1~10 ᠳ᠋ᠤᠭᠠᠷ ᠰᠠᠷ᠎ᠠ  ᠳᠤ ᠮᠠᠨ ᠤ ᠬᠤᠰᠢᠭᠤᠨ ᠤ ᠭᠤᠤᠯ ᠠᠵᠤ ᠠᠬᠤᠶ ᠶᠢᠨ ᠭᠦᠢᠴᠡᠳᠬᠡᠯ ᠲᠤᠭ᠎ᠠ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2023/12/7
 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠪᠦᠬᠦ ᠬᠤᠲᠠ ᠶᠢᠨ ᠲᠡᠷᠢᠭᠦᠨ ᠳᠤ ᠣᠷᠣᠪᠠ᠃ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 12.8% ᠪᠠᠷ ᠨᠡᠮᠡᠭᠳᠡᠵᠦ᠂ ᠪᠦᠬᠦ ᠬᠤᠳᠠ ᠳᠤ ᠲᠡᠷᠢᠭᠦᠯᠡᠪᠡ᠃ ᠠᠵᠢᠯ ᠲᠥᠷᠥᠯ ᠠᠴᠠ ᠦᠵᠡᠪᠡᠯ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠥᠩᠭᠡᠲᠦ ᠲᠡᠮᠦᠷᠯᠢᠭ ᠬᠠᠶᠢᠯᠤᠭᠤᠯᠬᠤ ᠪᠠ  ᠪᠣᠯᠪᠠᠰᠤᠷᠠᠭᠤᠯᠬᠤ ᠦᠢᠯᠡᠰ᠂ ᠰᠢᠲᠠᠮᠠᠬᠠᠶ ᠬᠡᠢ ᠦᠢᠯᠡᠳᠪᠦᠷᠢᠯᠡᠬᠦ ᠪᠠ ᠬᠠᠩᠭᠠᠬᠤ ᠦᠢᠯᠡᠰ ᠤᠨ ᠨᠡᠮᠡᠭᠳᠡᠯ ᠥᠷᠲᠡᠭ ᠲᠤᠰ ᠲᠤᠰ 26.3%᠂ 395.4% ᠪᠠ 139.9% ᠨᠡᠮᠡᠭᠳᠡᠪᠡ᠃   ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠪᠥᠬᠦ ᠬᠤᠲᠠ ᠳᠤ ᠲᠡᠷᠢᠬᠦᠯᠡᠪᠡ᠃ ᠪᠦᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠲᠤᠭᠲᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠠᠳᠠᠯᠢ ᠬᠤᠭᠤᠴᠠᠭᠠᠨ ᠤ ᠬᠢ ᠠᠴᠠ 108.1% ᠪᠠᠷ ᠨᠡᠮᠡᠭᠳᠡᠵᠤ᠂ ᠪᠦᠬᠦ ᠬᠤᠳᠠ ᠳᠤ ᠲᠦᠷᠤᠬᠦᠯᠡᠪᠡ᠃ ᠡᠭᠦᠨ ᠳᠤ᠂ ᠬᠤᠶᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 232.7% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 83.6% ᠪᠠᠷ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ ᠲᠠᠢ ᠪᠣᠯᠪᠠ᠃ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 21.6% ᠪᠠᠷ ᠨᠡᠮᠡᠭᠳᠡᠪᠡ᠃ ᠡᠭᠦᠨ ᠳᠤ ᠵᠢᠵᠢᠭᠯᠡᠨ ᠬᠤᠳᠠᠯᠳᠤᠬᠤ ᠦᠢᠯᠡᠰ 19.6% ᠪᠠᠷ ᠨᠡᠮᠡᠭᠳᠡᠵᠦ᠂ ᠢᠳᠡᠭᠡᠨ ᠤᠮᠳᠠᠭᠠᠨ ᠤ ᠣᠷᠣᠯᠭ᠎ᠠ 9.4% ᠪᠠᠷ ᠨᠡᠮᠡᠭᠳᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号