| | ᠬᠦᠨᠳᠦᠳᠦ ᠴᠠᠬᠢᠯᠭᠠᠨ ᠭᠡᠷᠡᠭᠯᠡᠭᠴᠢ ᠡᠷᠦᠬᠡ ᠳᠤ᠄ | ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠡᠷᠡᠭᠦᠯ ᠢᠶᠠᠷ ᠠᠵᠢᠯᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ | ᠲᠥᠯᠥᠭᠡ᠂ ᠮᠠᠨ ᠤ ᠺᠣᠮᠫᠠᠨᠢ ᠲᠠᠨ ᠤ ᠪᠠᠶᠢᠭ᠎ᠠ 10kV ᠶᠢᠨ ᠨᠦᠩ ᠱᠤᠭᠤᠮ ᠤᠨ 64 ᠳ᠋ᠤᠭᠡᠷ ᠨᠡᠭᠡᠭᠡᠯᠭᠡ ᠶᠢᠨ | ᠠᠷᠤ ᠬᠡᠰᠡᠭ᠂ ᠬᠡᠰᠡᠭ ᠴᠠᠬᠢᠯᠭᠠᠨ ᠲᠦᠭᠡᠭᠡᠬᠦ ᠲᠥᠬᠦᠭᠡᠷᠦᠮᠵᠢ ᠳᠤ ᠲᠥᠯᠥᠪᠯᠡᠭᠡ ᠲᠠᠢ ᠪᠠᠷ ᠪᠠᠶᠢᠴᠠᠭᠠᠨ ᠰᠡᠯᠪᠢᠬᠦ | ᠠᠵᠢᠯ ᠬᠢᠵᠦ᠂ ᠪᠠᠶᠢᠴᠠᠭᠠᠨ ᠰᠡᠯᠪᠢᠬᠦ ᠬᠤᠭᠤᠴᠠᠭᠠᠨ ᠳᠤ ᠴᠠᠬᠢᠯᠭᠠᠨ ᠬᠠᠩᠭᠠᠬᠤ ᠪᠠᠨ ᠲᠦᠷ ᠵᠣᠭᠰᠣᠬᠤ ᠪᠣᠯᠣᠨ᠎ᠠ᠂ | ᠡᠭᠦᠨ ᠠᠴᠠ ᠪᠣᠯᠤᠭᠰᠠᠨ ᠳᠥᠭᠦᠮ ᠦᠭᠡᠢ ᠪᠠᠶᠢᠳᠠᠯ ᠢ ᠠᠭᠤᠴᠢᠯᠠᠬᠤ ᠪᠣᠯᠪᠠᠤ᠃ ᠡᠳᠦᠭᠡ ᠳᠣᠣᠷᠠᠬᠢ ᠮᠡᠲᠦ | ᠮᠡᠳᠡᠭᠳᠡᠶ᠎ᠡ᠄ | ᠪᠠᠶᠢᠴᠠᠭᠠᠨ ᠵᠠᠰᠠᠬᠤ ᠳᠤ ᠨᠥᠯᠥᠭᠡᠯᠡᠬᠦ ᠬᠡᠪᠴᠢᠶ᠎ᠡ᠄ ᠥᠪᠥᠷ ᠮᠣᠩᠭᠤᠯ ᠤᠨ ᠲᠦᠩᠯᠢᠶᠣᠣ ᠬᠤᠲᠠ ᠶᠢᠨ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠶᠢᠨ ᠪᠦᠦ ᠲᠦᠨ ᠪᠠᠯᠭᠠᠰᠤᠨ ᠤ ᠮᠠᠨᠯᠢᠶᠠᠩ᠂ ᠶᠢᠨ ᠪᠦᠦ ᠲᠦᠨ | ᠣᠶ ᠰᠢᠭᠤᠢ ᠶᠢᠨ ᠲᠠᠯᠠᠪᠠᠶ ᠶᠢᠨ ᠰᠠᠭᠤᠷᠢ ᠥᠷᠲᠡᠭᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠶᠢᠨ ᠪᠦᠦ | ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ᠂ ᠰᠢᠩ ᠶᠤᠸᠠᠨ ᠠᠮᠤ ᠪᠤᠳᠠᠭ᠎ᠠ ᠬᠤᠳᠠᠯᠳᠤᠨ ᠠᠪᠴᠤ | ᠪᠣᠷᠣᠯᠠᠭᠤᠯᠬᠤ ᠬᠢᠵᠠᠭᠠᠷᠲᠤ ᠺᠣᠮᠫᠠᠨᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠶᠢᠨ ᠪᠦᠦ ᠲᠦᠨ | ᠶᠤᠸᠠᠨ ᠴᠢᠤᠸᠠᠨ ᠡᠳ᠋ ᠪᠣᠳᠠᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠭᠠᠨᠵᠤᠭ᠎ᠠ ᠠᠴᠠ ᠶᠢᠨ ᠪᠤᠤ ᠲᠦᠨ ᠬᠦᠷᠬᠦ ᠬᠤᠶᠢᠲᠤ ᠱᠤᠭᠤᠮ ᠤᠨ ᠰᠦᠢᠳᠬᠡᠯ ᠬᠤᠷᠢᠶᠠᠬᠤ | ᠥᠷᠲᠡᠭᠡ᠂ ᠦ᠋ ᠵᠢᠶᠠᠨ ᠹᠠᠩ ᠦᠬᠡᠷ ᠲᠡᠵᠢᠭᠡᠬᠦ ᠲᠠᠯᠠᠪᠠᠶ᠂ ᠦ᠋ ᠵᠢᠶᠠᠨ ᠹᠠᠩ ᠤᠨ ᠬᠤᠶᠢᠲᠤ ᠲᠠᠯ᠎ᠠ᠂ ᠰᠧ ᠭᠤᠸᠠᠨ | ᠶᠢᠩᠽᠢ ᠶᠢᠨ ᠵᠡᠭᠦᠨ ᠲᠠᠯ᠎ᠠ᠂ ᠳᠤᠪᠤᠬᠠᠶ ᠶᠢᠨ ᠦ᠋ ᠵᠢᠶᠠᠨ ᠹᠠᠩ ᠤᠨ ᠡᠮᠦᠨ᠎ᠡ ᠲᠠᠯ᠎ᠠ᠂ ᠳᠤᠪᠤᠬᠠᠶ ᠶᠢᠨ ᠪᠠᠷᠠᠭᠤᠨ | ᠲᠠᠯ᠎ᠠ᠂ ᠰᠧ ᠭᠤᠸᠠᠨ ᠶᠢᠩᠽᠢ ᠶᠢᠨ ᠪᠠᠷᠠᠭᠤᠨ ᠲᠠᠯ᠎ᠠ᠂ ᠳᠤᠪᠤᠬᠠᠶ ᠶᠢᠨ ᠵᠡᠭᠦᠨ ᠲᠠᠯ᠎ᠠ᠂ ᠳᠤᠪᠤᠬᠠᠶ ᠶᠢᠨ ᠳᠤᠮᠳᠠ | ᠭᠡᠰᠡᠭ ᠃ | ᠪᠠᠶᠢᠴᠠᠭᠠᠨ ᠰᠡᠯᠪᠢᠬᠦ ᠠᠵᠢᠯ ᠤᠨ ᠴᠠᠭ᠄ 2023 ᠣᠨ ᠤ 3 ᠰᠠᠷ᠎ᠠ ᠶᠢᠨ 27 ᠤ ᠡᠳᠦᠷ ᠤᠨ 7 ᠴᠠᠭ 00 | ᠮᠢᠨᠦ᠋ᠲ ᠠᠴᠠ 2023 ᠣᠨ ᠤ 3 ᠰᠠᠷ᠎ᠠ ᠶᠢᠨ 27 ᠤ ᠡᠳᠦᠷ ᠤᠨ 17 ᠴᠠᠭ 00 ᠮᠢᠨᠦ᠋ᠲ ᠪᠣᠯᠲᠠᠯ᠎ᠠ | ᠪᠢᠳᠡ ᠪᠠᠷᠢᠯᠭ᠎ᠠ ᠶᠢᠨ ᠠᠵᠢᠯ ᠤᠨ ᠬᠦᠴᠦᠨ ᠢ ᠭᠦᠢᠴᠡᠳ ᠲᠣᠬᠢᠷᠠᠭᠤᠯᠵᠤ᠂ ᠠᠵᠢᠯ ᠤᠨ ᠡᠭᠦᠷᠭᠡ ᠪᠠᠨ ᠴᠠᠭ | ᠲᠤᠬᠠᠢ ᠳᠤᠨᠢ ᠪᠡᠶᠡᠯᠡᠭᠦᠯᠬᠦ ᠶᠢᠨ ᠬᠠᠮᠲᠤ ᠴᠠᠬᠢᠯᠭᠠᠨ ᠬᠠᠩᠭᠠᠯᠭ᠎ᠠ ᠶᠢ ᠠᠯᠢ ᠲᠦᠷᠭᠡᠨ ᠢᠶᠠᠷ ᠰᠡᠷᠭᠦᠭᠡᠬᠦ ᠪᠠᠷ ᠴᠢᠷᠮᠠᠶᠢᠨ᠎ᠠ᠂ | ᠲᠠ ᠪᠠᠴᠢᠮ ᠪᠠᠶᠢᠳᠠᠯ ᠢ ᠠᠷᠭᠠᠴᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠪᠣᠯᠪᠠᠤ᠃ | ᠳᠣᠲᠣᠨᠣ ᠰᠠᠨᠠᠭᠤᠯᠤᠮᠵᠢ᠄ | 1. ᠪᠠᠶᠢᠴᠠᠭᠠᠨ ᠰᠡᠯᠪᠢᠬᠦ ᠠᠵᠢᠯ ᠤᠨ ᠬᠤᠭᠤᠴᠠᠭᠠᠨ ᠳᠤ᠂ ᠤᠷᠢᠳᠴᠢᠯᠠᠨ ᠴᠠᠬᠢᠯᠭᠠᠨ ᠬᠦᠷᠭᠡᠬᠦ ᠪᠣᠯᠣᠯᠴᠠᠭ᠎ᠠ ᠲᠠᠢ᠂ | ᠴᠠᠭ ᠠᠭᠤᠷ ᠤᠨ ᠰᠢᠯᠲᠠᠭᠠᠨ ᠪᠤᠶᠤ ᠣᠨᠴᠠᠭᠠᠶ ᠪᠠᠶᠢᠳᠠᠯ ᠲᠣᠬᠢᠶᠠᠯᠳᠤᠪᠠᠯ ᠬᠤᠶᠢᠰᠢᠯᠠᠭᠤᠯᠬᠤ ᠪᠤᠶᠤ ᠬᠦᠴᠦᠨ ᠦᠭᠡᠢ | ᠪᠣᠯᠭᠠᠵᠤ ᠮᠡᠳᠡᠨ᠎ᠡ᠃ | 2. ᠮᠠᠨ ᠤ ᠠᠵᠢᠯ ᠢ ᠳᠡᠮᠵᠢᠨ ᠬᠠᠪᠰᠤᠷᠤᠭᠰᠠᠭᠠᠷ ᠢᠷᠡᠭᠰᠡᠨ ᠳᠤ ᠴᠢᠨᠢ ᠲᠠᠯᠠᠷᠬᠠᠵᠤ ᠪᠠᠶᠢᠨ᠎ᠠ᠂ ᠪᠢᠳᠡ | ᠪᠠᠶᠢᠴᠠᠭᠠᠨ ᠰᠡᠯᠪᠢᠬᠦ ᠠᠵᠢᠯ ᠤᠨ ᠲᠠᠨ ᠤ ᠦᠢᠯᠡᠳᠪᠦᠷᠢᠯᠡᠯ᠂ ᠠᠮᠢᠳᠤᠷᠠᠯ ᠳᠤ ᠶᠠᠷᠰᠢᠭ ᠲᠦᠪᠡᠭ | ᠤᠴᠠᠷᠠᠭᠤᠯᠤᠭᠰᠠᠨ ᠳᠤ ᠭᠦᠨ ᠣᠰᠣᠯ ᠬᠦᠯᠢᠶᠡᠵᠦ ᠪᠠᠶᠢᠨ᠎ᠠ᠂ ᠣᠶᠢᠯᠠᠭᠠᠵᠤ ᠳᠡᠮᠵᠢᠬᠦ ᠶᠢ ᠬᠦᠰᠡᠵᠦ ᠪᠠᠶᠢᠨ᠎ᠠ᠃ | 3. ᠬᠡᠷᠪᠡ ᠴᠠᠬᠢᠯᠭᠠᠨ ᠭᠡᠷᠡᠭᠯᠡᠬᠦ ᠲᠠᠯ᠎ᠠ ᠶᠢᠨ ᠠᠰᠠᠭᠤᠳᠠᠯ ᠲᠠᠢ ᠪᠣᠯ᠂ 24 ᠴᠠᠭ ᠢᠶᠠᠷ ᠴᠠᠬᠢᠯᠭᠠᠨ ᠬᠦᠴᠦᠨ ᠤ | ᠢᠯᠡᠴᠢᠯᠡᠨ ᠮᠡᠳᠡᠬᠦᠯᠬᠦ ᠬᠢᠨᠠᠯᠲᠠ ᠲᠠᠯᠪᠢᠬᠤ ᠦᠢᠡᠯᠴᠢᠯᠡᠬᠦ ᠤᠲᠠᠰᠤ ᠳᠤ ᠤᠳᠠᠰᠤᠳᠠᠭᠠᠷᠠᠢ ᠄ 5595598᠃ | ᠤᠯᠤᠰ ᠤᠨ ᠴᠠᠬᠢᠯᠭᠠᠨ ᠲᠣᠣᠷ ᠤᠨ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ | | 2023 ᠣᠨ ᠤ 3 ᠰᠠᠷ᠎ᠠ ᠶᠢᠨ 19 |