︽ᠮᠤᠷᠠᠯ ᠢᠶᠠᠷ ᠬᠦᠮᠦᠨ ᠢ ᠬᠦᠮᠦᠵᠢᠬᠦᠯᠬᠦ︾ ᠤᠨᠤᠯ ᠤᠨ ᠲᠦᠷᠪᠡᠨ ᠲᠠᠯ᠎ᠠ ᠶᠢᠨ ᠠᠭᠤᠯᠤᠭᠳᠠᠬᠤᠨ
ᠨᠡᠶᠢᠲᠡᠯᠡᠭᠰᠡᠨ ᠴᠠᠭ᠄
2023/3/17
  ︽ᠮᠤᠷᠠᠯ ᠢᠶᠠᠷ ᠬᠦᠮᠦᠨ ᠢ ᠬᠦᠮᠦᠵᠢᠬᠦᠯᠬᠦ︾ ᠤᠨᠤᠯ ᠳᠤ ᠳᠤᠤᠷᠠᠬᠢ ᠳᠦᠷᠪᠡᠨ ᠲᠠᠯ᠎ᠠ ᠶᠢᠨ ᠬᠦᠨ ᠬᠦᠨᠵᠡᠭᠡᠢ ᠠᠭᠤᠯᠤᠭᠳᠠᠬᠤᠨ ᠲᠠᠢ᠄           1. ︽ᠮᠤᠷᠠᠯ ᠢᠶᠠᠷ ᠬᠦᠮᠦᠨ ᠢ ᠬᠦᠮᠦᠵᠢᠬᠦᠯᠬᠦ︾ ᠨᠢ ᠰᠤᠷᠭᠠᠨ ᠬᠦᠮᠦᠵᠢᠯ ᠤᠨ ᠮᠦᠨ ᠴᠢᠨᠠᠷ ᠢ ᠢᠯᠡᠷᠡᠬᠦᠯᠵᠡᠢ ᠃ ᠰᠤᠷᠭᠠᠨ ᠬᠦᠮᠦᠵᠢᠯ ᠤᠨ ᠮᠦᠨ ᠴᠢᠨᠠᠷ ᠪᠤᠯ ᠬᠦᠮᠦᠨ ᠢ ᠬᠦᠮᠦᠵᠢᠬᠦᠯᠬᠦ ᠪᠤᠯᠤᠨ᠎ᠠ᠃ ︽ᠮᠤᠷᠠᠯ ᠢᠶᠠᠷ ᠬᠦᠮᠦᠨ ᠢ ᠬᠦᠮᠦᠵᠢᠬᠦᠯᠬᠦ︾ ᠨᠢ ᠬᠠᠷᠢᠨ ᠰᠤᠷᠭᠠᠨ ᠬᠦᠮᠦᠵᠢᠯ ᠤᠨ ᠬᠦᠮᠦᠨ ᠢ ᠬᠦᠮᠦᠵᠢᠬᠦᠯᠬᠦ ᠮᠦᠨ ᠴᠢᠨᠠᠷ ᠤᠨ ᠳᠤᠬᠠᠢ ᠰᠢᠨ᠎ᠠ ᠲᠠᠨᠢᠯᠲᠠ ᠪᠤᠯᠬᠤ ᠶᠤᠮ᠃           2. ︽ᠮᠤᠷᠠᠯ ᠢᠶᠠᠷ ᠬᠦᠮᠦᠨ ᠢ ᠬᠦᠮᠦᠵᠢᠬᠦᠯᠬᠦ︾ ᠨᠢ ᠶᠤᠰᠤ ᠮᠤᠷᠠᠯ ᠤᠨ ᠬᠦᠮᠦᠨ ᠤ ᠪᠦᠬᠦ ᠲᠠᠯ᠎ᠠ ᠶᠢᠨ ᠬᠦᠭᠵᠢᠯᠲᠠ ᠳᠠᠬᠢ ᠤᠨᠴᠠᠭᠠᠢ ᠪᠠᠶᠢᠷᠢ ᠰᠠᠭᠤᠷᠢ ᠶᠢ ᠢᠯᠡᠷᠡᠬᠦᠯᠵᠡᠢ᠃ ᠶᠤᠰᠤ ᠮᠤᠷᠠᠯ ᠪᠤᠯ ᠬᠦᠮᠦᠨ ᠤ ᠦᠰᠦᠨ ᠪᠤᠶᠢᠵᠢᠯᠲᠠ ᠶᠢᠨ ᠲᠡᠷᠢᠬᠦᠨ ᠴᠢᠬᠤᠯᠠ ᠣᠣᠷ ᠴᠢᠨᠠᠷ ᠪᠤᠯᠬᠤ ᠪᠦᠭᠡᠳ ᠶᠤᠰᠤ ᠮᠤᠷᠠᠯ ᠢ ᠬᠦᠮᠦᠵᠢᠬᠦᠯᠬᠦ ᠪᠤᠯ ᠰᠤᠷᠭᠠᠨ ᠬᠦᠮᠦᠵᠢᠯ ᠤᠨ ᠲᠡᠷᠢᠬᠦᠨ ᠴᠢᠬᠤᠯᠠ ᠡᠬᠦᠷᠭᠡ ᠪᠤᠯᠬᠤ ᠶᠢ ᠵᠢᠭᠠᠨ ᠭᠠᠷᠭᠠᠵᠠᠢ᠃           3. ︽ᠮᠤᠷᠠᠯ ᠢᠶᠠᠷ ᠬᠦᠮᠦᠨ ᠢ ᠬᠦᠮᠦᠵᠢᠬᠦᠯᠬᠦ︾ ᠨᠢ ᠰᠤᠷᠭᠠᠨ ᠬᠦᠮᠤᠵᠢᠯ ᠤᠨ ᠵᠢᠮ᠎ᠡ ᠬᠠᠤᠯᠢ ᠶᠢ ᠢᠯᠡᠷᠡᠬᠦᠯᠵᠡᠢ᠃ ᠶᠤᠰᠤ ᠮᠤᠷᠠᠯ ᠪᠤᠯ ᠬᠦᠮᠦᠨ ᠤ ᠦᠰᠦᠨ ᠪᠤᠶᠢᠵᠢᠯᠳᠠ ᠶᠢᠨ ᠦᠨᠳᠦᠰᠦᠨ ᠪᠠᠳᠤᠯᠭ᠎ᠠ ᠪᠤᠯᠬᠤ ᠶᠢ ᠳᠤᠪᠤᠶᠢᠯᠠᠭᠠᠨ᠂ ᠶᠤᠰᠤ ᠮᠤᠷᠠᠯ ᠤᠨ ᠬᠦᠭᠵᠢᠯᠲᠠ ᠪᠠ ᠪᠦᠬᠦ ᠲᠠᠯ᠎ᠠ ᠶᠢᠨ ᠬᠦᠭᠵᠢᠯᠲᠠ ᠶᠢᠨ ᠬᠤᠪᠢᠰᠤᠩᠭᠤᠢ ᠬᠠᠷᠢᠴᠠᠭ᠎ᠠ ᠶᠢ ᠵᠢᠭᠠᠨ ᠭᠠᠷᠭᠠᠵᠠᠢ᠃           4. ︽ᠮᠤᠷᠠᠯ ᠢᠶᠠᠷ ᠬᠦᠮᠦᠨ ᠢ ᠬᠦᠮᠦᠵᠢᠬᠦᠯᠬᠦ︾ ᠪᠤᠯ ᠠᠷᠠᠳ ᠢᠷᠭᠡᠳ ᠤᠨ ᠭᠡᠪ ᠴᠢᠨᠠᠷ ᠢ ᠲᠡᠭᠡᠭᠰᠢᠯᠡᠬᠦᠯᠬᠦ ᠠᠷᠭ᠎ᠠ ᠪᠤᠳᠤᠯᠭ᠎ᠠ ᠮᠦᠨ᠃ ᠠᠷᠠᠳ ᠢᠷᠭᠡᠳ ᠤᠨ ᠬᠡᠪ ᠴᠢᠨᠠᠷ ᠢ ᠳᠡᠭᠡᠭᠰᠢᠯᠡᠬᠦᠯᠬᠦ ᠳᠤ ᠰᠤᠷᠭᠠᠨ ᠬᠦᠮᠦᠵᠢᠯ ᠵᠠᠩᠬᠢᠯᠭ᠎ᠠ ᠪᠤᠯᠳᠠᠭ ᠪᠦᠭᠡᠳ ᠤᠷᠳᠤ ᠤᠳᠠᠭᠠᠨ ᠤ ᠦᠢᠯᠡ ᠠᠵᠢᠯᠯᠠᠭ᠎ᠠ ᠪᠤᠯᠤᠨ᠎ᠠ᠃      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号