ᠬᠤᠷᠴᠢᠨ ᠵᠡᠭᠦᠨ ᠭᠠᠷᠤᠨ ᠬᠤᠶᠢᠲᠤ ᠬᠤᠰᠢᠭᠤ 2023 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ  ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/10
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 2 ᠰᠠᠷ᠎ᠠ ᠶᠢᠨ 5 ᠤ ᠡᠳᠦᠷ ᠬᠤᠷᠴᠢᠨ ᠵᠡᠭᠦᠨ ᠭᠠᠷᠤᠨ ᠬᠤᠶᠢᠲᠤ ᠬᠤᠰᠢᠭᠤ 2023 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠰᠢᠷᠢᠰ ᠠᠵᠢᠯᠯᠠᠭ᠎ᠠ ᠶᠢ ᠶᠠᠪᠤᠭᠳᠠᠭᠤᠯᠵᠠᠢ᠃ ᠰᠢᠶᠧ ᠴᠦᠨ ᠾᠧ᠂ ᠭᠦᠸᠧ ᠲᠢᠶᠠᠨ ᠪᠦᠦ᠂ ᠰᠥᠩ ᠵᠤᠷᠢᠬᠳᠦ᠂ ᠵᠠᠩ ᠳ᠋ᠠ ᠯᠢ ᠵᠡᠷᠭᠡ ᠬᠤᠰᠢᠭᠤᠨ ᠤ ᠤᠳᠤᠷᠢᠳᠤᠯᠭ᠎ᠠ ᠨᠠᠷ ᠥᠷᠭᠡᠨ ᠣᠯᠠᠨ ᠲᠦᠮᠡᠨ ᠲᠠᠢ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠬᠠᠮᠲᠤ ᠪᠠᠷ ᠪᠡᠯᠭᠡᠯᠡᠵᠡᠢ᠃     ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ  ᠬᠡᠯᠡᠪᠡ  ᠃ ᠲᠡᠷᠡ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠡᠮᠦᠨ᠎ᠡ ᠠᠴᠠ ᠪᠥᠬᠦ ᠬᠤᠰᠢᠭᠤᠨ ᠤ ᠠᠷᠠᠳ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠢᠷᠦᠭᠡᠯ ᠳᠡᠪᠰᠢᠭᠦᠯᠪᠡ︕ ᠲᠡᠷᠡ ᠬᠡᠯᠡᠬᠦ ᠳᠡᠭᠡᠨ᠂ ᠪᠢᠳᠡ ︽ᠥᠯᠵᠡᠶᠢᠲᠦ ᠡᠳᠦᠷ ᠨᠠᠷᠬᠢᠨ ᠪᠠᠶᠠᠰᠴᠦ᠂ ᠠᠭᠤᠯᠵᠠᠯᠳᠠ ᠶᠢᠨ ᠪᠠᠶᠠᠷ ᠢ ᠬᠠᠮᠳᠤᠪᠠᠷ ᠡᠳ᠋ᠯᠡᠬᠦ ︾  ᠭᠤᠤᠯ ᠰᠡᠳᠤᠪᠳᠦ ᠥᠯᠵᠡᠶᠢᠲᠦ  ᠡᠳᠦᠷ   ᠤᠨ ᠪᠠᠶᠠᠷ ᠤᠨ ᠰᠢᠷᠢᠰ ᠠᠵᠢᠯᠯᠠᠭ᠎ᠠ   ᠶᠢᠨ ᠲᠣᠬᠢᠶᠠᠯ   ᠢ ᠠᠰᠢᠭᠯᠠᠨ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠡᠷᠴᠢ ᠵᠣᠷᠢᠭ ᠢ ᠬᠥᠪᠴᠢᠯᠡᠵᠦ᠂  ᠠᠵᠢᠯᠯᠠᠭ᠎ᠠ ᠪᠠᠷ ᠲᠠᠮᠵᠢᠭᠤᠯᠤᠨ ᠮᠠᠨ ᠤ  ᠬᠤᠰᠢᠭᠤᠨ ᠤ  ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠡᠳᠦᠷ ᠠᠴᠠ ᠡᠳᠦᠷ ᠥᠭᠡᠳᠡᠯᠡᠨ ᠮᠠᠨᠳᠤᠵᠤ ᠪᠠᠶᠢᠭ᠎ᠠ ᠴᠠᠭ ᠦᠶ᠎ᠡ ᠶᠢᠨ ᠴᠤᠭ ᠵᠢᠪᠬᠤᠭ᠎ᠠ ᠪᠣᠯᠣᠨ ᠪᠦᠭᠦ ᠬᠤᠰᠢᠭᠤᠨ ᠤ ᠠᠷᠠᠳ ᠲᠦᠮᠡᠨ ᠤ ᠵᠠᠮ ᠨᠡᠭᠡᠭᠡᠨ ᠰᠢᠨ᠎ᠡ ᠶᠢ ᠡᠭᠦᠳᠴᠦ᠂ ᠢᠷᠮᠡᠭᠦᠨ ᠵᠣᠷᠢᠭᠲᠠᠢ ᠪᠠᠷ ᠤᠷᠤᠭᠰᠢᠯᠠᠨ ᠲᠠᠪᠰᠢᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠬᠠᠷᠠᠭᠤᠯᠵᠥ ᠪᠠᠶᠢᠨ᠎ᠠ᠃᠃ᠪᠢᠳᠡ ᠣᠷᠭᠢᠯᠤᠮ᠎ᠠ ᠬᠠᠯᠠᠭᠤᠨ ᠰᠡᠳᠬᠢᠯᠭᠡ᠂ ᠨᠡᠭᠡᠭᠡᠯᠲᠡᠲᠡᠢ ᠬᠡᠬᠦᠳᠡᠭ ᠴᠡᠭᠡᠵᠢ᠂  ᠴᠤᠭ ᠵᠤᠯᠢ ᠪᠠᠳᠠᠷᠠᠩᠭᠤᠢ ᠲᠡᠮᠡᠴᠡᠯ ᠤᠨ ᠵᠣᠷᠢᠭ᠂ ᠪᠣᠳᠠᠲᠠᠢ ᠶᠢ ᠡᠷᠬᠢᠮᠯᠡᠬᠦ ᠰᠤᠷᠲᠠᠯ᠂ ᠳᠣᠲᠣᠨᠣ ᠦᠢᠯᠡᠴᠢᠯᠡᠭᠡ ᠪᠠᠷ ᠪᠦᠯᠬᠦᠮᠳᠡᠨ ᠨᠢᠭᠡᠳᠴᠦ᠂ ᠡᠷᠡᠯᠬᠡᠭᠯᠡᠨ ᠲᠡᠮᠡᠴᠡᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠳᠥᠷᠪᠡᠨ  ᠵᠦᠭ ᠤᠨ ᠵᠣᠴᠢᠳ ᠨᠠᠶᠢᠵᠠ ᠨᠠᠷ ᠤᠨ ᠢᠷᠡᠵᠦ ᠪᠡᠯᠡ ᠣᠷᠣᠭᠤᠯᠤᠨ ᠦᠢᠯᠡᠰ ᠪᠣᠰᠬᠠᠵᠤ᠂ ᠵᠤᠭᠠᠴᠠᠨ ᠲᠣᠭᠤᠷᠢᠬᠤ ᠶᠢ ᠪᠠᠶᠠᠷᠯᠠᠨ  ᠤᠬᠳᠤᠵᠥ ᠪᠠᠶᠢᠨ᠎ᠠ  ᠃ ᠬᠤᠶᠢᠲᠤ ᠬᠤᠰᠢᠭᠤᠨ ᠤ ᠮᠠᠷᠭᠠᠰᠢ ᠯᠠᠪᠲᠠᠶ᠎ᠠ ᠡᠨᠡ ᠣᠷᠣᠢ ᠶᠢᠨ ᠬᠤᠸᠠᠷ ᠫᠤᠤᠵᠢᠩ ᠰᠢᠭ᠋ ᠬᠦᠷ ᠬᠥᠭᠵᠢᠶᠡᠨ ᠲᠠᠢ᠂ ᠥᠩᠭᠡ ᠢᠯᠭᠠᠷᠠᠮ᠎ᠠ ᠭᠡᠳᠡᠭ ᠢ ᠪᠢᠳᠡ ᠢᠲᠡᠭᠡᠵᠦ ᠪᠣᠯᠣᠨ᠎ᠠ᠃ ᠳᠠᠷᠠᠭ᠎ᠠ ᠨᠢ᠂ ᠰᠢᠶᠧ ᠴᠦᠨ ᠾᠧ᠂ ᠦ᠋ ᠶᠣᠣ ᠾᠦᠢ᠂ ᠭᠦᠸᠧ ᠲᠢᠶᠠᠨ ᠪᠦᠦ᠂ ᠰᠦᠩ ᠵᠣᠣ ᠵᠤᠷᠢᠬᠳᠦ  ᠵᠠᠩ ᠳ᠋ᠠ ᠯᠢ ᠬᠠᠮᠲᠤ ᠪᠠᠷ ᠡᠬᠢᠯᠡᠭᠦᠯᠬᠦ ᠪᠥᠮᠪᠦᠭᠡ ᠶᠢ ᠳᠠᠷᠤᠵᠤ᠂ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠪᠡ᠃
   ᠴᠠᠭᠠᠨ ᠰᠠᠷ᠎ᠠ ᠶᠢᠨ ᠠᠷᠪᠠᠨ ᠲᠠᠪᠤᠨ ᠤ  ᠦᠯᠵᠡᠶᠢᠳᠦ ᠡᠳᠦᠷ ᠤᠨ ᠠᠵᠢᠯᠯᠠᠭ᠎ᠠ ᠶᠢᠨ ᠰᠢᠭᠤᠳ ᠨᠡᠪᠲᠡᠷᠡᠭᠦᠯᠭᠡ ᠶᠢᠨ ᠠᠬᠤᠢ ᠲᠠᠯᠠᠪᠠᠶ ᠳᠤ᠂ ᠬᠤᠰᠢᠭᠤᠨ ᠤ ᠨᠠᠮ ᠤᠨ ᠬᠤᠷᠢᠶᠠᠨ ᠤ  ᠲᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠰᠢᠭᠤᠳ ᠨᠡᠪᠲᠡᠷᠡᠭᠦᠯᠭᠡ ᠶᠢᠨ ᠲᠠᠰᠤᠭ ᠲᠤ ᠬᠦᠷᠴᠦ᠂ ᠥᠷᠭᠡᠨ ᠣᠯᠠᠨ ᠰᠦᠯᠵᠢᠶᠡᠨ ᠨᠠᠶᠢᠵᠠ ᠨᠠᠷ ᠲᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠠᠶᠢᠭᠠᠯᠢ ᠶᠢᠨ ᠨᠥᠬᠦᠴᠡᠯ᠂ ᠡᠬᠢ ᠪᠠᠶᠠᠯᠢᠭ᠂ ᠣᠷᠣᠨ ᠪᠠᠶᠢᠷᠢ ᠶᠢᠨ ᠳᠠᠪᠠᠭᠤᠯᠢᠭ ᠪᠠ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠵᠤ᠂ ᠲᠠᠷᠢᠶᠠᠯᠠᠩ ᠤᠨ ᠣᠨᠴᠠ ᠭᠠᠷᠤᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ᠂ ᠵᠢᠭᠤᠯᠴᠢᠯᠠᠯ ᠵᠡᠷᠭᠡ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠣᠨᠴᠠᠯᠢᠭᠲᠤ ᠪᠦᠲᠦᠭᠡᠭᠳᠡᠬᠦᠨ ᠢ ᠲᠠᠨᠢᠯᠴᠠᠭᠤᠯᠵᠠᠢ᠃
    ︽ᠴᠡᠴᠡᠭᠲᠦ ᠳ᠋ᠧᠩ ᠰᠣᠨᠢᠷᠬᠠᠨ᠂ ᠣᠨᠢᠰᠤᠭ᠎ᠠ ᠳᠠᠭᠠᠬᠤ︾ ᠪᠣᠯ ᠥᠯᠵᠡᠶᠢᠲᠦ  ᠡᠳᠦᠷ ᠤᠨ ᠪᠠᠶᠠᠷ   ᠢ ᠪᠡᠯᠭᠡᠯᠡᠬᠦ ᠡᠷᠲᠡᠨ ᠠᠴᠠ ᠤᠯᠠᠮᠵᠢᠯᠠᠭᠰᠠᠭᠠᠷ ᠢᠷᠡᠭᠰᠡᠨ ᠤᠯᠠᠮᠵᠢᠯᠠᠯ ᠶᠤᠮ᠃ᠴᠡᠴᠡᠭᠲᠦ ᠳ᠋ᠧᠩ ᠤᠨ ᠣᠷᠳᠣ ᠬᠤᠩᠭᠢᠯ ᠳᠤ ᠴᠡᠴᠡᠭᠲᠦ ᠳ᠋ᠧᠩ ᠰᠣᠨᠢᠷᠬᠠᠬᠤ᠂ ᠰᠡᠭᠦᠳᠡᠷ ᠲᠠᠲᠠᠵᠤ ᠳᠤᠷᠠᠰᠬᠠᠯ ᠦᠯᠡᠳᠡᠭᠡᠬᠦ ᠬᠥᠮᠥᠰ ᠵᠠᠯᠭᠠᠭ᠎ᠠ ᠵᠠᠯᠭᠠᠭ᠎ᠠ ᠪᠠᠷ ᠣᠯᠠᠰᠢᠷᠠᠪᠠ᠃ᠳ᠋ᠧᠩ ᠤᠨ ᠣᠨᠢᠰᠤᠭ᠎ᠠ ᠶᠢᠨ ᠲᠣᠭᠤᠷᠢᠭ ᠤᠨ ᠲᠤᠬᠠᠢ ᠶᠢᠨ ᠲᠠᠯᠠᠪᠠᠢ ᠳᠤ᠂ ᠬᠥᠮᠥᠰ ᠰᠡᠳᠬᠢᠨ ᠪᠣᠳᠣᠯᠬᠢᠯᠠᠵᠤ ᠨᠤᠲᠠᠯᠠᠬᠤ ᠳᠤᠮᠳᠠ ᠪᠠᠨ ᠬᠢᠵᠠᠭᠠᠯᠠᠰᠢ ᠦᠭᠡᠢ ᠪᠠᠶᠠᠷ ᠪᠠᠭ᠋ᠠᠳᠤᠯ ᠢ ᠮᠡᠳᠡᠷᠡᠵᠦ᠂ ᠤᠳᠠᠭ᠎ᠠ ᠪᠦᠷᠢ ᠶᠢᠨ ᠲᠠᠭᠠᠮᠠᠭᠯᠠᠯ ᠤᠨ ᠳᠤᠮᠳᠠ ᠠᠴᠠ ᠰᠣᠴᠢᠨ ᠪᠠᠶᠠᠷᠯᠠᠵᠤ ᠪᠠᠶᠢᠯ᠎ᠠ᠃
  ᠰᠤᠷᠤᠭᠴᠢ ᠵᠠᠩ ᠵᠧᠦ᠄ ᠣᠨᠢᠰᠤᠭ᠎ᠠ ᠲᠡᠭᠠᠬᠤ ᠬᠥᠳᠡᠯᠭᠡᠭᠡᠨ ᠳᠤ ᠣᠷᠤᠯᠴᠠᠬᠤ ᠨᠢ ᠮᠠᠰᠢ ᠰᠣᠨᠢᠷᠬᠠᠯᠲᠠᠢ᠂ ᠮᠢᠨᠤ ᠪᠤᠳᠤᠬᠤ ᠪᠠᠷ ᠬᠠᠮᠤᠭ ᠤᠨ ᠶᠡᠭᠡ ᠣᠯᠣᠯᠲᠠ ᠭᠡᠪᠡᠯ ᠰᠡᠳᠬᠢᠬᠦ ᠶᠠᠪᠤᠴᠠ ᠳᠠᠭᠠᠨ ᠮᠡᠳᠡᠯᠭᠡ ᠪᠠᠨ ᠪᠠᠶᠠᠯᠢᠭᠵᠢᠭᠤᠯᠵᠤ᠂ ᠲᠠᠷᠢᠬᠢ ᠲᠣᠯᠣᠭᠠᠢ ᠪᠠᠨ ᠳᠠᠪᠲᠠᠨ ᠪᠣᠯᠪᠠᠰᠤᠷᠠᠭᠤᠯᠵᠠᠢ᠃ ᠪᠢ ᠬᠤᠶᠠᠷ ᠣᠨᠢᠰᠤᠭ᠎ᠠ ᠶᠢ ᠵᠥᠪ ᠳᠠᠭᠠᠵᠤ᠂ ᠬᠤᠶᠠᠷ ᠱᠠᠩᠨᠠᠯ ᠣᠯᠵᠠᠢ᠂ ᠭᠡᠷ ᠲᠡᠭᠡᠨ ᠬᠠᠷᠢᠭᠠᠳ ᠥᠬᠢᠨ ᠳᠡᠭᠦᠦ ᠳᠡᠭᠡᠨ ᠨᠢᠭᠡ ᠶᠢ ᠬᠦᠷᠭᠡᠶ᠎ᠡ᠃     ᠪᠢᠴᠢᠬᠠᠨ ᠨᠠᠶᠢᠵᠠ ᠵᠠᠩ  ᠧᠨ ᠮᠢᠩ᠄ ᠥᠨᠥᠳᠥᠷ ᠪᠢ ᠠᠪᠤ ᠡᠵᠢ ᠠᠬ᠎ᠠ ᠲᠠᠢ ᠪᠠᠨ ᠳ᠋ᠧᠩᠯᠦ ᠲᠠᠭᠠᠬᠤ ᠪᠠᠷ ᠢᠷᠡᠭᠰᠡᠨ᠂ ᠮᠠᠨ ᠤ ᠭᠡᠷ ᠬᠤᠲᠠᠯᠠᠭᠠᠷ ᠢᠶᠠᠷ ᠢᠶᠠᠨ ᠬᠠᠮᠳᠤᠪᠠᠷ  ᠵᠤᠯ ᠵᠢᠷᠭᠠᠯ ᠲᠠᠢ ᠪᠠᠶᠢᠬᠤ ᠳᠠᠭᠠᠨ ᠪᠢ ᠲᠤᠩ ᠪᠠᠶᠠᠷ ᠲᠠᠢ ᠰᠠᠨᠠᠭᠳᠠᠨ᠎ᠠ
   ᠰᠠᠭᠤᠭᠠᠯᠢ ᠠᠷᠠᠳ ᠶᠠᠨ ᠰᠧᠨ᠄ ᠮᠢᠨᠤ ᠦᠵᠡᠬᠦ ᠪᠠᠷ ᠳ᠋ᠧᠩ ᠤᠨ ᠣᠨᠢᠰᠤᠭ᠎ᠠ ᠳᠠᠭᠠᠬᠤ ᠬᠥᠳᠡᠯᠭᠡᠭᠡᠨ ᠶᠡᠭᠡ ᠰᠠᠶᠢᠨ᠂ ᠥᠯᠵᠡᠶᠢᠲᠦ ᠡᠳᠦᠷ ᠤᠨ ᠪᠠᠶᠠᠷ ᠤᠨ ᠠᠭᠤᠷ ᠠᠮᠢᠰᠬᠤᠯ ᠢᠶᠠᠷ ᠮᠠᠰᠢ ᠰᠠᠶᠢᠨ᠃ᠮᠥᠨ ᠴᠦ ᠨᠢᠭᠡ ᠵᠦᠢᠯ ᠤᠨ ᠤᠯᠠᠮᠵᠢᠯᠠᠯᠲᠤ ᠰᠣᠶᠣᠯ ᠃ᠮᠢᠨᠤ ᠭᠡᠷ ᠪᠦᠯᠢ ᠤᠯᠠᠮ ᠠᠴᠠ ᠤᠯᠠᠮ ᠵᠣᠯ ᠵᠢᠷᠭᠠᠯ ᠲᠠᠢ ᠪᠣᠯᠵᠤ᠂ ᠮᠠᠨ ᠤ ᠬᠤᠶᠢᠲᠤ ᠬᠤᠰᠢᠭᠤᠨ ᠤ ᠬᠥᠭᠵᠢᠯᠲᠡ ᠤᠯᠠᠮ ᠠᠴᠠ ᠤᠯᠠᠮ ᠰᠠᠶᠢᠨ ᠪᠣᠯᠬᠤ ᠶᠢ ᠬᠦᠰᠡᠵᠦ ᠪᠠᠶᠢᠨ᠎ᠠ᠃
   ᠭᠡᠷᠡᠯ ᠭᠢᠯᠪᠠᠭ᠎ᠠ ᠪᠠᠷ ᠬᠡᠮᠡᠷᠯᠢᠭ ᠬᠠᠳᠬᠤᠮᠠᠯ ᠢ ᠨᠡᠮᠡᠷᠢᠯᠡᠵᠦ᠂ ᠭᠠᠯ ᠮᠤᠳᠤ᠂  ᠮᠥᠩᠭᠦᠨ ᠴᠡᠴᠡᠭ ᠰᠥᠨᠢ ᠶᠢᠨ ᠣᠭᠲᠠᠷᠭᠤᠢ ᠶᠢ ᠭᠡᠶᠢᠭᠦᠯᠦᠨ᠎ᠡ᠃ ᠬᠤᠸᠠᠷ ᠫᠤᠤᠵᠢᠩ ᠰᠥᠨᠢ ᠶᠢᠨ ᠣᠭᠲᠠᠷᠭᠤᠢ ᠳᠤ ᠵᠠᠯᠭᠠᠭ᠎ᠠ ᠵᠠᠯᠭᠠᠭ᠎ᠠ ᠪᠠᠷ ᠪᠠᠳᠠᠷᠠᠨ ᠳᠡᠯᠭᠡᠷᠡᠬᠦ ᠶᠢ ᠳᠠᠭᠠᠯᠳᠤᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠦᠨᠯᠵᠡᠶᠢᠳᠦ ᠡᠳᠦᠷ ᠤᠨ ᠪᠠᠶᠠᠷ ᠤᠨ ᠬᠤᠭᠤᠴᠠᠭᠠᠨ ᠳᠤ ᠬᠠᠮᠤᠭ ᠠᠴᠠ ᠢᠯᠡᠭᠦᠦ ᠬᠦᠰᠡᠨ ᠬᠦᠯᠢᠶᠡᠵᠦ ᠪᠠᠶᠢᠭᠰᠠᠨ ᠥᠩᠭᠡ ᠢᠯᠭᠠᠷᠠᠭᠰᠠᠨ ᠬᠤᠸᠠᠷ ᠫᠤᠤᠵᠢᠩ ᠤᠨ ᠦᠵᠡᠭᠦᠯᠦᠯᠭᠡ ᠵᠢᠩᠬᠢᠨᠢ ᠪᠠᠷ ᠡᠬᠢᠯᠡᠪᠡ᠃     ᠬᠤᠸᠠᠷ ᠫᠤᠤᠵᠢᠩ ᠤᠨ ᠦᠳᠡᠰᠢᠯᠡᠭᠡ ᠨᠢ ︽ᠦᠷᠯᠦᠭ  ᠪᠠᠭᠠᠳᠤᠷ ᠤᠨ ᠠᠬᠳᠠ ᠳᠤ ᠮᠤᠷᠳᠠᠭᠰᠠᠨ ᠤᠷᠤᠨ  ︾᠂  ︽ᠥᠯᠵᠡᠢ ᠪᠡᠯᠭᠡ ᠲᠠᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤ︾᠂︽ᠭᠤᠶᠢᠳᠠ ᠰᠠᠶᠢᠬᠠᠨ ᠪᠥᠵᠢᠭ᠂ ᠷᠢᠳᠢ ᠰᠢᠳᠢ ᠲᠠᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤ︾᠂ ︽ᠴᠡᠴᠡᠭᠲᠦ ᠰᠠᠷᠠ ᠲᠡᠷᠭᠡᠯᠰᠢᠵᠦ᠂ ᠵᠣᠯ ᠵᠢᠷᠭᠠᠯᠲᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤ︾᠂ ︽ᠲᠣᠮᠣ ᠠᠯᠬᠤᠮ ᠢᠶᠠᠷ ᠤᠷᠤᠭᠰᠢᠯᠠᠵᠤ᠂ ᠳᠡᠭᠦᠯᠢᠨ ᠳᠡᠭᠦᠯᠢᠭᠰᠡᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ︾ ᠭᠡᠬᠦ ᠲᠦᠷᠪᠡᠨ ᠪᠦᠯᠦᠭ ᠬᠤᠪᠢᠶᠠᠵᠠᠢ᠃ ᠨᠢᠳᠦ ᠭᠢᠯᠠᠰᠤᠮ᠎ᠠ ᠶᠣᠰᠣᠯᠠᠯ ᠤᠨ ᠬᠤᠸᠠᠷ ᠴᠡᠴᠡᠭ ᠳᠡᠯᠭᠡᠷᠡᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠥᠨᠢ ᠶᠢᠨ ᠣᠭᠲᠠᠷᠭᠤᠢ ᠬᠤᠷᠣᠮᠬᠠᠨ ᠵᠠᠭᠤᠷ᠎ᠠ ᠭᠤᠶᠢᠳᠠ ᠰᠠᠶᠢᠬᠠᠨ ᠵᠢᠷᠤᠭ ᠪᠣᠯᠵᠤ᠂ ᠠᠮᠢᠳᠤᠷᠠᠯ ᠤᠨ ᠰᠠᠶᠢᠨ ᠰᠠᠶᠢᠬᠠᠨ᠂ ᠡᠷᠡᠯᠬᠡᠭᠯᠡᠨ ᠤᠷᠤᠭᠰᠢᠯᠠᠭᠰᠠᠨ ᠣᠮᠣᠭᠰᠢᠯ ᠪᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠦᠰᠡᠯ ᠡᠷᠡᠮᠡᠯᠵᠡᠯ   ᠢ ᠤᠶᠠᠩᠭᠠᠯᠠᠨ ᠪᠢᠴᠢᠭᠯᠡᠵᠦ ᠪᠠᠶᠢᠯ᠎ᠠ᠃  ︽ᠡᠶᠢᠮᠦ ᠰᠠᠶᠢᠬᠠᠨ ᠬᠤᠸᠠᠷ ᠫᠤᠤᠵᠢᠩ   ᠢ ᠦᠵᠡᠭᠡ ᠦᠭᠡᠢ ᠤᠳᠠᠯ᠎ᠠ᠂ ᠦᠨᠡᠬᠡᠷ ᠭᠤᠶᠣ  ᠪᠠᠶᠢᠨ᠎ᠠ᠂  ᠨᠠᠳᠠ  ᠳᠤ ᠨᠤᠳᠤᠭ  ᠤᠷᠤᠨ ᠤ  ᠪᠠᠶᠠᠷ ᠳᠤᠷᠠᠰᠬᠠᠯ ᠤᠨ ᠡᠳᠦᠷ ᠤᠨ ᠠᠭᠤᠷ ᠠᠮᠢᠰᠬᠤᠯ   ᠤᠨ ᠰᠡᠳᠬᠢᠯᠭᠡ  ᠲᠦᠷᠦᠭᠳᠡᠬᠦᠯᠵᠥ᠂ ᠪᠠᠰᠠ ᠪᠢᠳᠡᠨ   ᠢ ᠰᠢᠨ᠎ᠡ ᠨᠢᠭᠡᠨ ᠵᠢᠯ ᠳᠡᠭᠡᠨ ᠰᠠᠶᠢᠨ ᠰᠠᠶᠢᠬᠠᠨ ᠬᠦᠰᠡᠯ ᠡᠷᠡᠮᠡᠯᠵᠡᠯ ᠪᠠ ᠢᠷᠦᠭᠡᠯ ᠵᠥᠩᠨᠡᠯ   ᠢᠶᠠᠷ ᠪᠢᠯᠬᠠᠭᠤᠯᠵᠤ ᠪᠠᠶᠢᠨ᠎ᠠ᠂ ᠰᠤᠷᠤᠯᠭ᠎ᠠ ᠳᠠᠭᠠᠨ ᠠᠮᠵᠢᠯᠲᠠ  ᠲᠠᠢ ᠪᠣᠯᠬᠤ   ᠶᠢ ᠬᠦᠰᠡᠵᠦ ᠪᠠᠶᠢᠨ᠎ᠠ᠂ ᠨᠤᠲᠤᠭ ᠤᠰᠤᠨ ᠤ ᠪᠠᠨ ᠤᠯᠠᠮ   ᠠᠴᠠ ᠤᠯᠠᠮ ᠰᠠᠶᠢᠨ ᠪᠣᠯᠬᠤ   ᠶᠢ ᠬᠦᠰᠡᠵᠦ ᠪᠠᠶᠢᠨ᠎ᠠ᠂ ᠡᠬᠡ ᠣᠷᠣᠨ ᠤ ᠪᠠᠨ ᠴᠡᠴᠡᠭᠯᠡᠨ ᠬᠥᠭᠵᠢᠵᠦ᠂ ᠤᠯᠤᠰ ᠣᠷᠣᠨ ᠠᠮᠤᠷ ᠠᠮᠤᠭᠤᠯᠠᠩ ᠪᠠᠶᠢᠬᠤ   ᠶᠢ ᠢᠷᠦᠭᠡᠶ᠎ᠡ︾᠃ ᠭᠡᠵᠦ  ᠰᠠᠭᠤᠭᠠᠯᠢ ᠠᠷᠠᠳ  ᠪᠠᠢ ᠢᠦᠢ ᠹᠧᠢ ᠬᠡᠯᠡᠪᠡ᠃      ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠷᠢᠶ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠭᠤᠤᠯᠯᠠᠨ ᠡᠷᠬᠢᠯᠡᠪᠡ᠃  ᠠᠵᠢᠯᠯᠠᠭ᠎ᠠ ᠨᠢ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ + ᠰᠦᠯᠵᠢᠶᠡᠨ ᠭᠠᠳᠠᠨᠠᠬᠢ ᠵᠤᠭᠠᠴᠠᠯ ᠤᠨ ᠬᠡᠯᠪᠡᠷᠢ ᠶᠢ ᠠᠪᠴᠤ᠂ ᠤᠯᠠᠮᠵᠢᠯᠠᠯᠲᠤ ᠰᠣᠶᠣᠯ ᠪᠣᠯᠣᠨ ᠣᠳᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠠᠭᠤᠰᠤᠯᠴᠠᠭᠤᠯᠤᠨ᠂ ᠪᠠᠰᠠ ᠪᠢᠴᠢᠯᠭᠡ ᠵᠢᠷᠤᠭ᠂ ︽ᠪᠣᠳᠠᠰ ᠤᠨ ᠪᠤᠰᠤ ᠰᠣᠶᠣᠯ ᠤᠨ ᠥᠪ ︾   ᠤᠨ ᠪᠦᠲᠦᠭᠡᠯ ᠤᠨ ᠦᠵᠡᠭᠦᠯᠦᠯᠭᠡ᠂ ᠥᠯᠵᠡᠶᠢᠲᠦ ᠪᠣᠣᠪᠤ ᠬᠦᠷᠭᠡᠬᠦ᠂ ᠬᠥᠳᠡᠯᠭᠡᠭᠦ ᠬᠦᠴᠦᠨ ᠤ ᠰᠢᠬᠦᠷ ᠤᠨ ᠦᠵᠡᠭᠦᠯᠦᠯᠭᠡ᠂ ᠬᠠᠯᠠᠭᠤᠨ ᠳᠠᠪᠠᠯᠭᠠᠨ ᠢᠶᠠᠷ ᠲᠣᠭᠤᠷᠢᠨ ᠵᠤᠭᠠᠴᠠᠬᠤ᠂ ᠤᠷᠠᠨ ᠰᠠᠶᠢᠬᠠᠨ ᠤ ᠦᠵᠡᠭᠦᠯᠦᠯᠭᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠸᠠᠷ ᠫᠤᠤᠵᠢᠩ ᠤᠨ ᠴᠤᠭᠯᠠᠭᠠᠨ ᠵᠡᠷᠭᠡ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠠᠶᠠᠷ ᠤᠨ ᠡᠳᠦᠷ ᠤᠨ ᠪᠠᠶᠠᠷ ᠪᠠᠭ᠋ᠠᠳᠤᠯ ᠪᠠ ᠰᠠᠶᠢᠨ ᠰᠠᠶᠢᠬᠠᠨ ᠠᠮᠢᠳᠤᠷᠠᠯ ᠤᠨ ᠢᠷᠦᠭᠡᠯ  ᠵᠦᠩᠨᠡᠯ ᠢ ᠭᠦᠢᠴᠡᠳ ᠬᠠᠷᠠᠭᠤᠯᠤᠭᠰᠠᠨ ᠪᠥᠭᠡᠳ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ   ᠤ ᠰᠢᠨ᠎ᠡ ᠴᠠᠭ ᠦᠶ᠎ᠡ ᠶᠢᠨ ᠠᠶᠠᠨ ᠵᠠᠮ ᠳᠤ ᠲᠣᠮᠣ ᠠᠯᠬᠤᠮ ᠢᠶᠠᠷ ᠤᠷᠤᠬᠰᠢᠯᠠᠬᠤ ᠶᠢ ᠵᠤᠷᠢᠬᠵᠢᠭᠤᠯᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号