| ᠨᠡᠶᠢᠲᠡᠯᠡᠭᠰᠡᠨ ᠴᠠᠭ᠄ 2023/2/17 | | | ᠲᠦᠩᠯᠢᠶᠣᠣ ᠬᠤᠲᠠ ᠶᠢ ᠤᠤᠯ ᠳᠤ ᠪᠠᠨ ᠵᠢᠷᠢᠮ ᠤᠨ ᠴᠢᠭᠤᠯᠭᠠᠨ ᠭᠡᠳᠡᠭ᠂ ᠵᠢᠷᠢᠮ ᠤᠨ ᠴᠢᠭᠤᠯᠭᠠᠨ ᠤ | ᠪᠠᠶᠢᠭᠤᠯᠤᠮᠵᠢ ᠨᠢ ᠴᠢᠩ ᠤᠯᠤᠰ ᠤᠨ ᠡᠬᠢᠨ ᠤ ᠦᠶ᠎ᠡ ᠠᠴᠠ ᠡᠬᠢᠯᠡᠵᠤ᠂ ᠲᠡᠭᠦᠨ ᠤ ᠨᠤᠲᠤᠭ ᠳᠡᠪᠢᠰᠬᠡᠷ ᠨᠢ | ᠤᠮᠠᠷᠠᠰᠢ ᠰᠤᠶᠤᠷᠬᠠᠵᠢ ᠠᠭᠤᠯᠠ ᠠᠴᠠ ᠡᠮᠦᠨᠡᠰᠢᠬᠢ ᠲᠤᠭᠤᠷ ᠤᠨ ᠭᠤᠣᠯ᠂ ᠨᠤᠨ ᠮᠥᠷᠡᠨ ᠤ ᠰᠠᠪᠠ ᠭᠠᠵᠠᠷ ᠠᠴᠠ | ᠡᠬᠢᠯᠡᠵᠦ᠂ ᠡᠮᠦᠨᠡᠰᠢ ᠤᠬᠤᠨ᠎ᠠ ᠠᠭᠤᠯᠠ ᠶᠢᠨ ᠵᠠᠬ᠎ᠠ ᠳᠠᠬᠢ ᠵᠡᠭᠦᠨ ᠪᠠᠷᠠᠭᠤᠨ ᠯᠣᠤᠬ᠎ᠠ ᠶᠢᠨ ᠭᠤᠣᠯ ᠤᠨ ᠰᠠᠪᠠ | ᠭᠠᠵᠠᠷ ᠪᠠ ᠶᠠᠩᠰᠢᠪ ᠭᠤᠣᠯ ᠬᠦᠷᠴᠦ᠂ ᠪᠠᠷᠠᠭᠤᠨᠰᠢ ᠪᠠᠨ ᠤᠬᠤᠨ᠎ᠠ ᠠᠭᠤᠯᠠ ᠠᠴᠠ ᠡᠬᠢᠯᠡᠵᠦ᠂ ᠵᠡᠭᠦᠨᠰᠢ ᠰᠤᠩᠭᠠᠷᠢ | ᠮᠥᠷᠡᠨ᠂ ᠢᠳᠤᠨ ᠭᠤᠣᠯ ᠬᠦᠷᠴᠦ ᠪᠠᠶᠢᠪᠠ᠃ | ᠴᠦᠨ ᠴᠢᠦ ᠪᠠᠶᠢᠯᠳᠤᠭᠠᠨᠲᠤ ᠤᠯᠤᠰ ᠤᠨ ᠦᠶ᠎ᠡ ︵ᠪᠠᠷᠤᠭ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ | 771 ᠣᠨ ᠠᠴᠠ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 476 ᠣᠨ ᠬᠦᠷᠲᠡᠯ᠎ᠡ︶ ᠳᠤ᠂ ᠠᠳᠡ ᠳ᠋ᠥᠩᠬᠤ᠂ | ᠱᠢ ᠸᠧᠢ ᠵᠡᠷᠭᠡ ᠨᠡᠭᠦᠳᠡᠯᠴᠢ ᠠᠶᠢᠮᠠᠭ ᠰᠠᠭᠤᠵᠤ ᠪᠠᠶᠢᠪᠠ᠃ | ᠪᠠᠶᠢᠯᠳᠤᠭᠠᠨᠲᠤ ᠤᠯᠤᠰ ᠤᠨ ᠦᠶ᠎ᠡ ᠳᠤ᠂ ᠶᠠᠨ ᠤᠯᠤᠰ ᠤᠨ ᠣᠷᠳᠣ ᠴᠠᠭᠠᠨ ᠬᠡᠷᠡᠮ ᠠᠴᠠ ᠡᠮᠦᠨᠡᠰᠢ ᠶᠠᠨ | ᠤᠯᠤᠰ ᠤᠨ ᠯᠢᠶᠣᠤᠳᠦ᠋ᠩ ᠵᠢᠶᠦ᠋ᠨ ᠪᠠ ᠯᠢᠶᠤᠤᠰᠢ ᠵᠢᠶᠦ᠋ᠨ ᠳᠤ ᠬᠠᠷᠢᠶᠠᠯᠠᠭᠳᠠᠵᠤ ᠪᠠᠶᠢᠪᠠ᠃ | ᠴᠢᠨ ᠤᠯᠤᠰ ᠤᠨ ᠦᠶ᠎ᠡ ᠳᠤ᠂ ᠵᠡᠭᠦᠨ᠂ ᠪᠠᠷᠠᠭᠤᠨ ᠯᠣᠤᠬ᠎ᠠ ᠶᠢᠨ ᠭᠤᠣᠯ ᠤᠨ ᠬᠠᠪᠢ ᠪᠠᠷ ᠯᠢᠶᠣᠤᠳᠦ᠋ᠩ | ᠵᠢᠶᠦ᠋ᠨ ᠪᠠ ᠯᠢᠶᠤᠤᠰᠢ ᠵᠢᠶᠦ᠋ᠨ ᠳᠤ ᠬᠠᠷᠢᠶᠠᠯᠠᠭᠳᠠᠵᠤ᠂ ᠨᠤᠨ ᠮᠥᠷᠡᠨ ᠤ ᠰᠠᠪᠠ ᠭᠠᠵᠠᠷ ᠲᠤ ᠮᠥᠨ ᠯᠡ | ᠳ᠋ᠦᠩᠬᠤᠴᠤᠳ ᠮᠠᠯᠵᠢᠵᠤ ᠪᠠᠶᠢᠪᠠ᠃ | ᠪᠠᠷᠠᠭᠤᠨ ᠬᠠᠨ ᠤᠯᠤᠰ ᠤᠨ ᠦᠶ᠎ᠡ ᠳᠤ᠂ ᠨᠤᠨ ᠮᠥᠷᠡᠨ ᠤ ᠰᠠᠪᠠ ᠭᠠᠵᠠᠷ ᠪᠠ ᠵᠡᠭᠦᠨ᠂ ᠪᠠᠷᠠᠭᠤᠨ | ᠯᠣᠤᠬ᠎ᠠ ᠶᠢᠨ ᠭᠤᠣᠯ ᠤᠨ ᠰᠠᠪᠠ ᠭᠠᠵᠠᠷ ᠢᠶᠠᠷ ᠨᠡᠭᠦᠳᠡᠯᠯᠡᠨ ᠮᠠᠯᠵᠢᠵᠤ ᠪᠠᠶᠢᠭᠰᠠᠨ ᠨᠢ ᠭᠤᠣᠯᠳᠠᠭᠤ | ᠳ᠋ᠦᠩᠬᠤᠴᠤᠳ ᠤᠨ ᠬᠤᠶᠢᠴᠢᠰ ᠰᠢᠶᠠᠨᠪᠢᠴᠤᠳ ᠪᠠ ᠦᠬᠤᠸᠠᠨ ᠬᠦᠮᠦᠨ ᠪᠠᠶᠢᠵᠤ᠂ ᠵᠡᠭᠦᠨ᠂ ᠪᠠᠷᠠᠭᠤᠨ | ᠯᠣᠤᠬ᠎ᠠ ᠶᠢᠨ ᠭᠤᠣᠯ ᠠᠴᠠ ᠡᠮᠦᠨᠡᠰᠢᠬᠢ ᠬᠡᠰᠡᠭ ᠭᠠᠵᠠᠷ ᠣᠷᠣᠨ ᠨᠢ ᠰᠢᠤᠸᠠᠨ ᠲᠤ ᠵᠢᠶᠦ᠋ᠨ᠂ ᠯᠢᠶᠣᠤᠳᠦ᠋ᠩ ᠵᠢᠶᠦ᠋ᠨ | ᠂ ᠯᠢᠶᠤᠤᠰᠢ ᠵᠢᠶᠦ᠋ᠨ ᠳᠤ ᠬᠠᠷᠢᠶᠠᠯᠠᠭᠳᠠᠵᠤ ᠪᠠᠶᠢᠪᠠ᠃ | ᠵᠡᠭᠦᠨ ᠬᠠᠨ ᠤᠯᠤᠰ ᠤᠨ ᠦᠶ᠎ᠡ ᠳᠤ ᠨᠤᠨ ᠮᠥᠷᠡᠨ ᠤ ᠰᠠᠪᠠ ᠭᠠᠵᠠᠷ ᠨᠢ ᠹᠦ᠋ ᠢᠦᠢ ᠳᠤ ᠬᠠᠷᠢᠶᠠᠯᠠᠭᠳᠠᠵᠤ᠂ | ᠶᠠᠨ ᠤᠯᠤᠰ ᠤᠨ ᠤᠷᠲᠤ ᠴᠠᠭᠠᠨ ᠬᠡᠷᠡᠮ ᠠᠴᠠ ᠡᠮᠦᠨᠡᠰᠢ ᠵᠡᠭᠦᠨ ᠬᠠᠨ ᠤᠯᠤᠰ ᠤᠨ ᠯᠢᠶᠣᠤᠳᠦ᠋ᠩ ᠵᠢᠶᠦ᠋ᠨ᠂ | ᠯᠢᠶᠤᠤᠰᠢ ᠵᠢᠶᠦ᠋ᠨ ᠳᠤ ᠬᠠᠷᠢᠶᠠᠯᠠᠭᠳᠠᠵᠤ ᠪᠠᠶᠢᠪᠠ᠃ ᠭᠤᠷᠪᠠᠨ ᠤᠯᠤᠰ ᠤᠨ ᠦᠶ᠎ᠡ ᠳᠤ᠂ ᠰᠢᠶᠠᠨᠪᠢᠴᠤᠳ ᠶᠡᠭᠡ | ᠬᠡᠪᠴᠢᠶ᠎ᠡ ᠪᠠᠷ ᠳᠣᠲᠣᠭᠰᠢ ᠨᠡᠭᠦᠳᠡᠯᠯᠡᠵᠦ᠂ ᠵᠡᠭᠦᠨ᠂ ᠪᠠᠷᠠᠭᠤᠨ ᠯᠣᠤᠬ᠎ᠠ ᠶᠢᠨ ᠭᠤᠣᠯ ᠤᠨ ᠰᠠᠪᠠ ᠭᠠᠵᠠᠷ ᠨᠢ ᠵᠡᠭᠦᠨ | ᠬᠡᠰᠡᠭ ᠤᠨ ᠰᠢᠶᠡᠨᠪᠢ ᠶᠢᠨ ᠮᠦ ᠷᠦᠩ ᠠᠶᠢᠮᠠᠭ ᠲᠤ ᠬᠠᠷᠢᠶᠠᠯᠠᠭᠳᠠᠵᠤ ᠪᠠᠶᠢᠪᠠ᠃ | ᠪᠠᠷᠠᠭᠤᠨ ᠶᠢᠨ ᠤᠯᠤᠰ ᠤᠨ ᠦᠶ᠎ᠡ ᠳᠤ᠂ ᠨᠤᠨ ᠮᠥᠷᠡᠨ ᠤ ᠰᠠᠪᠠ ᠭᠠᠵᠠᠷ ᠨᠢ ᠹᠦ᠋ ᠢᠦᠢ ᠤᠯᠤᠰ ᠤᠨ | ᠬᠠᠷᠢᠶᠠᠲᠤ ᠭᠠᠵᠠᠷ ᠪᠣᠯᠪᠠ᠃ ᠵᠡᠭᠦᠨ ᠶᠢᠨ ᠠᠷᠪᠠᠨ ᠵᠢᠷᠭᠤᠭᠠᠨ ᠤᠯᠤᠰ ᠤᠨ ᠦᠶ᠎ᠡ ᠳᠤ᠂ ᠶᠠᠨ ᠤᠯᠤᠰ ᠤᠨ ᠸᠠᠩ ᠮᠦ | ᠷᠦᠩ ᠤᠨ ᠰᠦᠷ ᠬᠦᠴᠦᠨ ᠨᠢ ᠵᠡᠭᠦᠨ᠂ ᠪᠠᠷᠠᠭᠤᠨ ᠯᠣᠤᠬ᠎ᠠ ᠶᠢᠨ ᠭᠤᠣᠯ ᠤᠨ ᠰᠠᠪᠠ ᠭᠠᠵᠠᠷ ᠲᠤ ᠬᠦᠷᠦᠭᠰᠡᠨ | ᠪᠠᠶᠢᠨ᠎ᠠ᠃ ᠤᠮᠠᠷᠠᠲᠤ ᠬᠡᠰᠡᠭ ᠨᠢ ᠬᠢᠳᠠᠨ ᠳᠤ ᠬᠠᠷᠢᠶᠠᠯᠠᠭᠳᠠᠵᠤ ᠪᠠᠶᠢᠪᠠ᠃ ᠡᠮᠦᠨᠡᠲᠦ ᠤᠮᠠᠷᠠᠲᠤ ᠲᠥᠷᠥ ᠠᠴᠠ ᠰᠦᠢ | ᠤᠯᠤᠰ ᠲᠠᠩ ᠤᠯᠤᠰ ᠤᠨ ᠦᠶ᠎ᠡ ᠬᠦᠷᠲᠡᠯ᠎ᠡ᠂ ᠤᠮᠠᠷᠠᠲᠤ ᠬᠡᠰᠡᠭ ᠨᠢ ᠬᠢᠳᠠᠨ ᠳᠤ ᠬᠠᠷᠢᠶᠠᠯᠠᠭᠳᠠᠵᠤ᠂ ᠡᠮᠦᠨᠡᠲᠦ | ᠬᠡᠰᠡᠭ ᠨᠢ ᠱᠢ ᠸᠧᠢ ᠳᠤ ᠬᠠᠷᠢᠶᠠᠯᠠᠭᠳᠠᠵᠤ ᠪᠠᠶᠢᠪᠠ᠃ | ᠲᠠᠩ ᠤᠯᠤᠰ ᠤᠨ ᠦᠶ᠎ᠡ ᠳᠤ᠂ ᠬᠢᠳᠠᠨ ᠤ ᠭᠠᠵᠠᠷ ᠲᠤ ᠷᠣᠣ ᠯᠧ ᠳ᠋ᠥᠳᠥ᠋ ᠹᠦ᠋ ᠶᠢ ᠪᠠᠶᠢᠭᠤᠯᠵᠤ᠂ ᠰᠡᠭᠦᠯᠡᠷ ᠨᠢ | ᠰᠦᠩ ᠮᠦᠸᠧ ᠳ᠋ᠥᠳᠥ᠋ ᠹᠦ᠋ ᠪᠣᠯᠭᠠᠪᠠ︔ ᠱᠢ ᠸᠧᠢ ᠶᠢᠨ ᠨᠤᠲᠤᠭ ᠲᠤ ᠱᠢ ᠸᠧᠢ ᠳ᠋ᠥᠳᠥ᠋ ᠹᠦ᠋ ᠶᠢ ᠪᠠᠶᠢᠭᠤᠯᠵᠠᠢ᠃ | ᠲᠠᠩ ᠤᠯᠤᠰ ᠤᠨ ᠰᠡᠭᠦᠯᠴᠢ ᠪᠠᠷ᠂ ᠨᠤᠨ ᠮᠥᠷᠡᠨ ᠤ ᠰᠠᠪᠠ ᠭᠠᠵᠠᠷ ᠤᠨ ᠬᠡᠰᠡᠭ ᠭᠠᠵᠠᠷ ᠣᠷᠣᠨ ᠢ ᠪᠦᠸᠧᠬᠠᠢ ᠹᠦ᠋ | ᠢᠤᠢ ᠹᠦ᠋ ᠳᠤ ᠬᠠᠷᠢᠶᠠᠯᠠᠭᠤᠯᠪᠠ᠃ ᠯᠢᠶᠣᠤ ᠤᠯᠤᠰ ᠤᠨ ᠦᠶ᠎ᠡ ᠳᠤ᠂ ᠨᠤᠨ ᠮᠥᠷᠡᠨ ᠤ ᠰᠠᠪᠠ ᠭᠠᠵᠠᠷ ᠪᠠ ᠵᠡᠭᠦᠨ᠂ | ᠪᠠᠷᠠᠭᠤᠨ ᠯᠣᠤᠬ᠎ᠠ ᠶᠢᠨ ᠭᠤᠣᠯ ᠤᠨ ᠰᠠᠪᠠ ᠭᠠᠵᠠᠷ ᠨᠢ ᠱᠠᠩ ᠵᠢᠩ ᠳ᠋ᠣᠣ ᠪᠠ ᠳ᠋ᠦᠩ ᠵᠢᠩ ᠳ᠋ᠣᠣ ᠤᠨ ᠬᠠᠷᠢᠶᠠᠨ ᠳᠤ | ᠪᠠᠶᠢᠪᠠ᠃ | ᠠᠯᠲᠠᠨ ᠤᠯᠤᠰ ᠤᠨ ᠦᠶ᠎ᠡ ᠳᠤ᠂ ᠨᠤᠨ ᠮᠥᠷᠡᠨ ᠤ ᠰᠠᠪᠠ ᠭᠠᠵᠠᠷ ᠪᠠ ᠵᠡᠭᠦᠨ᠂ ᠪᠠᠷᠠᠭᠤᠨ ᠯᠣᠤᠬ᠎ᠠ ᠶᠢᠨ | ᠭᠤᠣᠯ ᠤᠨ ᠰᠠᠪᠠ ᠭᠠᠵᠠᠷ ᠨᠢ ᠱᠠᠩ ᠵᠢᠩ ᠯᠦ ᠶᠢᠨ ᠯᠢᠨ ᠬᠤᠸᠠᠩ ᠹᠦ᠋ ᠵᠢᠴᠢ ᠵᠡᠭᠦᠨ ᠬᠤᠶᠢᠲᠤ ᠴᠦᠯᠭᠡ ᠶᠢᠨ | ᠢᠯᠪᠢᠨ ᠲᠤᠬᠤᠨᠢᠭᠤᠯᠬᠤ ᠵᠣᠣ ᠲᠣᠣ ᠰᠧ᠂ ᠰᠢᠶᠠᠨ ᠫᠢᠩ ᠯᠦ ᠶᠢᠨ ᠰᠢᠶᠠᠨ ᠫᠢᠩ ᠹᠦ᠋ ᠳᠤ ᠬᠠᠷᠢᠶᠠᠯᠠᠭᠳᠠᠵᠤ ᠪᠠᠶᠢᠪᠠ | ᠃ ᠶᠤᠸᠠᠨ ᠤᠯᠤᠰ ᠤᠨ ᠦᠶ᠎ᠡ ᠳᠤ᠂ ᠨᠤᠨ ᠮᠥᠷᠡᠨ ᠤ ᠰᠠᠪᠠ ᠭᠠᠵᠠᠷ ᠪᠠ ᠵᠡᠭᠦᠨ᠂ ᠪᠠᠷᠠᠭᠤᠨ ᠯᠣᠤᠬ᠎ᠠ ᠶᠢᠨ | ᠭᠤᠣᠯ ᠤᠨ ᠰᠠᠪᠠ ᠭᠠᠵᠠᠷ ᠨᠢ ᠯᠢᠶᠤᠤᠶᠠᠩ ᠮᠤᠵᠢ ᠶᠢᠨ ᠺᠠᠢ ᠶᠤᠸᠠᠨ ᠵᠠᠮ᠂ ᠲᠥᠪ ᠮᠤᠵᠢ ᠶᠢᠨ ᠲᠠᠶᠢᠨᠢᠩ ᠵᠠᠮ ᠪᠠ | ᠨᠢᠩᠴᠠᠩ ᠵᠠᠮ ᠳᠤ ᠬᠠᠷᠢᠶᠠᠯᠠᠭᠳᠠᠵᠤ ᠪᠠᠶᠢᠪᠠ᠃ | ᠮᠢᠩ ᠤᠯᠤᠰ ᠤᠨ ᠦᠶ᠎ᠡ ᠳᠤ᠂ ᠨᠤᠨ ᠮᠥᠷᠡᠨ ᠤ ᠰᠠᠪᠠ ᠭᠠᠵᠠᠷ ᠪᠠ ᠵᠡᠭᠦᠨ᠂ ᠪᠠᠷᠠᠭᠤᠨ ᠯᠣᠤᠬ᠎ᠠ ᠶᠢᠨ | ᠭᠤᠣᠯ ᠤᠨ ᠰᠠᠪᠠ ᠭᠠᠵᠠᠷ ᠤᠷᠢᠶᠠᠩᠬᠠᠢ ᠶᠢᠨ ᠭᠤᠷᠪᠠᠨ ᠬᠠᠷᠠᠭᠤᠯ ︵ᠲᠤᠶᠤᠨ ᠬᠠᠷᠠᠭᠤᠯ᠂ ᠹᠦ᠋ ᠢᠦᠢ ᠬᠠᠷᠠᠭᠤᠯ᠂ | ᠲᠠᠶᠢᠨᠢᠩ ᠬᠠᠷᠠᠭᠤᠯ︶ ᠳᠤ ᠬᠠᠷᠢᠶᠠᠯᠠᠭᠳᠠᠵᠤ᠂ ᠳ᠋ᠠᠨᠢᠩ ᠳ᠋ᠦ᠋ ᠰᠧ ᠶᠢᠨ ᠵᠠᠬᠢᠷᠭ᠎ᠠ ᠳᠤ ᠬᠠᠷᠢᠶᠠᠯᠠᠭᠳᠠᠵᠤ ᠪᠠᠶᠢᠪᠠ᠃ | ᠮᠢᠩ ᠴᠧᠩᠽᠦ ᠬᠠᠭᠠᠨ ᠤ ᠦᠶ᠎ᠡ ᠳᠤ᠂ ᠴᠢᠩᠭᠢᠰ ᠬᠠᠭᠠᠨ ᠤ ᠲᠥᠷᠥᠭᠰᠡᠨ ᠳᠡᠭᠦᠦ ᠬᠠᠪᠤᠲᠤ ᠬᠠᠰᠠᠷ ᠤᠨ ᠬᠤᠶᠢᠴᠢ | ᠦᠶ᠎ᠡ ᠪᠣᠯᠬᠤ ᠭᠥᠶᠥᠮᠥ᠋ᠩᠬᠡ ᠲᠠᠰᠬᠠᠷ᠎ᠠ ᠶᠢᠨ ᠠᠶᠢᠮᠠᠭ ᠤᠨ ᠬᠢᠨ ᠨᠤᠨ ᠮᠥᠷᠡᠨ ᠤ ᠰᠠᠪᠠ ᠭᠠᠵᠠᠷ ᠢᠶᠠᠷ ᠨᠡᠭᠦᠳᠡᠯᠯᠡᠨ | ᠮᠠᠯᠵᠢᠵᠤ᠂ ᠨᠤᠨ ᠬᠤᠷᠴᠢᠨ ᠬᠡᠮᠡᠨ ᠨᠡᠷᠡᠯᠡᠵᠦ ᠪᠠᠶᠢᠭᠰᠠᠨ ᠪᠦᠭᠡᠳ ᠮᠠᠰᠢ ᠲᠦᠷᠭᠡᠨ ᠢᠶᠠᠷ ᠤᠷᠢᠶᠠᠩᠬᠠᠢ ᠶᠢᠨ ᠭᠤᠷᠪᠠᠨ | ᠬᠠᠷᠠᠭᠤᠯ ᠤᠨ ᠭᠠᠵᠠᠷ ᠢ ᠡᠷᠬᠡᠰᠢᠶᠡᠯ ᠳᠡᠭᠡᠨ ᠣᠷᠣᠭᠤᠯᠤᠭᠰᠠᠨ ᠪᠠᠶᠢᠨ᠎ᠠ᠃ | ᠬᠤᠶᠢᠲᠤ ᠠᠯᠲᠠᠨ ᠤᠯᠤᠰ ᠤᠨ ᠲᠡᠭᠷᠢ ᠶᠢᠨ ᠪᠤᠱᠤᠭᠲᠤ ᠶᠢᠨ ᠠᠷᠪᠠᠨ ᠨᠢᠭᠡᠳᠦᠭᠡᠷ ᠣᠨ ︵1626 ᠣᠨ︶ ᠳᠤ | ᠂ ᠭᠥᠶᠥᠮᠥ᠋ᠩᠬᠡ ᠲᠠᠰᠬᠠᠷ᠎ᠠ ᠶᠢᠨ ᠬᠤᠶᠢᠴᠢ ᠪᠣᠯᠬᠤ ᠣᠣᠪᠠ ᠬᠤᠷᠴᠢᠨ ᠠᠶᠢᠮᠠᠭ ᠢᠶᠠᠨ ᠳᠠᠭᠠᠭᠤᠯᠤᠨ ᠬᠤᠶᠢᠲᠤ | ᠠᠯᠲᠠᠨ ᠤᠯᠤᠰ ᠢ ᠳᠠᠭᠠᠪᠠ᠃ | ᠴᠢᠩ ᠤᠯᠤᠰ ᠤᠨ ᠳᠡᠭᠡᠳᠦ ᠡᠷᠳᠡᠮᠲᠦ ᠶᠢᠨ ᠲᠡᠷᠢᠭᠦᠨ ᠣᠨ ︵1636 ᠣᠨ︶ ᠳᠤ᠂ ᠬᠤᠷᠴᠢᠨ ᠠᠶᠢᠮᠠᠭ ᠲᠤ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ | ᠪᠠᠷᠠᠭᠤᠨ ᠭᠠᠷᠤᠨ ᠬᠤᠶᠢᠲᠤ ᠬᠤᠰᠢᠭᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ | ᠭᠠᠷᠤᠨ ᠡᠮᠦᠨᠡᠲᠦ ᠬᠤᠰᠢᠭᠤ ᠶᠢ ᠪᠠᠶᠢᠭᠤᠯᠵᠤ᠂ ᠭᠤᠷᠯᠣᠰ ᠠᠶᠢᠮᠠᠭ ᠲᠤ ᠭᠤᠷᠯᠣᠰ ᠬᠤᠰᠢᠭᠤ ᠶᠢ ᠪᠠᠶᠢᠭᠤᠯᠵᠠᠢ᠃ | ᠡᠶᠡᠪᠡᠷ ᠵᠠᠰᠠᠭᠴᠢ ᠶᠢᠨ ᠲᠠᠪᠤᠳᠤᠭᠠᠷ ᠣᠨ ︵1648 ᠣᠨ︶ ᠳᠤ᠂ ᠵᠠᠯᠠᠶᠢᠳ ᠠᠶᠢᠮᠠᠭ ᠲᠤ ᠵᠠᠯᠠᠶᠢᠳ | ᠬᠤᠰᠢᠭᠤ ᠶᠢ ᠪᠠᠶᠢᠭᠤᠯᠵᠤ᠂ ᠳᠥᠷᠪᠡᠳ ᠠᠶᠢᠮᠠᠭ ᠲᠤ ᠳᠥᠷᠪᠡᠳ ᠬᠤᠰᠢᠭᠤ ᠶᠢ ᠪᠠᠶᠢᠭᠤᠯᠵᠤ᠂ ᠭᠤᠷᠯᠣᠰ | ᠬᠤᠰᠢᠭᠤ ᠶᠢ ᠭᠤᠷᠯᠣᠰ ᠤᠨ ᠡᠮᠦᠨᠡᠲᠦ ᠬᠤᠰᠢᠭᠤ᠂ ᠭᠤᠷᠯᠣᠰ ᠤᠨ ᠬᠤᠶᠢᠲᠤ ᠬᠤᠰᠢᠭᠤ ᠭᠡᠵᠦ ᠬᠤᠪᠢᠶᠠᠵᠠᠢ᠃ | ᠡᠶᠡᠪᠡᠷ ᠵᠠᠰᠠᠭᠴᠢ ᠶᠢᠨ ᠳᠣᠯᠣᠳᠤᠭᠠᠷ ᠣᠨ ︵1650 ᠣᠨ︶ ᠳᠤ᠂ ᠬᠤᠷᠴᠢᠨ ᠠᠶᠢᠮᠠᠭ ᠲᠤ ᠬᠤᠷᠴᠢᠨ | ᠵᠡᠭᠦᠨ ᠭᠠᠷᠤᠨ ᠬᠤᠶᠢᠲᠤ ᠬᠤᠰᠢᠭᠤ ᠶᠢ ᠪᠠᠶᠢᠭᠤᠯᠵᠠᠢ᠃ ᠠᠳᠡ ᠬᠦᠷᠦᠭᠡᠳ ᠵᠢᠷᠢᠮ ᠤᠨ ᠴᠢᠭᠤᠯᠠᠭᠠᠨ 10 | ᠬᠤᠰᠢᠭᠤ ᠲᠠᠢ ᠪᠣᠯᠪᠠ᠃ ᠬᠤᠷᠴᠢᠨ 6 ᠬᠤᠰᠢᠭᠤ ᠨᠢ ᠮᠦᠭᠳᠡᠨ ︵ᠹᠧᠩᠲ᠋ᠢᠶᠠᠨ︶ ᠤ ᠵᠠᠩᠵᠤᠨ ᠤ ᠬᠢᠨᠠᠯᠲᠠ ᠪᠠ | ᠬᠠᠮᠢᠶᠠᠷᠤᠯ ᠢ ᠬᠦᠯᠢᠶᠡᠵᠦ᠂ ᠭᠤᠷᠯᠣᠰ ᠤᠨ ᠡᠮᠦᠨᠡᠲᠦ ᠬᠤᠰᠢᠭᠤ ᠨᠢ ᠭᠢᠷᠢᠨ ᠤ ᠵᠠᠩᠵᠤᠨ ᠤ ᠬᠢᠨᠠᠯᠲᠠ ᠪᠠ | ᠬᠠᠮᠢᠶᠠᠷᠤᠯ ᠢ ᠬᠦᠯᠢᠶᠡᠵᠦ᠂ ᠭᠤᠷᠯᠣᠰ ᠤᠨ ᠬᠤᠶᠢᠲᠤ ᠬᠤᠰᠢᠭᠤ᠂ ᠵᠠᠯᠠᠶᠢᠳ ᠬᠤᠰᠢᠭᠤ᠂ ᠳᠥᠷᠪᠡᠳ ᠬᠤᠰᠢᠭᠤ ᠨᠢ | ᠬᠠᠷᠠᠮᠥ᠋ᠷᠡᠨ ᠤ ᠵᠠᠩᠵᠤᠨ ᠤ ᠬᠢᠨᠠᠯᠲᠠ ᠪᠠ ᠬᠠᠮᠢᠶᠠᠷᠤᠯ ᠢ ᠬᠦᠯᠢᠶᠡᠬᠦ ᠪᠣᠯᠪᠠ᠃ ᠴᠢᠩ ᠤᠯᠤᠰ ᠤᠨ ᠰᠡᠭᠦᠯᠴᠢ ᠶᠢᠨ | ᠦᠶ᠎ᠡ ᠳᠤ᠂ ᠮᠣᠩᠭᠤᠯ ᠤᠨ ᠭᠠᠵᠠᠷ ᠢ ᠬᠠᠭᠠᠯᠪᠤᠷᠢᠯᠠᠬᠤ ᠶᠢᠨ ᠬᠠᠮᠲᠤ ᠵᠠᠭᠠᠭ ᠬᠤᠪᠢᠶᠠᠨ ᠵᠠᠰᠠᠵᠠᠢ᠃ | ᠰᠠᠶᠢᠰᠢᠶᠠᠯᠲᠤ ᠢᠷᠦᠭᠡᠯᠲᠦ ᠶᠢᠨ ᠲᠠᠪᠤᠳᠤᠭᠠᠷ ᠣᠨ ︵1800 ᠣᠨ︶ ᠳᠤ᠂ ᠭᠤᠷᠯᠣᠰ ᠤᠨ ᠡᠮᠦᠨᠡᠲᠦ | ᠬᠤᠰᠢᠭᠤᠨ ᠤ ᠴᠠᠩᠴᠦ᠋ᠨ ᠪᠦᠦ ᠳᠤ ᠴᠠᠩᠴᠦ᠋ᠨ ᠲᠢᠩᠬᠢᠮ ︵1825 ᠣᠨ ᠳᠤ ᠺᠤᠸᠠᠨᠴᠧᠩᠽᠢ ᠳᠤ ᠨᠡᠭᠦᠪᠡ︶ ᠢ | ᠪᠠᠶᠢᠭᠤᠯᠵᠠᠢ᠃ | ᠪᠠᠳᠠᠷᠠᠭᠤᠯᠲᠤ ᠲᠥᠷᠥ ᠶᠢᠨ ᠠᠷᠪᠠᠨ ᠲᠠᠪᠤᠳᠤᠭᠠᠷ ᠣᠨ ︵1889 ᠣᠨ︶ ᠳᠤ᠂ ᠲᠢᠩᠬᠢᠮ ᠢᠶᠠᠨ ᠹᠦ᠋ ᠪᠣᠯᠭᠠᠪᠠ | ᠃ 1913 ᠣᠨ ᠳᠤ ᠹᠦ᠋ ᠶᠢ ᠰᠢᠶᠠᠨ ᠭᠡᠵᠦ ᠥᠭᠡᠷᠡᠴᠢᠯᠡᠪᠡ᠃ | ᠰᠠᠶᠢᠰᠢᠶᠠᠯᠲᠤ ᠢᠷᠦᠭᠡᠯᠲᠦ ᠶᠢᠨ ᠨᠠᠶᠢᠮᠠᠳᠤᠭᠠᠷ ᠣᠨ ︵1803 ᠣᠨ︶ ᠳᠤ ᠬᠤᠷᠴᠢᠨ ᠵᠡᠭᠦᠨ ᠭᠠᠷᠤᠨ | ᠳᠤᠮᠳᠠᠳᠤ ᠬᠤᠰᠢᠭᠤᠨ ᠳᠤ ᠢᠷᠭᠡᠨ ᠢ ᠡᠯᠰᠡᠵᠦ ᠠᠲᠠᠷ ᠬᠠᠭᠠᠯᠪᠤᠷᠢᠯᠠᠨ ᠯᠢ ᠱᠤ᠋ ᠴᠧᠩ ︵ᠶᠡᠷᠦ ᠳᠡᠭᠡᠨ ᠮᠠᠶᠢᠮᠠᠢ ᠶᠢᠨ | ᠵᠡᠭᠡᠯᠢ ᠭᠡᠳᠡᠭ︶ ᠶᠢ ᠪᠠᠶᠢᠭᠤᠯᠵᠠᠢ᠃ | ᠲᠥᠷᠥ ᠬᠡᠷᠡᠯᠳᠦ ᠶᠢᠨ ᠲᠡᠷᠢᠭᠦᠨ ᠣᠨ ︵1821 ᠣᠨ︶ ᠳᠤ᠂ ᠬᠤᠪᠢᠶᠠᠨ ᠰᠡᠷᠭᠡᠶᠢᠯᠡᠬᠦ ᠬᠢᠨᠠᠭᠴᠢ ᠪᠣᠯᠭᠠᠨ | ᠥᠭᠡᠷᠡᠴᠢᠯᠡᠨ ᠪᠠᠶᠢᠭᠤᠯᠪᠠ᠃ ᠪᠠᠳᠠᠷᠠᠭᠤᠯᠲᠤ ᠲᠥᠷᠥ ᠶᠢᠨ ᠳᠥᠷᠪᠡᠳᠦᠭᠡᠷ ᠣᠨ ︵1878 ᠣᠨ︶ ᠳᠤ᠂ | ᠹᠸᠡᠭᠬᠤᠸᠠ ᠰᠢᠶᠠᠨ ᠤ ᠲᠥᠪ ᠭᠡᠵᠦ ᠥᠭᠡᠷᠡᠴᠢᠯᠡᠪᠡ᠃ 1914 ᠣᠨ ᠳᠤ ᠯᠢ ᠱᠤ᠋ ᠰᠢᠶᠠᠨ ᠭᠡᠵᠦ ᠬᠠᠯᠠᠪᠠ᠃ | ᠰᠠᠶᠢᠰᠢᠶᠠᠯᠲᠤ ᠢᠷᠦᠭᠡᠯᠲᠦ ᠶᠢᠨ ᠳᠣᠯᠣᠳᠤᠭᠠᠷ ᠣᠨ ︵1802 ᠣᠨ︶ ᠳᠤ᠂ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠴᠠᠩᠳᠤᠬᠤ ᠡᠷᠭᠢ ᠳᠤ ᠢᠷᠭᠡᠨ ᠡᠯᠰᠡᠵᠦ ᠠᠲᠠᠷ ᠬᠠᠭᠠᠯᠪᠤᠷᠢᠯᠠᠵᠠᠢ᠃ | ᠰᠠᠶᠢᠰᠢᠶᠠᠯᠲᠤ ᠢᠷᠦᠭᠡᠯᠲᠦ ᠶᠢᠨ ᠠᠷᠪᠠᠨ ᠨᠢᠭᠡᠳᠦᠭᠡᠷ ᠣᠨ ︵1806 ᠣᠨ︶ ᠳᠤ᠂ ᠴᠠᠩᠳᠤ ᠶᠢᠨ ᠬᠡᠷᠡᠭ | ᠡᠷᠬᠢᠯᠡᠬᠦ ᠨᠡᠶᠢᠯᠡᠨ ᠰᠢᠭᠦᠭᠴᠢ ᠲᠢᠩᠬᠢᠮ ᠢ ᠪᠠᠶᠢᠭᠤᠯᠵᠠᠢ᠃ ᠪᠦᠷᠢᠨᠲᠦ ᠵᠠᠰᠠᠭᠴᠢ ᠶᠢᠨ ᠬᠤᠶᠠᠳᠤᠭᠠᠷ ᠣᠨ ︵1863 | ᠣᠨ︶ ᠳᠤ᠂ ᠬᠢᠵᠠᠭᠠᠷ ᠤᠷᠤᠨ ᠤ ᠠᠷᠠᠳ ᠢ ᠢᠯᠪᠢᠬᠦ ᠬᠠᠮᠲᠤ ᠮᠡᠳᠡᠭᠴᠢ ᠪᠣᠯᠭᠠᠨ ᠥᠭᠡᠷᠡᠴᠢᠯᠡᠪᠡ᠃ | ᠪᠠᠳᠠᠷᠠᠭᠤᠯᠲᠤ ᠲᠥᠷᠥ ᠶᠢᠨ ᠬᠤᠶᠠᠳᠤᠭᠠᠷ ᠣᠨ ︵1876 ᠣᠨ︶ ᠳᠤ᠂ ᠴᠠᠩᠳᠤ ᠹᠦ᠋ ᠪᠣᠯᠭᠠᠪᠠ᠃ ᠲᠥᠷᠥ | ᠬᠡᠷᠡᠯᠳᠦ ᠶᠢᠨ ᠲᠡᠷᠢᠭᠦᠨ ᠣᠨ ︵1821 ᠣᠨ︶ ᠳᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠶᠢᠨ ᠪᠠ | ᠵᠢᠶᠠ ᠵᠧᠨ ᠳᠤ ᠢᠷᠭᠡᠨ ᠡᠯᠰᠡᠵᠦ ᠠᠲᠠᠷ ᠬᠠᠭᠠᠯᠪᠤᠷᠢᠯᠠᠵᠠᠢ᠃ | ᠪᠦᠷᠢᠨᠲᠦ ᠵᠠᠰᠠᠭᠴᠢ ᠶᠢᠨ ᠲᠠᠪᠤᠳᠤᠭᠠᠷ ᠣᠨ ︵1866 ᠣᠨ︶ ᠳᠤ᠂ ᠪᠠ ᠵᠢᠶᠠ ᠵᠧᠨ ᠢ ᠬᠢᠵᠠᠭᠠᠷ ᠤᠷᠤᠨ ᠤ | ᠠᠷᠠᠳ ᠢ ᠢᠯᠪᠢᠬᠦ ᠬᠡᠷᠡᠭ ᠮᠡᠳᠡᠭᠴᠢ ᠳᠤ ᠬᠠᠷᠢᠶᠠᠭᠳᠠᠭᠤᠯᠪᠠ᠃ | ᠪᠠᠳᠠᠷᠠᠭᠤᠯᠲᠤ ᠲᠥᠷᠥ ᠶᠢᠨ ᠭᠤᠷᠪᠠᠳᠤᠭᠠᠷ ᠣᠨ ︵1877 ᠣᠨ︶ ᠳᠤ᠂ ᠬᠤᠸᠠᠢ ᠳ᠋ᠧ ᠰᠢᠶᠠᠨ ᠭᠡᠵᠦ | ᠥᠭᠡᠷᠡᠴᠢᠯᠡᠪᠡ᠃ | ᠲᠥᠷᠥ ᠬᠡᠷᠡᠯᠳᠦ ᠶᠢᠨ ᠳᠣᠯᠣᠳᠤᠭᠠᠷ ᠣᠨ ︵1827 ᠣᠨ︶ ᠳᠤ᠂ ᠭᠤᠷᠯᠣᠰ ᠤᠨ ᠡᠮᠦᠨᠡᠲᠦ | ᠬᠤᠰᠢᠭᠤᠨ ᠳᠤ ᠯᠦᠩ ᠸᠠᠨ ᠰᠢᠶᠠᠩ ᠪᠠᠶᠢᠭᠤᠯᠵᠠᠢ᠃ | ᠪᠠᠳᠠᠷᠠᠭᠤᠯᠲᠤ ᠲᠥᠷᠥ ᠶᠢᠨ ᠨᠠᠶᠢᠮᠠᠳᠤᠭᠠᠷ ᠣᠨ ︵1882 ᠣᠨ︶ ᠳᠤ᠂ ᠯᠦᠩ ᠸᠠᠨ ᠰᠢᠶᠠᠩ ᠳᠤ ᠨᠥᠩ | ᠠᠨ ᠬᠤᠪᠢᠶᠠᠨ ᠰᠡᠷᠭᠡᠶᠢᠯᠡᠬᠦ ᠵᠣᠣ ᠮᠦᠸᠧ ᠪᠠᠶᠢᠭᠤᠯᠵᠠᠢ᠃ | ᠪᠠᠳᠠᠷᠠᠭᠤᠯᠲᠤ ᠲᠥᠷᠥ ᠶᠢᠨ ᠠᠷᠪᠠᠨ ᠲᠠᠪᠤᠳᠤᠭᠠᠷ ᠣᠨ ︵1889 ᠣᠨ︶ ᠳᠤ᠂ ᠨᠦᠩ ᠠᠨ ᠰᠢᠶᠠᠨ ᠭᠡᠵᠦ | ᠥᠭᠡᠷᠡᠴᠢᠯᠡᠪᠡ᠃ | ᠲᠦᠭᠡᠮᠡᠯ ᠡᠯᠪᠡᠭᠲᠦ ᠶᠢᠨ ᠲᠡᠷᠢᠭᠦᠨ ᠣᠨ ︵1851 ᠣᠨ︶ ᠳᠤ᠂ ᠬᠤᠷᠴᠢᠨ ᠵᠡᠭᠦᠨ ᠭᠠᠷᠤᠨ ᠳᠤᠮᠳᠠᠳᠤ | ᠬᠤᠰᠢᠭᠤ ᠵᠧᠩ ᠵᠢᠶᠠ ᠲᠦᠨ ᠳᠤ ᠠᠲᠠᠷ ᠬᠠᠭᠠᠯᠪᠤᠷᠢᠯᠠᠪᠠ᠃ | ᠪᠠᠳᠠᠷᠠᠭᠤᠯᠲᠤ ᠲᠥᠷᠥ ᠶᠢᠨ ᠵᠢᠷᠭᠤᠳᠤᠭᠠᠷ ᠣᠨ ︵1880 ᠣᠨ︶ ᠳᠤ᠂ ᠵᠧᠩ ᠵᠢᠶᠠ ᠲᠦᠨ ᠳᠤ ᠳᠠᠩᠰᠠ | ᠪᠠᠷᠢᠭᠴᠢ ᠲᠦᠰᠢᠮᠡᠯ ᠭᠠᠷᠭᠠᠵᠠᠢ᠃ | ᠪᠠᠳᠠᠷᠠᠭᠤᠯᠲᠤ ᠲᠥᠷᠥ ᠶᠢᠨ ᠬᠤᠷᠢᠨ ᠨᠠᠶᠢᠮᠠᠳᠤᠭᠠᠷ ᠣᠨ ︵1902 ᠣᠨ︶ ᠳᠤ᠂ ᠵᠧᠩ ᠵᠢᠶᠠ ᠲᠦᠨ ᠳᠤ | ᠯᠢᠶᠣᠤ ᠶᠤᠸᠠᠨ ᠵᠧᠦ ᠶᠢ ᠪᠠᠶᠢᠭᠤᠯᠵᠠᠢ᠃ 1913 ᠣᠨ ᠳᠤ᠂ ᠯᠢᠶᠣᠤ ᠶᠤᠸᠠᠨ ᠰᠢᠶᠠᠨ ᠭᠡᠵᠦ ᠥᠭᠡᠷᠡᠴᠢᠯᠡᠪᠡ᠃ | ᠪᠠᠳᠠᠷᠠᠭᠤᠯᠲᠤ ᠲᠥᠷᠥ ᠶᠢᠨ ᠵᠢᠷᠭᠤᠳᠤᠭᠠᠷ ᠣᠨ ︵1880 ᠣᠨ︶ ᠳᠤ᠂ ᠬᠤᠷᠴᠢᠨ ᠵᠡᠭᠦᠨ ᠭᠠᠷᠤᠨ ᠡᠮᠦᠨᠡᠲᠦ | ᠬᠤᠰᠢᠭᠤᠨ ᠤ ᠺᠠᠩ ᠵᠢᠶᠠ ᠲᠦᠨ ᠳᠤ ᠠᠲᠠᠷ ᠬᠠᠭᠠᠯᠪᠤᠷᠢᠯᠠᠪᠠ᠃ 1913 ᠣᠨ ᠳᠤ᠂ ᠺᠠᠩ ᠫᠢᠩ ᠰᠢᠶᠠᠨ ᠢ | ᠪᠠᠶᠢᠭᠤᠯᠵᠠᠢ᠃ | ᠪᠠᠳᠠᠷᠠᠭᠤᠯᠲᠤ ᠲᠥᠷᠥ ᠶᠢᠨ ᠬᠤᠷᠢᠨ ᠳᠥᠷᠪᠡᠳᠦᠭᠡᠷ ᠣᠨ ︵1898 ᠣᠨ︶ ᠳᠤ᠂ ᠬᠤᠷᠴᠢᠨ ᠵᠡᠭᠦᠨ ᠭᠠᠷᠤᠨ | ᠳᠤᠮᠳᠠᠳᠤ ᠬᠤᠰᠢᠭᠤᠨ ᠤ ᠵᠧᠤ ᠪᠢᠶᠠᠨ ᠲᠣᠰᠬᠤᠨ ᠳᠤ ᠰᠧ ᠫᠢᠩ ᠥᠷᠲᠡᠭᠡ ᠪᠠᠶᠢᠭᠤᠯᠵᠤ᠂ ᠴᠠᠩᠳᠤ ᠹᠦ᠋ ᠳᠤ | ᠬᠠᠷᠢᠶᠠᠯᠠᠭᠤᠯᠪᠠ᠃ ᠪᠠᠳᠠᠷᠠᠭᠤᠯᠲᠤ ᠲᠥᠷᠥ ᠶᠢᠨ ᠬᠤᠷᠢᠨ ᠨᠠᠶᠢᠮᠠᠳᠤᠭᠠᠷ ᠣᠨ ︵1902 ᠣᠨ︶ ᠳᠤ᠂ ᠬᠤᠷᠴᠢᠨ | ᠵᠡᠭᠦᠨ ᠭᠠᠷᠤᠨ ᠡᠮᠦᠨᠡᠲᠦ ᠬᠤᠰᠢᠭᠤ ᠵᠢᠴᠢ ᠲᠦᠮᠡᠳ ᠵᠡᠭᠦᠨ ᠬᠤᠰᠢᠭᠤᠨ ᠤ ᠠᠭᠤᠯᠵᠠᠷ ᠲᠠᠬᠢ ᠬᠦᠨᠳᠡᠯᠡᠨ ᠵᠠᠮ ᠳᠤ | ᠵᠠᠩ ᠦ᠋ ᠰᠢᠶᠠᠨ ᠢ ᠪᠠᠶᠢᠭᠤᠯᠵᠠᠢ᠃ | ᠪᠠᠳᠠᠷᠠᠭᠤᠯᠲᠤ ᠲᠥᠷᠥ ᠶᠢᠨ ᠭᠤᠴᠢᠳᠤᠭᠠᠷ ᠣᠨ ︵1904 ᠣᠨ︶ ᠳᠤ᠂ ᠵᠠᠯᠠᠶᠢᠳ ᠬᠤᠰᠢᠭᠤᠨ ᠤ | ᠮᠤᠷᠦ᠋ᠢᠬᠤ ᠲᠤᠪᠤ ᠳᠤ ᠲᠠᠷᠢᠶᠠᠴᠢ ᠲᠢᠩᠬᠢᠮ ᠢ ᠪᠠᠶᠢᠭᠤᠯᠵᠠᠢ᠃ 1913 ᠣᠨ ᠳᠤ᠂ ᠲᠢᠩᠬᠢᠮ ᠢ ᠰᠢᠶᠠᠨ ᠪᠣᠯᠭᠠᠨ | ᠥᠭᠡᠷᠡᠴᠢᠯᠡᠪᠡ᠃ | ᠪᠠᠳᠠᠷᠠᠭᠤᠯᠲᠤ ᠲᠥᠷᠥ ᠶᠢᠨ ᠭᠤᠴᠢᠳᠤᠭᠠᠷ ᠣᠨ ︵1904 ᠣᠨ︶ ᠳᠤ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠱᠤᠸᠠᠩ ᠯᠢᠦ ᠪᠠᠯᠭᠠᠰᠤᠨ ᠳᠤ ᠲᠤᠤ ᠨᠠᠨ ᠹᠦ᠋ ᠶᠢ ᠪᠠᠶᠢᠭᠤᠯᠵᠠᠢ᠃ 1913 ᠣᠨ ᠳᠤ | ᠹᠦ᠋ ᠶᠢ ᠰᠢᠶᠠᠨ ᠭᠡᠵᠦ ᠥᠭᠡᠷᠡᠴᠢᠯᠡᠪᠡ᠃ | ᠪᠠᠳᠠᠷᠠᠭᠤᠯᠲᠤ ᠲᠥᠷᠥ ᠶᠢᠨ ᠭᠤᠴᠢᠳᠤᠭᠠᠷ ᠣᠨ ︵1904 ᠣᠨ︶ ᠳᠤ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠲᠤᠭᠤᠷ ᠤᠨ ᠭᠤᠣᠯ ᠤᠨ ᠠᠷᠤ ᠳᠠᠬᠢ ᠴᠠᠭᠠᠨ ᠬᠤᠲᠠ ᠳᠤ ᠵᠢᠩ ᠠᠨ ᠰᠢᠶᠠᠨ ᠪᠠᠶᠢᠭᠤᠯᠵᠤ | ᠂ ᠲᠤᠯᠤᠭᠠᠨ ᠬᠤᠳᠳᠤᠭ ᠲᠤ ᠺᠠᠢ ᠲᠦᠩ ᠰᠢᠶᠠᠨ ᠪᠠᠶᠢᠭᠤᠯᠵᠠᠢ᠃ ᠪᠠᠳᠠᠷᠠᠭᠤᠯᠲᠤ ᠲᠥᠷᠥ ᠶᠢᠨ ᠭᠤᠴᠢᠨ ᠨᠢᠭᠡᠳᠦᠭᠡᠷ | ᠣᠨ ︵1905 ᠣᠨ︶ ᠳᠤ᠂ ᠬᠤᠷᠴᠢᠨ ᠪᠠᠷᠠᠭᠤᠨ ᠭᠠᠷᠤᠨ ᠬᠤᠶᠢᠲᠤ ᠬᠤᠰᠢᠭᠤᠨ ᠤ ᠲᠤᠭᠤᠷ ᠤᠨ ᠭᠤᠣᠯ ᠤᠨ | ᠡᠮᠦᠨᠡᠲᠦ ᠡᠷᠭᠢ ᠴᠢᠶᠠᠨ ᠵᠢᠶᠠ ᠸᠧᠥ᠋ᠫᠥ᠋ ᠳᠤ ᠠᠨ ᠭᠤᠸᠠᠩ ᠰᠢᠶᠠᠨ ᠪᠠᠶᠢᠭᠤᠯᠵᠠᠢ᠃ | ᠪᠠᠳᠠᠷᠠᠭᠤᠯᠲᠤ ᠲᠥᠷᠥ ᠶᠢᠨ ᠭᠤᠴᠢᠨ ᠬᠤᠶᠠᠳᠤᠭᠠᠷ ᠣᠨ ︵1906 ᠣᠨ︶ ᠳᠤ᠂ ᠭᠤᠷᠯᠣᠰ ᠤᠨ ᠬᠤᠶᠢᠲᠤ | ᠬᠤᠰᠢᠭᠤᠨ ᠳᠤ ᠵᠣᠣ ᠵᠧᠦ ᠰᠢᠭᠤᠳ ᠬᠠᠷᠢᠶ᠎ᠠ ᠲᠢᠩᠬᠢᠮ ᠪᠠᠶᠢᠭᠤᠯᠵᠤ᠂ 1913 ᠣᠨ ᠳᠤ ᠵᠣᠣ ᠵᠧᠦ ᠰᠢᠶᠠᠨ | ᠪᠣᠯᠭᠠᠨ ᠥᠭᠡᠷᠡᠴᠢᠯᠡᠪᠡ︔ ᠭᠤᠷᠯᠣᠰ ᠤᠨ ᠡᠮᠦᠨᠡᠲᠦ ᠬᠤᠰᠢᠭᠤᠨ ᠤ ᠮᠦ ᠳ᠋ᠧ᠂ ᠬᠤᠸᠠᠢ ᠳ᠋ᠧ ᠬᠤᠶᠠᠷ ᠰᠢᠶᠠᠩ ᠢ | ᠰᠠᠯᠭᠠᠨ ᠭᠠᠷᠭᠠᠵᠤ᠂ ᠳ᠋ᠧ ᠬᠤᠢ ᠰᠢᠶᠠᠨ ᠪᠠᠶᠢᠭᠤᠯᠪᠠ︔ ᠳᠥᠷᠪᠡᠳ ᠬᠤᠰᠢᠭᠤᠨ ᠳᠤ ᠠᠨ ᠳ᠋ᠠ ᠲᠢᠩᠬᠢᠮ ᠢ | ᠪᠠᠶᠢᠭᠤᠯᠵᠤ᠂ 1913 ᠣᠨ ᠳᠤ ᠠᠨ ᠳ᠋ᠠ ᠰᠢᠶᠠᠨ ᠪᠣᠯᠭᠠᠨ ᠥᠭᠡᠷᠡᠴᠢᠯᠡᠪᠡ︔ | ᠳᠥᠷᠪᠡᠳ ᠬᠤᠰᠢᠭᠤᠨ ᠤ ᠳ᠋ᠦᠩ ᠵᠢᠢ ᠵᠧᠨ ᠳᠤ ᠯᠢᠨ ᠳ᠋ᠢᠶᠠᠨ ᠰᠢᠶᠠᠨ ᠪᠠᠶᠢᠭᠤᠯᠪᠠ︔ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠳᠤ ᠯᠢ ᠴᠢᠦᠸᠠᠨ ᠵᠧᠨ ᠪᠠᠶᠢᠭᠤᠯᠵᠤ᠂ ᠬᠡᠪᠲᠦ ᠶᠣᠰᠣᠲᠤ ᠶᠢᠨ ᠲᠡᠷᠢᠭᠦᠨ ᠣᠨ ︵ | 1909 ᠣᠨ︶ ᠳᠤ ᠯᠢ ᠴᠢᠦᠸᠠᠨ ᠰᠢᠶᠠᠨ ᠪᠣᠯᠭᠠᠨ ᠥᠭᠡᠷᠡᠴᠢᠯᠡᠵᠦ᠂ 1914 ᠣᠨ ᠳᠤ ᠲᠦᠴᠢᠦᠸᠠᠨ ᠰᠢᠶᠠᠨ | ᠪᠣᠯᠭᠠᠨ ᠥᠭᠡᠷᠡᠴᠢᠯᠡᠵᠡᠢ᠃ ᠪᠠᠳᠠᠷᠠᠭᠤᠯᠲᠤ ᠲᠥᠷᠥ ᠶᠢᠨ ᠭᠤᠴᠢᠨ ᠭᠤᠷᠪᠠᠳᠤᠭᠠᠷ ᠣᠨ ︵1907 ᠣᠨ︶ ᠳᠤ᠂ | ᠭᠤᠷᠯᠣᠰ ᠤᠨ ᠡᠮᠦᠨᠡᠲᠦ ᠬᠤᠰᠢᠭᠤᠨ ᠳᠤ ᠴᠠᠩ ᠯᠢᠩ ᠰᠢᠶᠠᠨ ᠪᠠᠶᠢᠭᠤᠯᠵᠠᠢ᠃ | ᠪᠠᠳᠠᠷᠠᠭᠤᠯᠲᠤ ᠲᠥᠷᠥ ᠶᠢᠨ ᠭᠤᠴᠢᠨ ᠳᠥᠷᠪᠡᠳᠦᠭᠡᠷ ᠣᠨ ︵1908 ᠣᠨ︶ ᠳᠤ᠂ ᠬᠤᠷᠴᠢᠨ ᠪᠠᠷᠠᠭᠤᠨ | ᠭᠠᠷᠤᠨ ᠬᠤᠶᠢᠲᠤ ᠬᠤᠰᠢᠭᠤᠨ ᠤ ᠴᠠᠭᠠᠨᠨᠠᠭᠤᠷ ᠲᠤ ᠵᠧᠨ ᠳ᠋ᠦᠩ ᠵᠠᠰᠠᠬᠤ ᠲᠣᠪᠴᠢᠶ᠎ᠠ ᠪᠠᠶᠢᠭᠤᠯᠵᠤ᠂ ᠬᠡᠪᠲᠦ | ᠶᠣᠰᠣᠲᠤ ᠶᠢᠨ ᠬᠤᠶᠠᠳᠤᠭᠠᠷ ᠣᠨ ︵1910 ᠣᠨ︶ ᠳᠤ ᠵᠧᠨ ᠳ᠋ᠦᠩ ᠰᠢᠶᠠᠨ ᠪᠣᠯᠭᠠᠪᠠ᠃ 1913 ᠣᠨ ᠳᠤ᠂ | ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠰᠠᠬᠢᠶ᠎ᠠ ᠶᠢᠨ ᠰᠢᠨ᠎ᠡ ᠲᠠᠯ᠎ᠠ ᠶᠢᠨ ᠱᠤᠸᠠᠩ ᠱᠠᠨ ᠵᠧᠨ ᠳᠤ | ᠱᠤᠸᠠᠩ ᠱᠠᠨ ᠰᠢᠶᠠᠨ ᠪᠠᠶᠢᠭᠤᠯᠵᠤ᠂ 1940 ᠣᠨ ᠳᠤ ᠯᠢᠶᠣᠤ ᠶᠤᠸᠠᠨ ᠰᠢᠶᠠᠨ ᠲᠠᠢ ᠨᠡᠶᠢᠯᠡᠭᠦᠯᠦᠭᠡᠳ ᠱᠤᠸᠠᠩ | ᠯᠢᠶᠣᠤ ᠰᠢᠶᠠᠨ ᠪᠣᠯᠭᠠᠵᠠᠢ᠃ | 1914 ᠣᠨ ᠳᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠪᠠᠶᠢᠷᠢᠨ ᠲᠠᠷᠢᠶ᠎ᠠ ᠳᠤ ᠲᠦᠩᠯᠢᠶᠣᠣ | ᠪᠠᠯᠭᠠᠰᠤ ᠶᠢ ᠪᠠᠶᠢᠭᠤᠯᠵᠤ᠂ 1918 ᠣᠨ ᠳᠤ ᠲᠦᠩᠯᠢᠶᠣᠣ ᠰᠢᠶᠠᠨ ᠪᠣᠯᠭᠠᠨ ᠥᠭᠡᠷᠡᠴᠢᠯᠡᠪᠡ᠃ | 1915 ᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠪᠠᠶᠢᠭᠤᠯᠤᠭᠰᠠᠨ ᠯᠢ ᠴᠢᠦᠸᠠᠨ | ᠰᠢᠶᠠᠨ ᠠᠴᠠ ᠺᠠᠢ ᠬᠤᠸᠠ ᠰᠢᠶᠠᠨ ᠢ ᠰᠠᠯᠭᠠᠨ ᠭᠠᠷᠭᠠᠵᠤ᠂ 1917 ᠣᠨ ᠳᠤ ᠵᠠᠨ ᠢᠦᠢ ᠰᠢᠶᠠᠨ ᠭᠡᠵᠦ ᠬᠠᠯᠠᠵᠠᠢ᠃ | | 1928 ᠣᠨ ᠳᠤ᠂ ᠭᠤᠷᠯᠣᠰ ᠤᠨ ᠡᠮᠦᠨᠡᠲᠦ ᠬᠤᠰᠢᠭᠤᠨ ᠳᠤ ᠴᠢᠶᠠᠨ ᠠᠨ ᠰᠢᠶᠠᠨ ᠢ ᠪᠠᠶᠢᠭᠤᠯᠵᠠᠢ᠃ | 1932 ᠣᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ᠂ ᠬᠤᠷᠴᠢᠨ ᠪᠠᠷᠠᠭᠤᠨ ᠭᠠᠷᠤᠨ ᠬᠤᠶᠢᠲᠤ ᠬᠤᠰᠢᠭᠤ᠂ ᠬᠤᠷᠴᠢᠨ ᠵᠡᠭᠦᠨ ᠭᠠᠷᠤᠨ ᠡᠮᠦᠨᠡᠲᠦ ᠬᠤᠰᠢᠭᠤ᠂ | ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠵᠠᠯᠠᠶᠢᠳ | ᠬᠤᠰᠢᠭᠤ ᠬᠠᠭᠤᠷᠮᠠᠭ ᠬᠢᠩᠭᠠᠨ ᠮᠤᠵᠢ ᠶᠢᠨ ᠬᠢᠩᠭᠠᠨ ᠡᠮᠦᠨᠡᠲᠦ ᠬᠤᠪᠢᠶᠠᠷᠢ ᠮᠤᠵᠢ ᠳᠤ ᠬᠠᠷᠢᠶᠠᠯᠠᠭᠳᠠᠪᠠ᠃ | 1934 ᠣᠨ ᠳᠤ᠂ ᠬᠠᠭᠤᠷᠮᠠᠭ ᠬᠢᠩᠭᠠᠨ ᠡᠮᠦᠨᠡᠲᠦ ᠬᠤᠪᠢᠶᠠᠷᠢ ᠮᠤᠵᠢ ᠶᠢ ᠬᠢᠩᠭᠠᠨ ᠡᠮᠦᠨᠡᠲᠦ ᠮᠤᠵᠢ ᠪᠣᠯᠭᠠᠨ | ᠥᠭᠡᠷᠡᠴᠢᠯᠡᠵᠦ᠂ ᠮᠣᠩᠭᠤᠯ ᠤᠨ ᠵᠠᠰᠠᠭ ᠤᠨ ᠶᠠᠮᠤᠨ ᠳᠤ ᠬᠠᠮᠢᠶᠠᠷᠤᠭᠳᠠᠵᠤ᠂ ᠲᠥᠩᠯᠢᠶᠤᠥ ᠰᠢᠶᠠᠨ᠂ ᠬᠦᠷᠢᠶ᠎ᠡ | ᠬᠤᠰᠢᠭᠤ ᠶᠢ ᠬᠢᠩᠭᠠᠨ ᠡᠮᠦᠨᠡᠲᠦ ᠮᠤᠵᠢ ᠳᠤ ᠬᠠᠷᠢᠶᠠᠯᠠᠭᠤᠯᠵᠤ᠂ ᠭᠤᠷᠯᠣᠰ ᠡᠮᠦᠨᠡᠲᠦ ᠬᠤᠰᠢᠭᠤ ᠶᠢ ᠬᠢᠷᠢᠨ | ᠮᠤᠵᠢ ᠳᠤ ᠬᠠᠷᠢᠶᠠᠯᠠᠭᠤᠯᠵᠤ᠂ ᠭᠤᠷᠯᠣᠰ ᠬᠤᠶᠢᠲᠤ ᠬᠤᠰᠢᠭᠤ ᠶᠢ ᠪᠢᠨ ᠵᠢᠶᠠᠩ ᠮᠤᠵᠢ ᠳᠤ ᠬᠠᠷᠢᠶᠠᠯᠠᠭᠤᠯᠵᠤ᠂ | ᠳᠥᠷᠪᠡᠳ ᠬᠤᠰᠢᠭᠤ ᠶᠢ ᠬᠠᠷᠠᠮᠥ᠋ᠷᠡᠨ ᠮᠤᠵᠢ ᠳᠤ ᠬᠠᠷᠢᠶᠠᠯᠠᠭᠤᠯᠪᠠ᠃ | 1943 ᠣᠨ ᠳᠤ᠂ ᠬᠢᠩᠭᠠᠨ ᠡᠮᠦᠨᠡᠲᠦ ᠮᠤᠵᠢ ᠶᠢ ᠬᠢᠩᠭᠠᠨ ᠤ ᠡᠮᠦᠨᠡᠲᠦ ᠤᠷᠤᠨ ᠭᠡᠵᠦ ᠬᠠᠯᠠᠵᠤ᠂ ᠬᠢᠩᠭᠠᠨ ᠤ | ᠶᠡᠷᠦᠩᠬᠡᠢ ᠮᠤᠵᠢ ᠳᠤ ᠬᠠᠷᠢᠶᠠᠯᠠᠭᠤᠯᠪᠠ᠃ | 1945 ᠣᠨ ᠤ 10 ᠳ᠋ᠤᠭᠠᠷ ᠰᠠᠷ᠎ᠠ ᠳᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠷᠴᠢᠨ | ᠵᠡᠭᠦᠨ ᠭᠠᠷᠤᠨ ᠡᠮᠦᠨᠡᠲᠦ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠭᠤᠷᠪᠠᠨ ᠬᠤᠰᠢᠭᠤᠨ ᠤ | ᠬᠤᠯᠪᠤᠭᠠᠯᠠᠨ ᠠᠵᠢᠯ ᠡᠷᠬᠢᠯᠡᠬᠦ ᠭᠠᠵᠠᠷ ᠪᠠᠶᠢᠭᠤᠯᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠣᠤᠪᠸᠢ | ᠮᠤᠵᠢ ᠶᠢᠨ ᠬᠤᠷᠢᠶ᠎ᠠ ᠯᠢᠶᠣᠣ ᠶᠤᠸᠠᠨ ᠤ ᠲᠤᠰᠬᠠᠢ ᠵᠠᠬᠢᠷᠭ᠎ᠠ ᠶᠢ ᠲᠣᠮᠢᠯᠠᠵᠤ ᠲᠦᠩᠯᠢᠶᠣᠣ ᠰᠢᠶᠠᠨ ᠢ ᠵᠠᠯᠭᠠᠨ | ᠬᠠᠮᠢᠶᠠᠷᠤᠭᠤᠯᠪᠠ᠃ 12 ᠳ᠋ᠤᠭᠠᠷ ᠰᠠᠷ᠎ᠠ ᠳᠤ᠂ ᠬᠤᠷᠴᠢᠨ ᠵᠡᠭᠦᠨ ᠭᠠᠷᠤᠨ ᠭᠤᠷᠪᠠᠨ ᠬᠤᠰᠢᠭᠤ ᠨᠢ ᠬᠢᠩᠭᠠᠨ ᠤ | ᠡᠮᠦᠨᠡᠲᠦ ᠣᠷᠣᠨ ᠳᠤ ᠬᠠᠷᠢᠶᠠᠯᠠᠭᠳᠠᠪᠠ᠃ | 1946 ᠣᠨ ᠤ 1 ᠳ᠋ᠦ᠋ᠭᠡᠷ ᠰᠠᠷ᠎ᠠ ᠳᠤ᠂ ᠲᠦᠩᠯᠢᠶᠣᠣ᠂ ᠺᠠᠶᠢᠯᠤ ᠨᠢ ᠯᠢᠶᠤᠤᠰᠢ ᠮᠤᠵᠢ ᠳᠤ ᠬᠠᠮᠢᠶᠠᠷᠤᠭᠳᠠᠪᠠ᠃ | 4 ᠳ᠋ᠦ᠋ᠭᠡᠷ ᠰᠠᠷ᠎ᠠ ᠳᠤ᠂ ᠬᠢᠩᠭᠠᠨ ᠤ ᠡᠮᠦᠨᠡᠲᠦ ᠣᠷᠣᠨ ᠢ ᠬᠦᠴᠦᠨ ᠦᠭᠡᠢ ᠪᠣᠯᠭᠠᠵᠤ᠂ ᠵᠢᠷᠢᠮ ᠮᠤᠵᠢ ᠶᠢ | ᠪᠠᠶᠢᠭᠤᠯᠪᠠ᠃ 6 ᠳ᠋ᠤᠭᠠᠷ ᠰᠠᠷ᠎ᠠ ᠳᠤ᠂ ᠵᠢᠷᠢᠮ ᠮᠤᠵᠢ ᠶᠢ ᠵᠢᠷᠢᠮ ᠠᠶᠢᠮᠠᠭ ᠭᠡᠵᠦ ᠬᠠᠯᠠᠵᠤ᠂ ᠯᠢᠶᠤᠤᠵᠢ ᠮᠤᠵᠢ ᠠᠴᠠ | ᠣᠷᠣᠯᠠᠨ ᠬᠠᠮᠢᠶᠠᠷᠪᠠ᠃ 1947 ᠣᠨ ᠤ 5 ᠳ᠋ᠤᠭᠠᠷ ᠰᠠᠷ᠎ᠠ ᠳᠤ᠂ ᠵᠠᠷᠤᠳ ᠬᠤᠰᠢᠭᠤ ᠶᠢ ᠵᠢᠷᠢᠮ ᠠᠶᠢᠮᠠᠭ ᠲᠤ | ᠬᠤᠪᠢᠶᠠᠷᠢᠯᠠᠨ ᠣᠷᠣᠭᠤᠯᠪᠠ᠃ 1947 ᠣᠨ ᠤ 6 ᠳ᠋ᠤᠭᠠᠷ ᠰᠠᠷ᠎ᠠ ᠳᠤ᠂ ᠯᠢᠶᠤᠤᠵᠢ ᠮᠤᠵᠢ ᠶᠢ ᠯᠢᠶᠤᠤᠪᠸᠢ ᠮᠤᠵᠢ | ᠪᠣᠯᠭᠠᠨ ᠥᠭᠡᠷᠡᠴᠢᠯᠡᠵᠦ᠂ ᠵᠢᠷᠢᠮ ᠠᠶᠢᠮᠠᠭ ᠯᠢᠶᠤᠤᠪᠸᠢ ᠮᠤᠵᠢ ᠳᠤ ᠬᠠᠷᠢᠶᠠᠯᠠᠭᠳᠠᠪᠠ᠃ 1948 ᠣᠨ ᠤ 9 ᠳ᠋ᠦ᠋ᠭᠡᠷ | ᠰᠠᠷ᠎ᠠ ᠳᠤ᠂ ᠨᠠᠶᠢᠮᠠᠨ ᠬᠤᠰᠢᠭᠤ ᠪᠣᠯᠣᠨ ᠬᠦᠷᠢᠶ᠎ᠡ ᠬᠤᠰᠢᠭᠤ ᠶᠢ ᠵᠢᠷᠢᠮ ᠠᠶᠢᠮᠠᠭ ᠲᠤ ᠬᠠᠷᠢᠶᠠᠯᠠᠭᠤᠯᠪᠠ᠃ ᠡᠨᠡ | ᠦᠶ᠎ᠡ ᠳᠤ ᠵᠢᠷᠢᠮ ᠠᠶᠢᠮᠠᠭ ᠨᠢ ᠲᠦᠩᠯᠢᠶᠣᠣ ᠰᠢᠶᠠᠨ᠂ ᠺᠠᠶᠢᠯᠤ ᠰᠢᠶᠠᠨ᠂ ᠬᠤᠷᠴᠢᠨ ᠵᠡᠭᠦᠨ ᠭᠠᠷᠤᠨ ᠳᠤᠮᠳᠠᠳᠤ | ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠤᠷᠴᠢᠨ ᠵᠡᠭᠦᠨ ᠭᠠᠷᠤᠨ ᠡᠮᠦᠨᠡᠲᠦ ᠬᠤᠰᠢᠭᠤ᠂ | ᠵᠠᠷᠤᠳ ᠬᠤᠰᠢᠭᠤ᠂ ᠨᠠᠶᠢᠮᠠᠨ ᠬᠤᠰᠢᠭᠤ᠂ ᠬᠦᠷᠢᠶ᠎ᠡ ᠬᠤᠰᠢᠭᠤ ᠶᠢ ᠬᠠᠮᠢᠶᠠᠷᠴᠤ ᠪᠠᠶᠢᠪᠠ᠃ 1949 ᠣᠨ ᠤ 3 | ᠳ᠋ᠤᠭᠠᠷ ᠰᠠᠷ᠎ᠠ ᠳᠤ᠂ ᠬᠤᠷᠴᠢᠨ ᠵᠡᠭᠦᠨ ᠭᠠᠷᠤᠨ ᠡᠮᠦᠨᠡᠲᠦ ᠬᠤᠰᠢᠭᠤᠨ ᠤ ᠪᠠᠶᠢᠭᠤᠯᠤᠮᠵᠢ ᠶᠢᠨ ᠳᠦᠷᠢᠮ ᠢ ᠬᠦᠴᠦᠨ | ᠦᠭᠡᠢ ᠪᠣᠯᠭᠠᠵᠤ᠂ ᠬᠠᠷᠢᠶᠠᠲᠤ ᠣᠷᠣᠨ ᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠦᠷᠢᠶ᠎ᠡ ᠬᠤᠰᠢᠭᠤ᠂ | ᠵᠠᠩ ᠦ᠋ ᠰᠢᠶᠠᠨ ᠳᠤ ᠬᠤᠪᠢᠶᠠᠷᠢᠯᠠᠨ ᠣᠷᠣᠭᠤᠯᠪᠠ᠃ | 1949 ᠣᠨ ᠤ 4 ᠳ᠋ᠦ᠋ᠭᠡᠷ ᠰᠠᠷ᠎ᠠ ᠳᠤ᠂ ᠵᠢᠷᠢᠮ ᠠᠶᠢᠮᠠᠭ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠬᠠᠷᠢᠶᠠᠯᠠᠭᠤᠯᠪᠠ᠃ 1951 ᠣᠨ ᠤ 7 ᠳ᠋ᠤᠭᠠᠷ ᠰᠠᠷ᠎ᠠ ᠳᠤ᠂ ᠲᠦᠩᠯᠢᠶᠣᠣ ᠰᠢᠶᠠᠨ ᠤ ᠴᠧᠩ ᠭᠤᠸᠠᠨ | ᠲᠣᠭᠤᠷᠢᠭ ᠢ ᠰᠠᠯᠭᠠᠨ ᠲᠦᠩᠯᠢᠶᠣᠣ ᠬᠤᠲᠠ ᠪᠣᠯᠭᠠᠵᠤ᠂ ᠠᠶᠢᠮᠠᠭ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ | ᠪᠣᠯᠭᠠᠪᠠ᠃ 1953 ᠣᠨ ᠤ 3 ᠳ᠋ᠤᠭᠠᠷ ᠰᠠᠷ᠎ᠠ ᠳᠤ᠂ ᠵᠢᠷᠢᠮ ᠠᠶᠢᠮᠠᠭ ᠤᠨ ᠪᠠᠶᠢᠭᠤᠯᠤᠮᠵᠢ ᠶᠢᠨ ᠳᠦᠷᠢᠮ ᠢ | ᠬᠦᠴᠦᠨ ᠦᠭᠡᠢ ᠪᠣᠯᠭᠠᠵᠤ᠂ ᠬᠠᠷᠢᠶᠠᠨ ᠳᠠᠬᠢ ᠡᠯ᠎ᠡ ᠬᠤᠰᠢᠭᠤ ᠰᠢᠶᠠᠨ ᠬᠤᠳᠠ ᠶᠢ ᠥᠪᠥᠷ ᠮᠣᠩᠭᠤᠯ ᠤᠨ ᠵᠡᠭᠦᠨ | ᠬᠡᠰᠡᠭ ᠤᠨ ᠣᠷᠣᠨ ᠤ ᠵᠠᠬᠢᠷᠭ᠎ᠠ ᠳᠤ ᠬᠠᠷᠢᠶᠠᠯᠠᠭᠤᠯᠪᠠ᠃ | 1954 ᠣᠨ ᠤ 4 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠵᠡᠭᠦᠨ ᠬᠡᠰᠡᠭ ᠤᠨ ᠣᠷᠣᠨ ᠤ ᠵᠠᠬᠢᠷᠭ᠎ᠠ ᠶᠢ | ᠬᠦᠴᠦᠨ ᠦᠭᠡᠢ ᠪᠣᠯᠭᠠᠵᠤ᠂ ᠵᠢᠷᠢᠮ ᠠᠶᠢᠮᠠᠭ ᠤᠨ ᠪᠠᠶᠢᠭᠤᠯᠤᠮᠵᠢ ᠶᠢᠨ ᠲᠥᠷᠢᠮ ᠢ ᠰᠡᠷᠭᠦᠭᠡᠵᠦ᠂ ᠬᠠᠮᠢᠶᠠᠷᠤᠯᠲᠠ ᠶᠢᠨ | ᠬᠡᠪᠴᠢᠶ᠎ᠡ ᠨᠢ ᠬᠦᠴᠦᠨ ᠦᠭᠡᠢ ᠪᠣᠯᠭᠠᠬᠤ ᠠᠴᠠ ᠡᠮᠦᠨᠡᠬᠢ ᠲᠠᠢ ᠠᠳᠠᠯᠢ ᠪᠠᠶᠢᠪᠠ᠃ 1958 ᠣᠨ ᠤ 10 ᠳ᠋ᠤᠭᠠᠷ | ᠰᠠᠷ᠎ᠠ ᠳᠤ᠂ ᠲᠦᠩᠯᠢᠶᠣᠣ ᠰᠢᠶᠠᠨ ᠤ ᠪᠠᠶᠢᠭᠤᠯᠤᠮᠵᠢ ᠶᠢᠨ ᠳᠦᠷᠢᠮ ᠢ ᠬᠠᠰᠤᠵᠤ᠂ ᠲᠦᠩᠯᠢᠶᠣᠣ ᠬᠤᠳᠠ ᠳᠤ | ᠨᠡᠶᠢᠯᠡᠭᠦᠯᠦᠨ ᠣᠷᠣᠭᠤᠯᠪᠠ᠃ | 1964 ᠣᠨ ᠤ 12 ᠳ᠋ᠤᠭᠠᠷ ᠰᠠᠷ᠎ᠠ ᠳᠤ᠂ ᠲᠦᠩᠯᠢᠶᠣᠣ ᠰᠢᠶᠠᠨ ᠤ ᠪᠠᠶᠢᠭᠤᠯᠤᠮᠵᠢ ᠶᠢᠨ ᠳᠦᠷᠢᠮ ᠢ | ᠰᠡᠷᠭᠦᠭᠡᠵᠦ᠂ ᠤᠤᠯ ᠤᠨ ᠲᠦᠩᠯᠢᠶᠣᠣ ᠬᠤᠳᠠ ᠠᠴᠠ ᠰᠠᠯᠭᠠᠪᠠ᠃ 1965 ᠣᠨ ᠤ 10 ᠳ᠋ᠤᠭᠠᠷ ᠰᠠᠷ᠎ᠠ ᠳᠤ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠬᠥᠯᠥᠨ ᠪᠤᠶᠢᠷ ᠠᠶᠢᠮᠠᠭ ᠠᠴᠠ ᠵᠢᠷᠢᠮ ᠠᠶᠢᠮᠠᠭ ᠲᠤ | ᠬᠠᠷᠢᠶᠠᠯᠠᠭᠤᠯᠪᠠ᠃ 1969 ᠣᠨ ᠤ 7 ᠳ᠋ᠤᠭᠠᠷ ᠰᠠᠷ᠎ᠠ ᠳᠤ᠂ ᠵᠢᠷᠢᠮ ᠠᠶᠢᠮᠠᠭ ᠢ ᠬᠢᠷᠢᠨ ᠮᠤᠵᠢ ᠳᠤ | ᠬᠠᠷᠢᠶᠠᠯᠠᠭᠤᠯᠪᠠ᠃ | 1979 ᠣᠨ ᠤ 7 ᠳ᠋ᠤᠭᠠᠷ ᠰᠠᠷ᠎ᠠ ᠳᠤ᠂ ᠵᠢᠷᠢᠮ ᠠᠶᠢᠮᠠᠭ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠪᠤᠴᠠᠪᠠ᠃ 1980 ᠣᠨ ᠤ 7 ᠳ᠋ᠤᠭᠠᠷ ᠰᠠᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ ᠶᠢ ᠬᠢᠩᠭᠠᠨ ᠠᠶᠢᠮᠠᠭ ᠲᠤ ᠬᠠᠷᠢᠶᠠᠯᠠᠭᠤᠯᠪᠠ᠃ 1985 ᠣᠨ ᠤ 11 ᠳ᠋ᠦ᠋ᠭᠡᠷ ᠰᠠᠷ᠎ᠠ ᠳᠤ᠂ ᠬᠤᠥᠯᠢᠨ | ᠭᠤᠣᠯ ᠬᠤᠲᠠ ᠪᠠᠶᠢᠭᠤᠯᠤᠭᠳᠠᠪᠠ᠃ 1986 ᠣᠨ ᠤ 7 ᠳ᠋ᠤᠭᠠᠷ ᠰᠠᠷ᠎ᠠ ᠳᠤ᠂ ᠲᠦᠩᠯᠢᠶᠣᠣ ᠰᠢᠶᠠᠨ ᠤ | ᠪᠠᠶᠢᠭᠤᠯᠤᠮᠵᠢ ᠶᠢᠨ ᠳᠦᠷᠢᠮ ᠢ ᠬᠦᠴᠦᠨ ᠦᠭᠡᠢ ᠪᠣᠯᠭᠠᠵᠤ᠂ ᠲᠦᠩᠯᠢᠶᠣᠣ ᠬᠤᠳᠠ ᠳᠤ ᠨᠡᠶᠢᠯᠡᠭᠦᠯᠦᠨ ᠣᠷᠣᠭᠤᠯᠪᠠ᠃ | | 1998 ᠣᠨ ᠳᠤ᠂ ᠵᠢᠷᠢᠮ ᠠᠶᠢᠮᠠᠭ ᠲᠤ ᠲᠦᠩᠯᠢᠶᠣᠣ ᠬᠤᠲᠠ᠂ ᠬᠤᠣᠯᠢᠨ ᠭᠤᠣᠯ ᠬᠤᠲᠠ᠂ ᠺᠠᠶᠢᠯᠤ | ᠰᠢᠶᠠᠨ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ | ᠨᠠᠶᠢᠮᠠᠨ ᠬᠤᠰᠢᠭᠤ᠂ ᠬᠦᠷᠢᠶ᠎ᠡ ᠬᠤᠰᠢᠭᠤ᠂ ᠵᠠᠷᠤᠳ ᠬᠤᠰᠢᠭᠤ ᠬᠠᠷᠢᠶᠠᠯᠠᠭᠳᠠᠪᠠ᠃ 1999 ᠣᠨ ᠤ 1 ᠳ᠋ᠦ᠋ᠭᠡᠷ | ᠰᠠᠷ᠎ᠠ ᠶᠢᠨ 13 ᠳᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ | ᠬᠤᠷᠢᠶᠠᠨ ᠤ ᠲᠥᠷᠥ ᠵᠠᠬᠢᠳᠠᠯ ︹1999︺ 5 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠢᠮ ᠠᠶᠢᠮᠠᠭ ᠢ ᠬᠦᠴᠦᠨ ᠦᠭᠡᠢ ᠪᠣᠯᠭᠠᠵᠤ ᠲᠤᠰᠬᠠᠢ ᠣᠷᠣᠨ ᠤ | ᠲᠠᠰ ᠤᠨ ᠲᠦᠩᠯᠢᠶᠣᠣ ᠬᠤᠲᠠ ᠶᠢ ᠪᠠᠶᠢᠭᠤᠯᠬᠤ ᠶᠢ ᠵᠥᠪᠰᠢᠶᠡᠷᠡᠬᠦ ᠲᠤᠬᠠᠢ ᠴᠣᠬᠤᠯᠠᠪᠤᠷᠢ︾ ᠭᠠᠷᠭᠠᠵᠤ᠂ ᠵᠢᠷᠢᠮ | ᠠᠶᠢᠮᠠᠭ ᠪᠠ ᠰᠢᠶᠠᠨ ᠤ ᠱᠠᠲᠤᠨ ᠤ ᠲᠦᠩᠯᠢᠶᠣᠣ ᠬᠤᠲᠠ ᠶᠢ ᠬᠦᠴᠦᠨ ᠦᠭᠡᠢ ᠪᠣᠯᠭᠠᠵᠤ᠂ ᠲᠤᠰᠬᠠᠢ ᠣᠷᠣᠨ ᠤ | ᠲᠠᠰ ᠤᠨ ᠲᠦᠩᠯᠢᠶᠣᠣ ᠬᠤᠲᠠ ᠶᠢ ᠪᠠᠶᠢᠭᠤᠯᠪᠠ᠃ ᠬᠤᠲᠠ ᠶᠢᠨ ᠵᠠᠰᠠᠭ ᠤᠨ ᠣᠷᠳᠣᠨ ᠤ ᠰᠠᠭᠤᠵᠤ ᠪᠠᠶᠢᠭ᠎ᠠ | ᠬᠤᠷᠴᠢᠨ ᠲᠣᠭᠤᠷᠢᠭ ᠪᠣᠯ ᠪᠥᠬᠦ ᠬᠤᠲᠠ ᠶᠢᠨ ᠤᠯᠤᠰ ᠲᠥᠷᠥ᠂ ᠠᠵᠤ ᠠᠬᠤᠢ᠂ ᠰᠣᠶᠣᠯ ᠤᠨ ᠲᠥᠪ ᠪᠣᠯᠣᠨ᠎ᠠ᠃ | ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ |