ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ
ᠨᠡᠶᠢᠲᠡᠯᠡᠭᠰᠡᠨ ᠴᠠᠭ᠄
2023/2/27
     ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ ︱            ᠲᠣᠪᠴᠢᠶᠠᠨ ᠳᠠᠷᠤᠭ᠎ᠠ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ᠎ᠠ                          ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠭᠵᠢᠭᠦᠯᠦᠯᠲᠡ                ᠥᠭᠡᠷᠡᠴᠢᠯᠡᠯᠲᠡ ᠶᠢᠨ ᠵᠦᠪᠯᠡᠯ ᠰᠦᠯᠵᠢᠶᠡᠨ ᠳᠡᠭᠡᠷ᠎ᠡ ᠰᠣᠷᠪᠤᠯᠵᠢᠯᠠᠭ᠎ᠠ ᠬᠢᠪᠡ     ﹇ᠰᠣᠷᠪᠤᠯᠵᠢᠯᠠᠭ᠎ᠠ ᠶᠢᠨ ᠨᠡᠷᠡᠶᠢᠳᠦᠯ﹈     ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ     ﹇ᠰᠣᠷᠪᠤᠯᠵᠢᠯᠠᠭ᠎ᠠ ᠶᠢᠨ ᠬᠦᠨᠳᠦᠲᠦ ᠵᠣᠴᠢᠨ﹈     ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠵᠦᠩ ᠸᠧᠢ ᠳ᠋ᠧ     ﹇ᠭᠤᠣᠯ ᠠᠭᠤᠯᠭ᠎ᠠ﹈     ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠵᠦᠩ ᠸᠧᠢ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 9 ᠰᠠᠷ᠎ᠠ ᠶᠢᠨ 25  ᠤ ᠡᠳᠦᠷ ᠳᠠᠷᠤᠮᠠᠯᠯᠠᠨ ᠲᠠᠷᠬᠠᠭᠠᠭᠰᠠᠨ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ᠢ ᠲᠠᠶᠢᠯᠪᠤᠷᠢᠯᠠᠪᠠ᠃    ᠨᠢᠭᠡ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ   ᠤᠨ ᠥᠷᠳᠡᠭ ᠢ ᠪᠠᠭᠤᠷᠠᠭᠤᠯᠤᠨ᠎ᠠ    ᠭᠠᠶᠢᠯᠢ ᠶᠢ ᠬᠥᠩᠭᠡᠯᠡᠬᠦ ᠪᠠ ᠭᠠᠶᠢᠯᠢ ᠠᠴᠠ ᠬᠡᠯᠲᠦᠷᠢᠭᠦᠯᠬᠦ ᠡᠷᠴᠢᠮ ᠢ ᠴᠢᠩᠭᠠᠷᠠᠭᠤᠯᠤᠨ᠎ᠠ︔ ᠵᠠᠰᠠᠭ ᠤᠨ ᠣᠷᠳᠣᠨ ᠠᠴᠠ ᠦᠨ᠎ᠡ ᠲᠣᠭᠲᠠᠭᠠᠨ ᠡᠵᠡᠩᠨᠡᠬᠦ ᠶᠢ ᠨᠠᠶᠢᠳᠠᠪᠤᠷᠢᠵᠢᠭᠤᠯᠤᠨ᠎ᠠ᠃ ᠦᠢᠯᠡᠴᠢᠯᠡᠭᠡᠨ ᠤ ᠴᠢᠨᠠᠷᠲᠠᠢ ᠰᠦᠢᠳᠬᠡᠯ ᠬᠤᠷᠢᠶᠠᠬᠤ ᠨᠠᠷᠢᠨ ᠲᠠᠩᠰᠠ ᠶᠢᠨ ᠳᠦᠷᠢᠮ ᠢ ᠬᠡᠷᠡᠭᠵᠢᠭᠦᠯᠵᠦ᠂ ᠨᠠᠷᠢᠨ ᠲᠠᠩᠰᠠ ᠠᠴᠠ ᠭᠠᠳᠠᠨᠠᠬᠢ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠦᠭᠡᠢ ᠰᠦᠢᠳᠬᠡᠯ ᠬᠤᠷᠢᠶᠠᠬᠤ ᠲᠥᠷᠥᠯ ᠵᠦᠢᠯ ᠢ ᠦᠨᠡᠨ ᠬᠦ ᠲᠦᠷᠭᠡᠨ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠡᠮᠦᠷ ᠵᠠᠮ ᠤᠨ ᠲᠡᠭᠡᠭᠡᠪᠦᠷᠢ ᠶᠢᠨ ᠦᠨ᠎ᠡ ᠬᠠᠩᠰᠢ ᠶᠢ ᠴᠠᠭ ᠲᠤᠨᠢ ᠲᠣᠬᠢᠷᠠᠭᠤᠯᠤᠨ ᠪᠠᠭᠤᠷᠠᠭᠤᠯᠵᠤ ᠂ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠵᠢᠵᠢᠭ ᠪᠢᠴᠢᠯ ᠠᠵᠤ ᠠᠬᠤᠶᠢᠯᠠᠯ ᠳᠤ ᠥᠪᠡᠷ ᠤᠨ ᠥᠷᠲᠡᠭ ᠢᠶᠠᠷ ᠳᠣᠣᠷ᠎ᠠ ᠲᠠᠯᠠᠪᠤᠷ ᠤᠨ ᠳᠡᠮᠵᠢᠯᠭᠡ ᠬᠠᠩᠭᠠᠨ᠎ᠠ︔ ᠠᠵᠤ ᠠᠬᠤᠶᠢᠯᠠᠯ ᠤᠨ ᠭᠠᠵᠠᠷ ᠬᠡᠷᠡᠭᠯᠡᠭᠰᠡᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠷᠭᠡᠨ ᠰᠢᠢᠳᠪᠦᠷᠢᠯᠡᠨ᠎ᠡ︔ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠬᠡᠷᠡᠭᠴᠡᠭᠡ ᠶᠢ ᠪᠠᠲᠤᠯᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠴᠢᠭ᠋ ᠤᠨ ᠲᠥᠷᠥᠯ ᠵᠦᠢᠯ ᠳᠤ ᠰᠠᠭᠠᠳ ᠦᠭᠡᠢ ᠨᠡᠪᠲᠡᠷᠡᠬᠦ ᠵᠠᠮ ᠨᠡᠭᠡᠭᠡᠨ ᠥᠭᠴᠦ᠂ ᠡᠨᠧᠷᠭᠢ ᠶᠢᠨ ᠦᠨᠡᠯᠡᠯᠲᠡ ᠶᠢᠨ ᠭᠠᠷᠳᠠᠮ ᠢ ᠲᠦᠷᠭᠡᠳᠬᠡᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠲᠡᠭᠡᠭᠡᠪᠦᠷᠢ ᠶᠢᠨ ᠲᠦᠭᠰᠢᠭᠦᠷᠢ ᠶᠢ ᠪᠠᠭᠤᠷᠠᠭᠤᠯᠤᠨ᠎ᠠ᠃     ᠬᠤᠶᠠᠷ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠳᠤ ᠠᠩᠬᠠᠷᠤᠯ ᠢᠶᠠᠨ ᠲᠦᠪᠯᠡᠷᠡᠬᠦᠯᠦᠨ᠎ᠡ     ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠪᠠᠶᠢᠭᠤᠯᠵᠤ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠵᠢᠵᠢᠭ ᠪᠢᠴᠢᠯ ᠠᠵᠤ ᠠᠬᠤᠶᠢᠯᠠᠯ ᠤᠨ ᠬᠢᠵᠠᠭᠠᠷᠲᠤ ᠲᠣᠭᠠᠨ ᠤ ᠳᠣᠲᠣᠷᠠᠬᠢ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠳᠠᠮ ᠬᠦᠦ ᠥᠭᠬᠦ ᠶᠢ ᠭᠤᠣᠯᠳᠠᠯᠭ᠎ᠠ ᠲᠠᠢ ᠲᠤᠷᠠᠳᠤᠨ᠎ᠠ︔ ᠥᠪᠡᠷᠲᠡᠭᠡᠨ ᠵᠠᠰᠠᠬᠤ ᠣᠷᠣᠨ ᠤ ᠴᠢᠭ᠋ ᠤᠨ ᠠᠵᠤ ᠦᠢᠯᠡᠰ ᠤᠨ ᠬᠡᠯᠬᠢᠶᠡᠨ ᠤ ︽1+N︾ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠥᠷᠨᠢᠭᠦᠯᠵᠦ᠂ ᠬᠡᠯᠬᠢᠶᠡᠨ ᠳᠠᠬᠢ ᠳᠤᠮᠳᠠ ᠵᠢᠵᠢᠭ ᠠᠵᠤ ᠠᠬᠤᠶᠢᠯᠠᠯ ᠢ ᠬᠠᠪᠰᠤᠷᠤᠨ ᠬᠥᠳᠡᠯᠬᠦ ᠬᠥᠷᠥᠩᠭᠡ ᠪᠠᠷ ᠢᠶᠠᠨ ᠳᠠᠨᠵᠢᠯᠠᠵᠤ ᠪᠡᠯᠡ ᠲᠣᠬᠢᠷᠠᠭᠤᠯᠬᠤ ᠶᠢ ᠪᠡᠶᠡᠯᠡᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠦᠯᠦᠭᠯᠡᠯ ᠢ ᠵᠣᠬᠢᠶᠠᠨ ᠪᠠᠶᠢᠭᠤᠯᠵᠤ᠂ ᠬᠠᠷᠠᠭᠠᠯᠵᠠᠯᠲᠤ ᠳᠠᠬᠢᠨ ᠳᠠᠭᠠᠭᠠᠯᠲᠠ ᠶᠢᠨ ᠰᠦᠢᠳᠬᠡᠯ ᠤᠨ ᠠᠷᠠᠳ ᠤᠨ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠬᠦ ᠶᠢ ᠳᠡᠮᠵᠢᠵᠦ᠂ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠣᠯᠭᠤᠨ᠎ᠠ︔ ᠥᠷᠢ ᠥᠭᠴᠡᠭᠡ ᠶᠢ ᠵᠣᠬᠢᠴᠠᠭᠤᠯᠬᠤ᠂ ᠥᠷᠢ ᠥᠭᠴᠡᠭᠡ ᠶᠢ ᠵᠣᠬᠢᠶᠠᠨ ᠪᠠᠶᠢᠭᠤᠯᠬᠤ᠂ ᠥᠷᠢ ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ᠂ ᠥᠷᠢ ᠥᠭᠴᠡᠭᠡ ᠶᠢ ᠰᠣᠯᠢᠬᠤ ᠵᠡᠷᠭᠡ ᠤᠯᠠᠨ ᠡᠰᠢᠴᠢᠯᠡᠭᠰᠡᠨ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠠᠵᠤ ᠠᠬᠤᠶᠢᠯᠠᠯ ᠢ ᠬᠠᠪᠰᠤᠷᠤᠨ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠨ᠎ᠠ᠃     ᠭᠤᠷᠪᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠬᠦᠳᠦᠨ᠎ᠡ     ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ᠂ ᠠᠮᠢ ᠠᠬᠤᠢ ᠶᠢᠨ ᠬᠠᠮᠠᠭᠠᠯᠠᠯᠲᠠ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠤᠯᠠᠨ ᠨᠡᠶᠢᠲᠡ ᠶᠢᠨ ᠦᠢᠯᠡᠴᠢᠯᠡᠭᠡ᠂ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠤ ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠣᠷᠤᠯᠴᠠᠬᠤ ᠶᠢ ᠳᠡᠮᠵᠢᠬᠦ ᠶᠢ ᠭᠤᠣᠯᠳᠠᠯᠭ᠎ᠠ ᠲᠠᠢ ᠲᠤᠷᠠᠳᠤᠨ᠎ᠠ︔ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠪᠦᠯᠦᠭᠯᠡᠯ᠂ ᠠᠵᠤ ᠦᠢᠯᠡᠰ ᠤᠨ ᠬᠡᠯᠬᠢᠶᠡᠰᠦ ᠶᠢᠨ ᠪᠦᠲᠦᠭᠡᠨ ᠪᠠᠶᠢᠭᠤᠯᠤᠯᠲᠠ ᠳᠤ ᠠᠷᠠᠳ ᠤᠨ ᠠᠵᠤ ᠠᠬᠤᠶᠢᠯᠠᠯ ᠤᠨ ᠨᠡᠭᠡᠭᠡᠨ ᠬᠥᠭᠵᠢᠭᠦᠯᠬᠦ ᠣᠷᠣᠨ ᠤ ᠴᠢᠳᠠᠮᠵᠢ ᠶᠢᠨ ᠦᠢᠯᠡᠳᠦᠯ ᠢ ᠪᠠᠳᠠᠷᠠᠭᠤᠯᠵᠤ᠂ ᠰᠢᠨ᠎ᠡ ᠶᠢ ᠡᠭᠦᠳᠬᠦ ᠡᠬᠢ ᠪᠠᠶᠠᠯᠢᠭ ᠪᠠ ᠦᠢᠯᠡᠳᠪᠦᠷᠢᠯᠡᠯ ᠤᠨ ᠬᠦᠴᠦᠨ ᠵᠦᠢᠯ ᠢ ᠲᠥᠪᠯᠡᠷᠡᠭᠦᠯᠦᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠠᠮᠵᠢᠨ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ᠂ ᠮᠡᠷᠭᠡᠵᠢᠯ᠂ ᠲᠥᠬᠦᠭᠡᠷᠦᠮᠵᠢ᠂ ᠪᠡᠯᠡ ᠮᠥᠩᠭᠦ᠂ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠵᠡᠷᠭᠡ ᠲᠠᠯ᠎ᠠ ᠶᠢᠨ ᠪᠣᠳᠠᠲᠠᠢ ᠬᠦᠴᠢᠷᠳᠡᠯ ᠢ ᠰᠢᠢᠳᠪᠦᠷᠢᠯᠡᠨ᠎ᠡ︔ ᠠᠷᠠᠳ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠳᠤ ᠪᠡᠯᠡ ᠮᠥᠩᠭᠦ ᠶᠢᠨ ᠱᠠᠩᠨᠠᠯ ᠨᠥᠬᠦᠪᠦᠷᠢ ᠣᠯᠭᠤᠨ᠎ᠠ︔ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠪᠠᠭ᠎ᠠ ᠠᠵᠤ ᠠᠬᠤᠶᠢᠯᠠᠯ ᠪᠠ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠥᠨ︾ ᠤ ᠠᠵᠤ ᠠᠬᠤᠶᠢᠯᠠᠯ ᠢ ᠱᠠᠩᠨᠠᠨ ᠬᠥᠬᠢᠭᠦᠯᠦᠨ᠎ᠡ︔ ᠠᠵᠤ ᠠᠬᠤᠶᠢᠯᠠᠯ ᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠪᠠ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠢ ᠣᠷᠣᠭᠤᠯᠤᠨ ᠠᠪᠴᠢᠷᠠᠬᠤ ᠶᠢ ᠳᠡᠮᠵᠢᠨ᠎ᠡ᠄ ᠠᠷᠠᠳ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯᠲᠦ ᠦᠭᠡᠷᠡᠴᠢᠯᠡᠯᠳᠡ ᠳᠤ ᠤᠷᠤᠯᠴᠠᠬᠤ ᠶᠢ ᠲᠡᠮᠵᠢᠨ᠎ᠡ᠃     ᠳᠥᠷᠪᠡ᠂ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠳᠤ ᠠᠩᠬᠠᠷᠤᠯ ᠢᠶᠠᠨ ᠲᠥᠪᠯᠡᠷᠡᠭᠦᠯᠦᠨ᠎ᠡ     ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠦᠷᠭᠦᠯᠵᠢᠯᠡᠨ ᠢᠯᠭᠠᠷᠠᠭᠤᠯᠤᠨ ᠳᠢᠭᠯᠡᠨ᠎ᠡ ᠭᠡᠵᠦ ᠭᠤᠣᠯᠳᠠᠯᠭ᠎ᠠ  ᠲᠠᠢ ᠪᠠᠷ ᠲᠤᠷᠠᠳᠤᠨ᠎ᠠ᠃᡽ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠬᠤ ᠪᠠ ᠬᠤᠷᠢᠬᠤ ᠴᠢᠬᠤᠯᠠ ᠴᠢᠨᠠᠷ ᠢ ᠬᠢᠨᠠᠨ ᠪᠠᠶᠢᠴᠠᠭᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠪᠡᠶ᠎ᠡ ᠶᠢᠨ ᠡᠳ᠋ ᠬᠥᠷᠥᠩᠭᠡ ᠶᠢᠨ ᠡᠷᠬᠡ ᠶᠢ ᠵᠥᠷᠢᠴᠡᠭᠰᠡᠨ ᠬᠢᠯᠢᠰ ᠪᠤᠷᠤᠭᠤ ᠬᠡᠷᠡᠭ ᠢ ᠢᠯᠭᠠᠨ ᠲᠣᠳᠣᠯᠠᠵᠤ ᠵᠠᠯᠠᠷᠠᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠ ᠠᠷᠠᠳ ᠤᠨ ᠡᠵᠡᠩᠨᠡᠭᠰᠡᠨ ᠠᠵᠤ ᠠᠬᠤᠶᠢᠯᠠᠯ᠂ ᠣᠷᠣᠨ ᠨᠤᠲᠤᠭ ᠤᠨ ᠠᠵᠤ ᠠᠬᠤᠶᠢᠯᠠᠯ ᠪᠠ ᠣᠷᠣᠨ ᠤ ᠭᠠᠳᠠᠨᠠᠬᠢ ᠠᠵᠤ ᠠᠬᠤᠶᠢᠯᠠᠯ ᠳᠤ ᠡᠷᠭᠡ ᠲᠡᠭᠰᠢ ᠬᠠᠨᠳᠤᠨ᠎ᠠ︔ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠡᠷᠬᠡ ᠠᠰᠢᠭ ᠢ ᠬᠠᠮᠠᠭᠠᠯᠠᠬᠤ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠨ ᠬᠠᠮᠢᠶᠠᠷᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ ᠬᠠᠷᠢᠯᠴᠠᠨ ᠮᠡᠳᠡᠷᠡᠬᠦ ᠶᠢ ᠠᠬᠢᠭᠤᠯᠤᠨ᠎ᠠ︔ ᠨᠢᠭᠤᠴᠠ ᠳᠤ ᠬᠤᠯᠪᠣᠭᠳᠠᠬᠤ ᠵᠡᠷᠭᠡ ᠣᠨᠴᠠᠭᠠᠶ ᠬᠦᠴᠦᠨ ᠵᠦᠢᠯ ᠠᠴᠠ ᠭᠠᠳᠠᠨ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠥᠬᠦ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠶᠢ ᠪᠡᠶᠡᠯᠡᠭᠦᠯᠦᠨ᠎ᠡ︔ ︽ᠣᠷᠣᠨ ᠪᠦᠰᠡ ᠶᠢᠨ ᠦᠨᠡᠯᠡᠨ ᠵᠢᠱᠢᠯᠲᠡ + ᠪᠠᠷᠢᠮᠵᠢᠶᠠᠲᠤ ᠭᠠᠵᠠᠷ + ᠠᠮᠠᠯᠠᠯᠲᠠ ᠶᠢᠨ ᠳᠦᠷᠢᠮ + ᠵᠠᠰᠠᠭ ᠤᠨ ᠣᠷᠳᠣᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠶᠢᠨ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃     ᠲᠠᠪᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠵᠢᠷᠤᠮᠵᠢᠯ ᠲᠠᠢ ᠡᠷᠡᠭᠦᠯ ᠢᠶᠠᠷ ᠬᠥᠭᠵᠢᠬᠦ ᠳᠤ ᠠᠩᠬᠠᠷᠤᠯ ᠢᠶᠠᠨ ᠲᠦᠪᠯᠡᠷᠡᠬᠦᠯᠦᠨ᠎ᠡ     ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠠᠷᠠᠳ ᠤᠨ ᠡᠵᠡᠩᠨᠡᠯᠲᠡ ᠶᠢᠨ ᠰᠢᠯᠢᠳᠡᠭ ᠠᠵᠤ ᠠᠬᠤᠶᠢᠯᠠᠯᠲᠠᠨ ᠢ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠵᠢᠱᠢᠭᠳᠡᠭᠴᠢ ᠪᠠᠷ ᠲᠠᠨᠢᠯᠴᠠᠭᠤᠯᠵᠤ᠂ ᠰᠢᠯᠢᠳᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠳᠤ ᠤᠳᠤᠷᠢᠳᠬᠤ ᠺᠠᠳ᠋ᠷᠴᠤᠳ ᠤᠨ ᠲᠣᠭᠲᠠᠭᠰᠠᠨ ᠴᠡᠭ ᠲᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠬᠤᠳᠠᠯᠳᠤᠭᠠᠨ ᠤ ᠡᠪᠯᠡᠯ ᠤᠨ ᠠᠷᠠᠳ ᠤᠨ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠵᠢᠴᠢ ᠭᠤᠮᠣᠳᠠᠯ ᠱᠠᠭᠠᠷᠳᠠᠯᠭ᠎ᠠ ᠶᠢᠨ ᠰᠠᠨᠠᠭᠤᠯᠭ᠎ᠠ ᠶᠢ ᠪᠥᠬᠦ ᠶᠠᠪᠤᠴᠠ ᠳᠤ ᠮᠥᠷᠳᠡᠨ ᠳᠠᠭᠠᠵᠤ᠂ ᠴᠠᠭ ᠬᠢᠵᠠᠭᠠᠷᠯᠠᠨ ᠰᠢᠢᠳᠪᠦᠷᠢᠯᠡᠵᠦ ᠳᠠᠭᠤᠰᠬᠠᠨ᠂ ᠴᠠᠭ ᠲᠤᠬᠠᠢ ᠳᠤᠨᠢ ᠬᠠᠷᠢᠭᠤ ᠲᠤᠰᠬᠠᠨ᠎ᠠ︔ ᠣᠨ ᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠠᠵᠢᠯ ᠢ ᠦᠷᠭᠦᠯᠵᠢᠯᠡᠨ ᠥᠷᠨᠢᠭᠦᠯᠦᠨ᠎ᠡ︔ ᠠᠷᠠᠳ ᠤᠨ ᠠᠵᠤ ᠠᠬᠤᠶᠢᠯᠠᠯ ᠤᠨ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠢᠲᠡᠭᠡᠮᠵᠢ ᠳᠤ ᠵᠠᠰᠠᠪᠤᠷᠢ ᠣᠷᠣᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号