬᠤ | ᠬᠤᠭᠤᠴᠠᠭᠠᠨ ᠳᠤ ᠰᠢᠯᠭᠠᠭᠤᠯᠤᠭᠴᠢ ᠶᠢᠨ ᠲᠠᠰ ᠳᠠᠷᠠᠭᠠᠯᠠᠯ ᠢ ᠲᠠᠰᠢᠷᠠᠮ ᠳᠠᠭᠠᠤ ᠰᠣᠩᠭᠤᠨ ᠲᠣᠭᠲᠠᠭᠠᠬᠤ᠂ | ᠵᠢᠯᠣᠭᠤᠳᠣᠭᠴᠢ ᠪᠠᠭᠰᠢ ᠶᠢᠨ ᠳᠤᠭᠤᠶᠢᠯᠠᠩ ᠤᠨ ᠬᠡᠰᠢᠭᠦᠨ ᠢ ᠲᠠᠰᠢᠷᠠᠮ ᠳᠠᠭᠠᠤ ᠲᠣᠭᠲᠠᠭᠠᠬᠤ᠂ ᠳᠠᠬᠢᠨ ᠰᠢᠯᠭᠠᠬᠤ | ᠰᠡᠳᠦᠪ ᠢ ᠲᠠᠰᠢᠷᠠᠮ ᠳᠠᠭᠠᠤ ᠰᠤᠭᠤᠴᠢᠨ ᠠᠪᠬᠤ ᠵᠡᠷᠭᠡ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠪᠠᠷᠢᠮᠲᠠᠯᠠᠨ | ᠲᠡᠭᠦᠯᠳᠡᠷᠵᠢᠭᠦᠯᠵᠦ᠂ ᠳᠠᠬᠢᠨ ᠰᠢᠯᠭᠠᠬᠤ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ | ᠳᠣᠭᠢᠷᠠᠭᠤᠯᠬᠤ ᠶᠠᠪᠤᠴᠠ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠰᠣᠷᠣᠭᠴᠢ ᠡᠯᠰᠡᠬᠦ ᠨᠢᠭᠡᠴᠢ ᠪᠣᠶ | ᠪᠥᠬᠦᠶ ᠳᠣᠭᠢᠷᠠᠭᠤᠯᠬᠤ ᠰᠣᠷᠣᠭᠴᠢ ᠶᠢ ᠭᠥᠯᠢᠶᠡᠨ ᠠᠪᠬᠤ ᠠᠵᠢᠯ ᠢ ᠴᠥᠮ ᠰᠤᠷᠭᠠᠨ ᠬᠥᠮᠦᠵᠢᠯ ᠤᠨ ᠶᠠᠮᠤᠨ ᠤ ︽ | ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ ᠬᠤᠶᠠᠳᠠᠬᠢ ᠰᠢᠯᠭᠠᠯᠲᠠ ᠶᠢᠨ ᠳᠣᠭᠢᠷᠠᠭᠤᠯᠬᠤ ᠦᠢᠯᠡᠴᠢᠯᠡᠭᠡᠨ ᠤ | ᠰᠢᠰᠲ᠋ᠧᠮ︾ ᠢᠶᠠᠷ ᠳᠠᠮᠵᠢᠭᠤᠯᠤᠨ ᠪᠡᠶᠡᠯᠡᠭᠦᠯᠵᠦ᠂ ᠳᠣᠭᠢᠷᠠᠭᠤᠯᠬᠤ ᠠᠵᠢᠯ ᠤᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠳᠣᠭᠢᠷᠠᠭᠤᠯᠬᠤ ᠮᠡᠳᠡᠭᠡ ᠵᠠᠩᠭᠢ ᠶᠢ ᠢᠯᠡ ᠪᠣᠯᠭᠠᠬᠤ ᠶᠢ | ᠴᠢᠩᠭᠠᠳᠬᠠᠵᠤ᠂ ᠳᠣᠭᠢᠷᠠᠭᠤᠯᠬᠤ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ︽ᠲᠣᠭᠲᠠᠭᠠᠯ︾ ᠳᠤ᠂ 2024 ᠣᠨ ᠤ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ | ᠰᠢᠯᠭᠠᠯᠲᠠ ᠶᠢᠨ ᠠᠩᠬᠠᠨ ᠤ ᠰᠢᠯᠭᠠᠯᠲᠠ ᠶᠢ 2023 ᠣᠨ ᠤ 12 ᠰᠠᠷ᠎ᠠ ᠶᠢᠨ 23- 24 ᠤ ᠡᠳᠦᠷ | ᠶᠠᠪᠤᠭᠳᠠᠭᠤᠯᠵᠤ᠂ ᠰᠢᠯᠭᠠᠯᠲᠠ ᠶᠢᠨ ᠴᠠᠭ 3 ᠴᠠᠭ ᠢ ᠬᠡᠲᠦᠷᠡᠭᠰᠡᠨ ᠪᠤᠶᠤ ᠵᠢᠷᠤᠭ ᠤᠨ ᠬᠠᠪᠲᠠᠰᠤ ᠬᠡᠷᠡᠭᠯᠡᠬᠦ ᠵᠡᠷᠭᠡ | ᠣᠨᠴᠠᠭᠠᠶ ᠱᠠᠭᠠᠷᠳᠠᠯᠭ᠎ᠠ ᠲᠠᠢ ᠴᠥᠭᠡᠨ ᠲᠣᠭᠠᠨ ᠤ ᠰᠢᠯᠭᠠᠯᠲᠠ ᠶᠢᠨ ᠬᠢᠴᠢᠶᠡᠯ ᠲᠥᠷᠥᠯ ᠢ 12 ᠰᠠᠷ᠎ᠠ ᠶᠢᠨ 25 ᠤ | ᠡᠳᠦᠷ ᠶᠠᠪᠤᠭᠳᠠᠭᠤᠯᠤᠨ᠎ᠠ᠃ ᠰᠦᠯᠵᠢᠶᠡᠨ ᠳᠤ ᠨᠡᠷ᠎ᠡ ᠮᠡᠳᠡᠭᠦᠯᠬᠦ ᠠᠵᠢᠯ ᠢ 2023 ᠣᠨ ᠤ 10 ᠳ᠋ᠤᠭᠠᠷ ᠰᠠᠷ᠎ᠠ ᠶᠢᠨ | 8-10 ᠳ᠋ᠤᠭᠠᠷ ᠰᠠᠷ᠎ᠠ ᠶᠢᠨ 25 ᠤ ᠡᠳᠦᠷ ︵ᠡᠳᠦᠷ ᠪᠦᠷᠢ ᠶᠢᠨ 9᠄ 00-22᠄ 00︶ ᠪᠣᠯᠲᠠᠯ᠎ᠠ | ᠲᠣᠬᠢᠷᠠᠭᠤᠯᠵᠤ᠂ ᠤᠷᠢᠳᠴᠢᠯᠠᠨ ᠨᠡᠷ᠎ᠡ ᠮᠡᠳᠡᠭᠦᠯᠬᠦ ᠠᠵᠢᠯ ᠢ 9 ᠳ᠋ᠦ᠋ᠭᠡᠷ ᠰᠠᠷ᠎ᠠ ᠶᠢᠨ 24-9 ᠳ᠋ᠦ᠋ᠭᠡᠷ ᠰᠠᠷ᠎ᠠ ᠶᠢᠨ | 27 ᠤ ᠡᠳᠦᠷ ︵ᠡᠳᠦᠷ ᠪᠦᠷᠢ ᠶᠢᠨ 9᠄ 00-22᠄ 00︶ ᠪᠣᠯᠲᠠᠯ᠎ᠠ ᠲᠣᠬᠢᠷᠠᠭᠤᠯᠤᠨ᠎ᠠ᠃ ᠰᠦᠯᠵᠢᠶᠡᠨ ᠳᠤ | ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠰᠣᠷᠣᠭᠴᠢ | ᠡᠯᠰᠡᠬᠦ ᠰᠢᠯᠭᠠᠯᠲᠠ ᠶᠢᠨ ᠪᠠᠶᠢᠭᠤᠯᠤᠮᠵᠢ ᠰᠦᠯᠵᠢᠶᠡᠨ ᠳᠤ ᠠᠵᠢᠯ ᠢᠶᠠᠨ ᠨᠤᠲᠠᠯᠠᠵᠤ᠂ ᠰᠢᠯᠭᠠᠭᠤᠯᠤᠭᠴᠢ ᠶᠢᠨ ᠨᠡᠷ᠎ᠡ | ᠮᠡᠳᠡᠭᠦᠯᠦᠭᠰᠡᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠨ᠎ᠠ᠃ ᠪᠣᠶ ᠪᠥᠬᠦᠶ ᠰᠢᠯᠭᠠᠭᠤᠯᠤᠭᠴᠢ ᠴᠥᠮ ᠲᠣᠭᠲᠠᠭᠰᠠᠨ | ᠴᠠᠭ ᠲᠤ ᠰᠦᠯᠵᠢᠶᠡᠨ ᠳᠤ ᠨᠡᠷ᠎ᠡ ᠮᠡᠳᠡᠭᠦᠯᠬᠦ ᠪᠠ ᠰᠦᠯᠵᠢᠶᠡᠨ ᠳᠤ ᠨᠤᠲᠠᠯᠠᠬᠤ ᠳᠤ ᠣᠷᠣᠯᠴᠠᠵᠤ᠂ ᠬᠤᠭᠤᠴᠠᠭ᠎ᠠ | ᠬᠡᠲᠦᠷᠡᠪᠡᠯ ᠳᠠᠭᠢᠵᠤ ᠨᠥᠬᠦᠨ ᠬᠦᠢᠴᠡᠳᠭᠡᠵᠦ ᠪᠣᠯᠬᠤ ᠥᠬᠡᠶ᠃ ᠥᠷᠭᠡᠨ ᠣᠯᠠᠨ ᠰᠢᠯᠭᠠᠭᠤᠯᠤᠭᠴᠢ ᠶᠢ ᠬᠠᠪᠰᠤᠷᠤᠨ | ᠰᠣᠳᠤᠯᠤᠨ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ᠂ ᠣᠨᠣᠪᠴᠢᠲᠠᠶ ᠣᠶᠢᠯᠠᠭᠠᠭᠤᠯᠬᠤ ᠶᠢᠨ | ᠲᠥᠯᠥᠭᠡ᠂ ︽ᠳᠤᠮᠳᠠᠳᠤ ᠤᠯᠤᠰ ᠤᠨ ᠰᠤᠳᠤᠯᠤᠨ ᠰᠤᠷᠤᠭᠴᠢ ᠡᠯᠰᠡᠬᠦ ᠮᠡᠳᠡᠭᠡ ᠵᠠᠩᠭᠢ ᠶᠢᠨ ᠰᠦᠯᠵᠢᠶ᠎ᠡ︾ ︵ | https://yz.chsi.com.cn︶ 2023 ᠣᠨ ᠤ | 9 ᠰᠠᠷ᠎ᠠ ᠶᠢᠨ 18-22 ᠤᠨ ᠡᠳᠦᠷ ︽2024 ᠣᠨ ᠤ ᠪᠥᠬᠦ ᠤᠯᠤᠰ ᠤᠨ ᠰᠤᠳᠤᠯᠤᠨ ᠰᠤᠷᠤᠭᠴᠢ ᠡᠯᠰᠡᠬᠦ | ᠤᠬᠠᠭᠤᠯᠭ᠎ᠠ ᠶᠢᠨ ᠵᠥᠪᠯᠡᠯᠭᠡ ᠥᠭᠬᠦ ᠭᠠᠷᠠᠭ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠪᠣᠶ ᠪᠥᠬᠦᠶ ᠰᠣᠳᠤᠯᠤᠨ | ᠰᠤᠷᠤᠭᠴᠢ ᠡᠯᠰᠡᠬᠦ ᠨᠢᠭᠡᠴᠢ ᠰᠦᠯᠵᠢᠶᠡᠨ ᠳᠤ ᠰᠢᠯᠭᠠᠭᠤᠯᠤᠭᠴᠢ ᠶᠢᠨ ᠠᠰᠠᠭᠤᠯᠲᠠ ᠶᠢ ᠬᠠᠷᠢᠭᠤᠯᠵᠤ ᠮᠠᠳᠠᠭ ᠢ | ᠲᠠᠶᠢᠯᠤᠨ᠎ᠠ᠃ | ᠢᠷᠡᠯᠲᠡ᠄ ᠰᠤᠷᠭᠠᠨ ᠬᠥᠮᠥᠵᠢᠯ ᠤᠨ ᠲᠢᠩᠬᠢᠮ |