ᠢᠯᠡ ᠵᠠᠰᠠᠭ - ᠲᠦᠷᠦ ᠶᠢᠨ ᠪᠣᠳᠤᠯᠭ᠎ᠠ ᠶᠢᠨ ᠲᠠᠶᠢᠯᠤᠮᠵᠢ | | | ᠨᠡᠶᠢᠲᠡᠯᠡᠭᠰᠡᠨ ᠴᠠᠭ᠄ 2023/3/15 | | | 2022 ᠣᠨ ᠤ 12 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ | ᠤᠲᠠᠰᠤ ᠪᠣᠯᠣᠨ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠥᠨᠳᠥᠷ ᠪᠦᠲᠦᠮᠵᠢᠲᠡᠶ ᠪᠠᠷ | ᠵᠣᠯᠭᠠᠭᠤᠯᠵᠤ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠬᠤ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠠᠯᠪᠠᠨ | ᠲᠠᠷᠬᠠᠭᠠᠭᠰᠠᠨ ︹2022︺ 89 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ︵ᠳᠣᠷᠣᠭᠰᠢ 12345 | ᠭᠡᠵᠦ ᠲᠣᠪᠴᠢᠯᠠᠨ᠎ᠠ︶ ᠪᠠ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ︵ᠳᠣᠷᠣᠭᠰᠢ 110 | ᠭᠡᠵᠦ ᠲᠣᠪᠴᠢᠯᠠᠨ᠎ᠠ︶ ᠤᠨ ᠬᠠᠮᠵᠢᠯᠴᠠᠨ ᠦᠢᠯᠡᠴᠢᠯᠡᠬᠦ ᠦᠢᠯᠡᠳᠦᠯ ᠴᠢᠳᠠᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠭᠥᠯᠢᠶᠡᠨ ᠠᠪᠴᠤ ᠰᠢᠢᠳᠪᠦᠷᠢᠯᠡᠬᠦ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠂ ᠵᠣᠯᠭᠠᠭᠤᠯᠵᠤ | ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠰᠲ᠋ᠧᠮ ᠤᠨ ᠲᠤᠯᠭᠠᠭᠤᠷᠢᠯᠠᠯ ᠪᠠ | ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠵᠦ ᠬᠡᠷᠡᠭᠯᠡᠬᠦ ᠶᠢ ᠴᠢᠩᠭᠠᠳᠬᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠄ | ᠨᠢᠭᠡ᠂ 12345 ᠨᠢ ᠶᠠᠭᠠᠬᠢᠭᠠᠳ 110 ᠲᠠᠢ ᠬᠤᠯᠪᠤᠭᠠᠯᠠᠨ ᠬᠥᠳᠡᠯᠦᠯᠴᠡᠬᠦ ᠬᠡᠷᠡᠭᠲᠡᠢ ᠪᠤᠢ︖ | ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠢᠯᠭᠠᠨ ᠲᠣᠳᠣᠷᠬᠠᠶᠢᠯᠠᠵᠤ᠂ | ᠲᠤᠰ ᠲᠤᠰ ᠤᠨ ᠡᠭᠦᠷᠭᠡ ᠬᠠᠷᠢᠭᠤᠴᠠᠯᠭ᠎ᠠ᠂ ᠰᠢᠰᠲ᠋ᠧᠮ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠠᠴᠢᠮ | ᠪᠤᠰᠤ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠪᠠ ᠴᠠᠭᠳᠠᠭᠠᠨ ᠤ | ᠶᠠᠪᠤᠳᠠᠯ ᠤᠨ ᠵᠦᠢᠯᠡᠰ ᠢ ᠰᠢᠰᠲ᠋ᠧᠮᠵᠢᠭᠦᠯᠦᠨ ᠬᠠᠮᠢᠶᠠᠷᠴᠤ᠂ ᠪᠠᠴᠢᠮ ᠲᠦᠷᠦᠯ ᠳᠤ ᠪᠠᠭᠲᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠶᠢ ᠬᠤᠯᠪᠤᠭᠠᠯᠠᠨ ᠬᠥᠳᠡᠯᠦᠯᠴᠡᠵᠦ ᠰᠢᠢᠳᠪᠦᠷᠢᠯᠡᠬᠦ ᠶᠢ | ᠠᠬᠢᠭᠤᠯᠵᠤ᠂ ᠤᠯᠠᠨ ᠲᠦᠮᠡᠨ ᠳᠤ ᠨᠡᠩ ᠲᠤᠰᠬᠠᠶᠢᠵᠢᠭᠰᠠᠨ ᠪᠥᠭᠡᠳ ᠲᠦᠷᠭᠡᠨ ᠰᠢᠭᠤᠷᠬᠠᠢ ᠦᠢᠯᠡᠴᠢᠯᠡᠭᠡ | ᠦᠵᠡᠭᠦᠯᠬᠦ ᠶᠢ ᠪᠠᠲᠤᠯᠠᠵᠤ᠂ ᠵᠠᠰᠠᠭ ᠤᠨ ᠣᠷᠳᠣᠨ ᠤ ᠬᠠᠮᠢᠶᠠᠷᠤᠯᠲᠠ ᠪᠠ ᠦᠢᠯᠡᠴᠢᠯᠡᠭᠡ ᠳᠤ ᠬᠤᠯᠪᠣᠭᠳᠠᠭᠰᠠᠨ | ᠪᠠᠴᠢᠮ ᠪᠤᠰᠤ ᠭᠤᠮᠣᠳᠠᠯ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ ᠰᠢᠢᠳᠪᠦᠷᠢᠯᠡᠬᠦ ᠶᠢ ᠠᠬᠢᠭᠤᠯᠵᠤ᠂ ᠰᠠᠯᠠᠭ᠎ᠠ | ᠮᠥᠴᠢᠷ ᠤᠳ ᠤᠨ ᠥᠨᠳᠥᠷ ᠪᠦᠲᠦᠮᠵᠢᠲᠡᠶ ᠪᠠᠷ ᠬᠠᠮᠵᠢᠯᠴᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠠᠬᠢᠭᠤᠯᠵᠤ᠂ 110 ᠠᠴᠠ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ | ᠥᠭᠴᠦ᠂ ᠲᠤᠯᠭᠠᠮ᠎ᠠ ᠪᠥᠭᠡᠳ ᠠᠶᠤᠯ ᠲᠠᠢ ᠰᠡᠷᠡᠮᠵᠢ ᠶᠢᠨ ᠪᠠᠶᠢᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ᠂ | ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠨᠡᠩ ᠰᠠᠶᠢᠲᠤᠷ ᠬᠠᠮᠠᠭᠠᠯᠠᠬᠤ ᠶᠢᠨ ᠲᠤᠰᠠᠳᠠ ᠶᠤᠮ᠃ | ᠬᠤᠶᠠᠷ᠂ 12345 ᠬᠠᠯᠠᠮᠰᠢᠯ ᠤᠲᠠᠰᠤ ᠨᠢ ᠶᠠᠮᠠᠷ ᠬᠡᠷᠡᠭ ᠶᠠᠪᠤᠳᠠᠯ ᠢ ᠬᠠᠮᠢᠶᠠᠷᠳᠠᠭ ᠪᠤᠢ︖ 12345 | ᠬᠠᠯᠠᠮᠰᠢᠯ ᠤᠲᠠᠰᠤ ᠨᠢ ᠠᠵᠤ ᠠᠬᠤᠶᠢᠯᠠᠯ ᠪᠠ ᠣᠯᠠᠨ ᠲᠦᠮᠡᠨ ᠤ ᠠᠵᠤ ᠠᠬᠤᠢ ᠶᠢᠨ ᠲᠣᠬᠢᠷᠠᠭᠤᠯᠤᠯᠲᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠠᠰᠠᠭᠤᠨ ᠯᠠᠪᠯᠠᠭ᠎ᠠ᠂ ᠪᠠᠴᠢᠮ ᠪᠤᠰᠤ | ᠲᠤᠰᠠᠯᠠᠮᠵᠢ ᠭᠤᠶᠤᠴᠢᠯᠠᠯᠲᠠ᠂ ᠭᠤᠮᠣᠳᠠᠯ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠪᠠ ᠰᠠᠨᠠᠯ ᠰᠠᠨᠠᠭᠤᠯᠭ᠎ᠠ | ᠵᠡᠷᠭᠡ ᠶᠢ ᠭᠥᠯᠢᠶᠡᠨ ᠠᠪᠴᠤ ᠰᠢᠢᠳᠪᠦᠷᠢᠯᠡᠨ᠎ᠡ᠃ ᠵᠠᠭᠠᠯᠳᠤᠬᠤ᠂ ᠬᠥᠨᠳᠡᠯᠡᠨ ᠠᠴᠠ ᠲᠠᠰᠤᠯᠬᠤ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠵᠡᠷᠭᠡ ᠵᠢᠷᠤᠮ ᠢᠶᠠᠷ ᠰᠢᠢᠳᠪᠦᠷᠢᠯᠡᠬᠦ ᠵᠦᠢᠯᠡᠰ᠂ ᠨᠢᠭᠡᠨᠲᠡ ᠵᠠᠬᠢᠳᠠᠯ ᠰᠣᠷᠪᠤᠯᠵᠢᠯᠠᠭ᠎ᠠ ᠶᠢᠨ | ᠵᠠᠮ ᠳᠤ ᠣᠷᠣᠭᠰᠠᠨ ᠵᠦᠢᠯᠡᠰ ᠵᠢᠴᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ | ᠨᠢᠭᠤᠴᠠ ᠪᠠ ᠨᠡᠶᠢᠭᠡᠮ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠵᠥᠷᠢᠴᠡᠭᠰᠡᠨ ᠵᠦᠢᠯᠡᠰ | ᠵᠡᠷᠭᠡ ᠨᠢ 12345 ᠬᠠᠯᠠᠮᠰᠢᠯ ᠤᠲᠠᠰᠤᠨ ᠤ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ | ᠃ ᠵᠠᠭᠠᠯᠳᠤᠬᠤ᠂ ᠬᠥᠨᠳᠡᠯᠡᠨ ᠠᠴᠠ ᠲᠠᠰᠤᠯᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ | ᠵᠢᠷᠤᠮ ᠢᠶᠠᠷ ᠰᠢᠢᠳᠪᠦᠷᠢᠯᠡᠬᠦ ᠵᠦᠢᠯᠡᠰ᠂ ᠨᠢᠭᠡᠨᠲᠡ ᠵᠠᠬᠢᠳᠠᠯ ᠰᠣᠷᠪᠤᠯᠵᠢᠯᠠᠭ᠎ᠠ ᠶᠢᠨ ᠵᠠᠮ ᠳᠤ ᠣᠷᠣᠭᠰᠠᠨ ᠵᠦᠢᠯᠡᠰ | ᠵᠢᠴᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠪᠠ ᠨᠡᠶᠢᠭᠡᠮ | ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠵᠥᠷᠢᠴᠡᠭᠰᠡᠨ ᠵᠦᠢᠯᠡᠰ ᠵᠡᠷᠭᠡ ᠨᠢ 12345 | ᠬᠠᠯᠠᠮᠰᠢᠯ ᠤᠲᠠᠰᠤᠨ ᠤ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ᠃ | ᠭᠤᠷᠪᠠ᠂ 110 ᠨᠢ ᠶᠠᠮᠠᠷ ᠬᠡᠷᠡᠭ ᠶᠠᠪᠤᠳᠠᠯ ᠢ ᠬᠠᠮᠢᠶᠠᠷᠳᠠᠭ ᠪᠤᠢ︖ ᠡᠷᠡᠭᠦᠦ ᠶᠢᠨ ᠬᠡᠷᠡᠭ ᠤᠨ | ᠲᠦᠷᠦᠯ ᠤᠨ ᠰᠡᠷᠡᠮᠵᠢ ᠶᠢᠨ ᠪᠠᠶᠢᠳᠠᠯ᠂ ᠠᠮᠤᠷ ᠢ ᠬᠠᠮᠠᠭᠠᠯᠠᠬᠤ ᠲᠦᠷᠦᠯ ᠤᠨ ᠰᠡᠷᠡᠮᠵᠢ ᠶᠢᠨ ᠪᠠᠶᠢᠳᠠᠯ᠂ ᠵᠠᠮ | ᠬᠠᠷᠢᠯᠴᠠᠭᠠᠨ ᠤ ᠲᠦᠷᠦᠯ ᠤᠨ ᠰᠡᠷᠡᠮᠵᠢ ᠶᠢᠨ ᠪᠠᠶᠢᠳᠠᠯ᠂ ᠬᠥᠮᠥᠨ ᠤ ᠪᠡᠶ᠎ᠡ ᠪᠠ ᠡᠳ᠋ ᠬᠥᠷᠥᠩᠭᠡ ᠶᠢᠨ ᠠᠮᠤᠷ | ᠲᠦᠪᠰᠢᠨ ᠪᠤᠶᠤ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠳᠤ ᠠᠶᠤᠯ ᠬᠥᠨᠥᠭᠡᠯ ᠤᠴᠠᠷᠠᠭᠤᠯᠤᠭᠰᠠᠨ ᠣᠯᠠᠨ | ᠨᠠᠶᠢᠳᠠ ᠶᠢᠨ ᠴᠢᠨᠠᠷᠲᠠᠢ ᠬᠡᠷᠡᠭ ᠵᠢᠴᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠢᠳᠪᠦᠷᠢᠯᠡᠬᠦ ᠴᠢᠬᠤᠯᠠᠲᠠᠢ ᠪᠤᠰᠤᠳ ᠴᠠᠭᠳᠠᠭ᠎ᠠ ᠳᠤ | ᠮᠡᠳᠡᠭᠦᠯᠦᠭᠰᠡᠨ ᠬᠡᠷᠡᠭ︔ ᠤᠯᠠᠨ ᠨᠡᠶᠢᠲᠡ ᠶᠢᠨ ᠪᠡᠯᠡᠳᠬᠡᠮᠵᠢ ᠶᠢᠨ ᠲᠦᠭᠰᠢᠭᠦᠷᠢᠲᠦ ᠪᠠᠶᠢᠳᠠᠯ᠂ ᠭᠠᠢ ᠭᠠᠮᠰᠢᠭ | ᠠ᠊ᠨᠳᠡᠯ ᠵᠢᠴᠢ ᠬᠥᠮᠥᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ | ᠲᠦᠪᠰᠢᠨ ᠳᠤ ᠠᠶᠤᠯ ᠬᠥᠨᠥᠭᠡᠯ ᠤᠴᠠᠷᠠᠭᠤᠯᠤᠭᠰᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠣᠷᠣᠯᠴᠠᠵᠤ | ᠰᠢᠢᠳᠪᠦᠷᠢᠯᠡᠬᠦ ᠴᠢᠬᠤᠯᠠᠲᠠᠢ ᠪᠤᠰᠤᠳ ᠪᠠᠴᠢᠮ ᠲᠤᠰᠠᠯᠠᠮᠵᠢ ᠭᠤᠶᠤᠴᠢᠯᠠᠯᠲᠠ︔ ᠶᠠᠭ ᠡᠭᠦᠰᠴᠦ ᠪᠠᠶᠢᠭ᠎ᠠ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠬᠠᠤᠯᠢ ᠰᠠᠬᠢᠯᠭ᠎ᠠ ᠶᠢ ᠵᠥᠷᠢᠴᠡᠭᠰᠡᠨ | ᠪᠤᠶᠤ ᠬᠠᠷᠢᠭᠤᠴᠠᠯᠭ᠎ᠠ ᠠᠯᠳᠠᠭᠰᠠᠨ ᠠᠵᠢᠯᠯᠠᠭ᠎ᠠ ᠶᠢᠨ ᠲᠤᠬᠠᠢ ᠵᠠᠭᠠᠯᠳᠤᠯᠭ᠎ᠠ᠃ | ᠳᠥᠷᠪᠡ᠂ 12345 ᠪᠣᠯᠣᠨ 110 ᠬᠡᠷᠬᠢᠨ ᠬᠤᠯᠪᠤᠭᠠᠯᠠᠨ ᠬᠥᠳᠡᠯᠦᠯᠴᠡᠬᠦ ᠪᠤᠢ︖ 12345 ᠨᠢ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠯᠪᠣᠭᠳᠠᠭᠰᠠᠨ ᠭᠤᠮᠣᠳᠠᠯ ᠵᠠᠭᠠᠯᠳᠤᠯᠭ᠎ᠠ ᠶᠢᠨ ᠵᠦᠢᠯᠡᠰ ᠪᠤᠶᠤ | ᠪᠠᠴᠢᠮ ᠲᠤᠰᠠᠯᠠᠮᠵᠢ ᠭᠤᠶᠤᠴᠢᠯᠠᠯᠲᠠ ᠶᠢ ᠭᠥᠯᠢᠶᠡᠨ ᠠᠪᠴᠤ᠂ 110 ᠨᠢ ᠵᠠᠰᠠᠭ ᠤᠨ ᠶᠠᠪᠤᠳᠠᠯ ᠤᠨ | ᠦᠢᠯᠡᠴᠢᠯᠡᠭᠡ ᠳᠤ ᠬᠤᠯᠪᠣᠭᠳᠠᠭᠰᠠᠨ ᠭᠤᠮᠣᠳᠠᠯ ᠵᠠᠭᠠᠯᠳᠤᠯᠭ᠎ᠠ ᠶᠢ ᠭᠥᠯᠢᠶᠡᠨ ᠠᠪᠴᠤ᠂ ᠬᠤᠯᠪᠤᠭᠠᠯᠠᠨ ᠬᠥᠳᠡᠯᠦᠯᠴᠡᠬᠦ | ᠠᠵᠢᠯᠯᠠᠭᠠᠨ ᠤ ᠲᠣᠭᠲᠠᠴᠠ ᠶᠢ ᠡᠬᠢᠯᠡᠭᠦᠯᠵᠦ᠂ ᠨᠢᠭᠡ ᠲᠣᠪᠴᠢ ᠪᠠᠷ ᠳᠠᠮᠵᠢᠭᠤᠯᠤᠨ ᠵᠠᠯᠭᠠᠬᠤ᠂ ᠭᠤᠷᠪᠠᠨ ᠲᠠᠯ᠎ᠠ ︵ | ᠭᠤᠮᠣᠳᠠᠯ ᠵᠠᠭᠠᠯᠳᠤᠯᠭ᠎ᠠ ᠢᠷᠡᠭᠦᠯᠦᠭᠰᠡᠨ ᠲᠠᠯ᠎ᠠ᠂ 110᠂ 12345︶ ᠤᠲᠠᠰᠤ ᠪᠠᠷ ᠬᠤᠯᠪᠣᠭᠳᠠᠬᠤ᠂ ᠲᠤᠰᠬᠠᠢ | ᠰᠠᠭᠤᠳᠠᠯ ᠢᠶᠠᠷ ᠬᠤᠯᠪᠤᠭᠠᠯᠠᠨ ᠬᠥᠳᠡᠯᠦᠯᠴᠡᠬᠦ᠂ ᠰᠢᠰᠲ᠋ᠧᠮ ᠢᠶᠠᠷ ᠮᠡᠳᠡᠭᠡᠯᠡᠯ ᠬᠦᠷᠭᠡᠬᠦ ᠵᠡᠷᠭᠡ ᠬᠡᠯᠪᠡᠷᠢ ᠪᠠᠷ | ᠭᠦᠢᠴᠡᠳᠬᠡᠨ᠎ᠡ᠃ | ᠲᠠᠪᠤ᠂ 12345 ᠨᠢ ᠠᠵᠤ ᠠᠬᠤᠶᠢᠯᠠᠯ ᠪᠠ ᠤᠯᠠᠨ ᠲᠦᠮᠡᠨ ᠳᠤ ᠬᠡᠷᠬᠢᠨ ᠨᠡᠩ ᠰᠠᠶᠢᠨ ᠦᠢᠯᠡᠴᠢᠯᠡᠬᠦ ᠪᠤᠢ︖ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ | ᠨᠡᠶᠢᠯᠡᠭᠦᠯᠦᠨ ᠨᠢᠭᠡᠳᠬᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠣᠰ ᠳ᠋ᠤᠭᠠᠷ ᠢ ᠵᠡᠷᠭᠡ ᠪᠠᠷ | ᠬᠡᠷᠡᠭᠯᠡᠬᠦ᠂ ᠬᠤᠪᠢᠶᠠᠷᠢ ᠲᠥᠪ ᠪᠠᠶᠢᠭᠤᠯᠬᠤ ᠬᠡᠯᠪᠡᠷᠢ ᠪᠠᠷ ᠨᠡᠶᠢᠯᠡᠭᠦᠯᠦᠨ ᠨᠢᠭᠡᠳᠬᠡᠬᠦ ᠶᠢ ᠨᠢᠭᠡᠨᠲᠡ ᠪᠡᠶᠡᠯᠡᠭᠦᠯᠦᠭᠰᠡᠨ | ᠪᠣᠯᠪᠠᠴᠤ ᠤᠲᠠᠰᠤᠨ ᠤ ᠦᠢᠯᠡᠴᠢᠯᠡᠭᠡᠨ ᠤ ᠰᠠᠭᠤᠳᠠᠯ ᠢ ᠦᠯᠡᠳᠡᠭᠡᠭᠰᠡᠭᠡᠷ ᠪᠠᠶᠢᠭ᠎ᠠ ᠬᠠᠯᠠᠮᠰᠢᠯ ᠤᠲᠠᠰᠤ ᠶᠢᠨ ᠨᠣᠮᠧᠷ᠂ | ︽7 × 24 × 24 ᠴᠠᠭ︾ ᠬᠥᠮᠥᠨ ᠤ ᠬᠦᠴᠦᠨ ᠤ ᠦᠢᠯᠡᠴᠢᠯᠡᠭᠡᠨ ᠤ ᠴᠢᠳᠠᠪᠤᠷᠢ ᠦᠭᠡᠢ ᠪᠤᠶᠤ ᠬᠥᠮᠥᠨ ᠤ | ᠬᠦᠴᠦᠨ ᠤ ᠬᠤᠯᠪᠣᠭᠳᠠᠬᠤ ᠨᠣᠷᠮ᠎ᠠ ᠨᠢ 60% ᠠᠴᠠ ᠳᠣᠣᠷ᠎ᠠ ᠪᠠᠶᠢᠪᠠᠯ᠂ ᠤᠲᠠᠰᠤᠨ ᠤ ᠦᠢᠯᠡᠴᠢᠯᠡᠭᠡᠨ ᠤ | ᠰᠠᠭᠤᠳᠠᠯ ᠢ 12345 ᠳᠤ ᠨᠡᠶᠢᠯᠡᠭᠦᠯᠵᠦ ᠨᠢᠭᠡᠳᠦᠯᠲᠡᠢ ᠬᠠᠮᠢᠶᠠᠷᠤᠨ᠎ᠠ᠃ 12345 ᠲᠠᠪᠴᠠᠩ ᠬᠢᠭᠡᠳ ᠰᠠᠯᠠᠭ᠎ᠠ | ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠮᠡᠳᠡᠭᠡ | ᠵᠠᠩᠭᠢ ᠶᠢ ᠴᠠᠭ ᠲᠤᠬᠠᠢ ᠳᠤ ᠨᠢ ᠪᠥᠬᠦ ᠬᠡᠮᠵᠢᠶ᠎ᠡ ᠪᠠᠷ ᠬᠠᠮᠲᠤ ᠪᠠᠷ ᠬᠦᠷᠲᠡᠬᠦ ᠶᠢ ᠪᠡᠶᠡᠯᠡᠭᠦᠯᠦᠨ᠎ᠡ᠃ 12345 ᠨᠢ | ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠪᠠ ᠣᠯᠠᠨ ᠲᠦᠮᠡᠨ ᠤ ᠥᠨᠳᠥᠷ ᠳᠠᠪᠲᠠᠮᠵᠢᠲᠤ ᠠᠰᠠᠭᠤᠨ | ᠯᠠᠪᠯᠠᠭ᠎ᠠ ᠶᠢᠨ ᠲᠥᠷᠥᠯ ᠤᠨ ᠠᠰᠠᠭᠤᠳᠠᠯ ᠢ ᠬᠤᠷᠢᠶᠠᠩᠭᠤᠶᠢᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠰᠠᠨᠠᠭᠠᠴᠢᠯᠠᠭ᠎ᠠ ᠠᠴᠠ ᠪᠠᠨ ᠮᠡᠳᠡᠭᠡ ᠵᠠᠩᠭᠢ ᠪᠠᠨ ᠨᠡᠶᠢᠲᠡᠯᠡᠬᠦ ᠶᠢ ᠱᠠᠭᠠᠷᠳᠠᠵᠤ᠂ 12345 ᠠᠵᠢᠯ ᠤᠨ | ᠬᠠᠭᠤᠳᠠᠰᠤ ᠶᠢ ᠳᠠᠭᠠᠭᠠᠨ ᠭᠦᠢᠴᠡᠳᠬᠡᠬᠦ ᠨᠢᠭᠡᠴᠢ ᠶᠢᠨ ᠠᠵᠢᠯ ᠢᠶᠠᠨ ᠭᠦᠢᠴᠡᠳᠬᠡᠬᠦ ᠶᠢ ᠰᠢᠮᠳᠠᠭᠤᠯᠤᠨ ᠪᠠᠶᠢᠴᠠᠭᠠᠵᠤ | ᠬᠢᠨᠠᠨ ᠰᠢᠯᠭᠠᠬᠤ ᠶᠢ ᠴᠢᠩᠭᠠᠳᠬᠠᠵᠤ᠂ ᠭᠦᠢᠴᠡᠳᠬᠡᠭᠰᠡᠨ ᠪᠠᠶᠢᠳᠠᠯ ᠢ ᠴᠠᠭ ᠲᠤᠬᠠᠢ ᠳᠤ ᠨᠢ ᠢᠯᠡ ᠪᠣᠯᠭᠠᠨ᠂ | ᠴᠤᠤᠷᠢᠶᠠᠲᠤᠨ ᠳᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ ᠪᠠ ᠬᠠᠨᠤᠮᠵᠢᠲᠠᠶ ᠪᠠᠶᠢᠬᠤ ᠨᠣᠷᠮ᠎ᠠ ᠶᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠨ ᠱᠠᠭᠠᠷᠳᠠᠭᠰᠠᠨ ᠵᠦᠢᠯᠡᠰ ᠢ | ᠠᠮᠵᠢᠯᠲᠠ ᠲᠠᠢ᠂ ᠲᠦᠷᠭᠡᠨ᠂ ᠰᠠᠶᠢᠨ ᠭᠦᠢᠴᠡᠳᠬᠡᠬᠦ ᠶᠢ ᠪᠠᠲᠤᠯᠠᠬᠤ ᠬᠡᠷᠡᠭᠲᠡᠢ᠃ | ᠵᠢᠷᠭᠤᠭ᠎ᠠ᠂ 110 ᠨᠢ ᠴᠠᠭᠳᠠᠭᠠᠨ ᠤ ᠰᠢᠢᠳᠪᠦᠷᠢᠯᠡᠬᠦ ᠬᠡᠷᠡᠭ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ | ᠠᠵᠢᠯ ᠤᠨ ᠦᠷ᠎ᠡ ᠪᠦᠲᠦᠮᠵᠢ ᠶᠢ ᠬᠡᠷᠬᠢᠨ ᠳᠡᠭᠡᠭᠰᠢᠯᠡᠭᠦᠯᠬᠦ ᠪᠣᠶ︖ ᠡᠯ᠎ᠡ ᠭᠠᠵᠠᠷ ᠤᠨ ᠬᠢᠨ ᠲᠤᠰ ᠭᠠᠵᠠᠷ | ᠣᠷᠣᠨ ᠤ ᠪᠠᠨ 110 ᠴᠠᠭᠳᠠᠭ᠎ᠠ ᠳᠤ ᠮᠡᠳᠡᠭᠦᠯᠬᠦ ᠬᠡᠷᠡᠭ ᠤᠨ ᠭᠥᠯᠢᠶᠡᠨ ᠠᠪᠬᠤ ᠬᠡᠮᠵᠢᠶ᠎ᠡ ᠶᠢ ᠦᠨᠳᠦᠰᠦᠯᠡᠨ᠂ | ᠭᠥᠯᠢᠶᠡᠨ ᠠᠪᠬᠤ ᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ᠂ ᠭᠥᠯᠢᠶᠡᠨ ᠠᠪᠬᠤ | ᠠᠵᠢᠯᠲᠠᠨ ᠪᠣᠯᠣᠨ ᠲᠣᠬᠢᠷᠠᠭᠤᠯᠤᠨ ᠵᠢᠯᠤᠭᠤᠳᠬᠤ ᠴᠠᠭᠳᠠᠭ᠎ᠠ ᠶᠢ ᠪᠦᠷᠢᠨ ᠭᠦᠢᠴᠡᠳ ᠪᠥᠭᠡᠳ ᠪᠦᠲᠦᠮᠵᠢᠲᠡᠢ | ᠲᠣᠬᠢᠷᠠᠭᠤᠯᠵᠤ᠂ ᠲᠥᠬᠦᠭᠡᠷᠦᠮᠵᠢ ᠪᠣᠯᠣᠨ ᠰᠢᠰᠲ᠋ᠧᠮ ᠤᠨ ᠪᠠᠲᠤᠯᠠᠭ᠎ᠠ ᠶᠢ ᠴᠢᠩᠭᠠᠳᠬᠠᠨ᠂ 110 ᠤᠨ ︽ᠠᠮᠢ | ᠨᠠᠰᠤᠨ ᠤ ᠤᠲᠠᠰᠤ︾ ᠶᠢᠨ ᠪᠦᠬᠦᠯᠢ ᠡᠳᠦᠷ ᠤᠨ ᠲᠤᠷᠰᠢ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠬᠠᠮᠲᠤ | ᠢᠨᠲ᠋ᠧᠷ ᠰᠦᠯᠵᠢᠶ᠎ᠡ ᠪᠠᠷ ᠴᠠᠭᠳᠠᠭ᠎ᠠ ᠳᠤ ᠮᠡᠳᠡᠭᠦᠯᠬᠦ ᠠᠷᠭ᠎ᠠ ᠵᠠᠮ ᠢ ᠥᠷᠭᠡᠳᠬᠡᠵᠦ᠂ ᠠᠵᠤ ᠠᠬᠤᠶᠢᠯᠠᠯ ᠪᠣᠯᠣᠨ | ᠣᠯᠠᠨ ᠲᠦᠮᠡᠨ ᠤ ᠬᠡᠷᠡᠭᠴᠡᠭᠡ ᠶᠢ ᠬᠠᠩᠭᠠᠨ᠎ᠠ᠃ ᠡᠯ᠎ᠡ ᠴᠠᠭᠳᠠᠭᠠᠨ ᠲᠥᠷᠥᠯ ᠪᠠ ᠵᠢᠩᠬᠢᠨᠢ ᠪᠠᠶᠢᠯᠳᠤᠭᠠᠨ ᠤ | ᠨᠢᠭᠡᠴᠢ ᠶᠢ 110 ᠭᠥᠯᠢᠶᠡᠨ ᠠᠪᠴᠤ ᠰᠢᠢᠳᠪᠦᠷᠢᠯᠡᠬᠦ ᠠᠵᠢᠯ ᠲᠠᠢ ᠬᠠᠷᠢᠯᠴᠠᠨ ᠵᠣᠯᠭᠠᠭᠤᠯᠤᠨ ᠲᠦᠷᠭᠡᠨ | ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠵᠤ᠂ ᠡᠮᠦᠨ᠎ᠡ ᠹᠷᠣᠨᠲ ᠤᠨ ᠴᠠᠭᠳᠠᠭᠠᠨ ᠤ ᠰᠢᠢᠳᠪᠦᠷᠢᠯᠡᠬᠦ | ᠠᠵᠢᠯ ᠤᠨ ᠲᠤᠭ᠎ᠠ ᠪᠠᠷᠢᠮᠲᠠ ᠶᠢᠨ ᠴᠢᠳᠠᠪᠤᠷᠢ ᠣᠯᠭᠤᠬᠤ ᠪᠠ ᠠᠷᠤ ᠲᠠᠯ᠎ᠠ ᠶᠢᠨ ᠲᠤᠯᠭᠠᠭᠤᠷᠢᠯᠠᠯ ᠢ ᠴᠢᠩᠭᠠᠳᠬᠠᠨ᠂ | ᠤᠷᠢᠳᠴᠢᠯᠠᠨ ᠰᠡᠷᠭᠡᠶᠢᠯᠡᠬᠦ ᠴᠠᠭᠳᠠᠭᠠᠨ ᠤ ᠶᠠᠪᠤᠳᠠᠯ ᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ᠂ ᠴᠠᠭᠳᠠᠭᠠᠨ ᠤ | ᠰᠢᠢᠳᠪᠦᠷᠢᠯᠡᠬᠦ ᠬᠡᠷᠡᠭ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠦᠢᠯᠡᠳᠦᠯ ᠴᠢᠳᠠᠮᠵᠢ ᠶᠢ | ᠪᠦᠲᠦᠮᠵᠢᠲᠡᠶ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ 12345 ᠪᠣᠯᠣᠨ 110 ᠨᠢ ᠬᠠᠮᠲᠤᠷᠠᠨ ᠡᠷᠬᠡ | ᠰᠦᠷᠲᠦ ᠣᠨᠣᠪᠴᠢᠲᠠᠶ᠂ ᠪᠠᠷᠢᠮᠵᠢᠶ᠎ᠠ ᠨᠢ ᠨᠢᠭᠡᠳᠦᠯᠲᠡᠢ᠂ ᠴᠠᠭ ᠲᠤᠬᠠᠢ ᠳᠤ ᠨᠢ ᠰᠢᠨᠡᠳᠬᠡᠬᠦ᠂ ᠬᠠᠮᠲᠤ ᠪᠠᠷ | ᠪᠠᠶᠢᠭᠤᠯᠵᠤ ᠬᠠᠮᠲᠤ ᠪᠠᠷ ᠬᠦᠷᠲᠡᠬᠦ ᠮᠡᠳᠡᠯᠭᠡ ᠶᠢᠨ ᠬᠥᠮᠥᠷᠭᠡ ᠶᠢ ᠪᠠᠶᠢᠭᠤᠯᠵᠤ᠂ ᠥᠨᠳᠥᠷ ᠳᠠᠪᠲᠠᠮᠵᠢᠲᠤ ᠠᠰᠠᠭᠤᠳᠠᠯ | ᠪᠠ ᠥᠨᠳᠥᠷ ᠳᠠᠪᠲᠠᠮᠵᠢᠲᠤ ᠰᠢᠯᠵᠢᠭᠦᠯᠦᠨ ᠭᠦᠢᠴᠡᠳᠬᠡᠬᠦ ᠵᠦᠢᠯᠡᠰ ᠲᠤ ︽ᠨᠢᠭᠡ ᠠᠰᠠᠭᠤᠯᠲᠠ ᠳᠤ ᠨᠢᠭᠡ | ᠬᠠᠷᠢᠭᠤᠯᠲᠠ ᠥᠭᠬᠦ︾ ᠪᠠᠷᠢᠮᠵᠢᠶ᠎ᠠ ᠶᠢ ᠲᠣᠭᠲᠠᠭᠠᠵᠤ᠂ ︽ᠠᠰᠠᠭᠤᠭᠰᠠᠨ ᠳᠠᠷᠤᠢ ᠳᠤ ᠨᠢ ᠬᠠᠷᠢᠭᠤᠯᠬᠤ︾ ᠶᠢ | ᠢᠳᠡᠪᠬᠢᠲᠡᠢ ᠬᠡᠷᠡᠭᠵᠢᠭᠦᠯᠦᠨ᠎ᠡ᠃ | ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ |